ᠵᠡᠭᠦᠨ ᠳᠥᠷᠥᠯᠵᠢ ᠪᠠᠯᠭᠠᠰᠤ᠄ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠠᠬᠢ ︽ᠰᠡᠳᠭᠢᠯ ᠢ ᠬᠤᠯᠪᠣᠬᠤ ᠵᠠᠮ︾
ᠨᠡᠶᠢᠲᠡᠯᠡᠭᠰᠡᠨ ᠴᠠᠭ᠄
2024/6/12
   ︽ᠡᠨᠡ ᠵᠢᠯ ᠤᠨ ᠳᠡᠭᠡᠷ᠎ᠡ ᠬᠠᠭᠠᠰ ᠵᠢᠯ ᠮᠠᠨ ᠤ ᠲᠣᠰᠬᠤᠨ ᠳᠤ ᠶᠡᠭᠡ ᠰᠠᠶᠢᠨ ᠤᠴᠢᠷ ᠲᠠᠭᠠᠷᠠᠵᠠᠢ᠂ ᠮᠠᠨ ᠤ ᠲᠣᠰᠬᠤᠨ ᠤ ᠬᠥᠮᠦᠰ ᠪᠦᠷ ᠲᠤᠩ ᠪᠠᠶᠠᠷᠯᠠᠵᠤ ᠪᠠᠶᠢᠨ᠎ᠠ᠂ ᠤᠴᠢᠷ ᠨᠢ ᠮᠠᠨ ᠤ ᠭᠡᠷ ᠤᠨ ᠡᠭᠦᠳᠡᠨ ᠳᠤ ᠤᠳᠠᠯ ᠦᠭᠡᠢ ᠰᠢᠨ᠎ᠡ ᠴᠠᠷᠳᠠᠮᠠᠯ ᠵᠠᠮ ᠲᠠᠢ ᠪᠣᠯᠤᠨ᠎ᠠ︾ ᠭᠡᠵᠦ ᠵᠡᠭᠦᠨ ᠲᠦᠷᠦᠯᠵᠢ ᠪᠠᠯᠭᠠᠰᠤᠨ ᠤ ᠪᠤᠤ ᠠᠨ ᠲᠣᠰᠬᠤᠨ ᠤ ᠠᠷᠠᠳ ᠬᠤᠩ ᠯᠢ ᠴᠧᠩ ᠨᠠᠶᠢᠵᠠ ᠲᠠᠢ ᠪᠠᠨ ᠸᠢᠴᠠᠲ ᠶᠠᠷᠢᠵᠤ ᠪᠠᠶᠢᠯ᠎ᠠ᠃    ᠤᠢᠢᠷ᠎ᠠ ᠶᠢᠨ ᠵᠢᠯ ᠠᠴᠠ᠂ ᠵᠡᠭᠦᠨ ᠲᠦᠷᠦᠯᠵᠢ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠢᠳᠡᠪᠬᠢᠲᠡᠢ ᠪᠠᠷ ᠳᠡᠭᠡᠭᠰᠢ ᠵᠣᠬᠢᠴᠠᠭᠤᠯᠤᠨ ᠪᠡᠯᠡ ᠮᠥᠩᠭᠦ ᠣᠯᠵᠤ᠂ ᠦᠨᠳᠦᠰᠦᠨ ᠱᠠᠲᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠲᠠᠷᠢᠶᠠᠴᠢᠨ ᠡᠷᠦᠬᠡ ᠶᠢᠨ ᠶᠠᠪᠤᠵᠤ ᠰᠠᠭᠤᠬᠤ ᠳᠤ ᠲᠦᠬᠦᠮ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠰᠢᠨ ᠰᠠᠭᠤᠵᠤ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃
   ︽ᠲᠤᠰ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠲᠦᠷᠦᠯ ᠵᠦᠢᠯ ᠤᠨ ᠠᠭᠤᠯᠭ᠎ᠠ ᠨᠢ ᠭᠤᠣᠯᠳᠠᠭᠤ ᠪᠤᠤ ᠠᠨ ᠲᠣᠰᠬᠤᠨ ᠳᠤ ᠨᠡᠪᠲᠡᠷᠡᠬᠦ ᠵᠠᠮ 1330 ᠮᠧᠲᠷ ᠤᠷᠳᠤ᠂ 4.5 ᠮᠧᠲᠷ ᠥᠷᠭᠡᠨ ᠱᠦᠢᠨᠢ ᠵᠠᠮ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠵᠤ᠂ ᠪᠠᠷᠤᠭᠰᠢᠨ ᠵᠠᠮ ᠳᠡᠪᠢᠰᠦᠨ᠎ᠡ᠃ ᠪᠡᠯᠡ ᠮᠥᠩᠭᠦ ᠶᠢᠨ ᠢᠷᠡᠯᠲᠡ ᠨᠢ ᠭᠤᠣᠯᠳᠠᠭᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠪᠣᠯᠤᠨ᠎ᠠ᠃ ᠲᠥᠷᠥᠯ ᠵᠦᠶᠯ  ᠤᠨ ᠭᠠᠷᠳᠠᠮ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠵᠢᠷᠤᠵᠤ ᠲᠥᠯᠥᠪᠯᠡᠬᠦ᠂ ᠰᠤᠳᠤᠯᠵᠤ ᠪᠣᠯᠬᠤᠶᠢᠴᠠ᠂ ᠲᠥᠷᠥᠯ ᠵᠦᠶᠯ ᠲᠣᠭᠲᠠᠭᠠᠬᠤ᠂ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠴᠠ ᠣᠲᠣ ᠪᠣᠯᠲᠠᠯ᠎ᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠠᠭᠠᠷᠠᠯᠲᠠᠶ ᠪᠥᠭᠡᠳ ᠡᠮᠬᠢ ᠵᠢᠷᠤᠮ  ᠲᠠᠢ ᠶᠠᠪᠤᠭᠳᠠᠵᠤ ᠪᠠᠶᠢᠨ᠎ᠠ᠃ ᠣᠳᠣᠬᠠᠨ ᠳᠤ ᠲᠥᠷᠥᠯ ᠵᠦᠶᠯ ᠪᠦᠬᠦᠨ ᠢᠶᠠᠷ ᠢᠶᠠᠨ ᠳᠠᠭᠤᠰᠪᠠ᠃︾ ᠭᠡᠵᠦ ᠵᠡᠭᠦᠨ ᠲᠦᠷᠦᠯᠵᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠡᠷᠬᠢᠯᠡᠭᠴᠢ ᠸᠠᠩ ᠬᠤᠸᠠᠨ ᠲᠠᠨᠢᠯᠴᠠᠭᠤᠯᠪᠠ᠃
   ᠪᠤᠤ ᠠᠨ ᠲᠣᠰᠬᠤᠨ ᠤ ᠵᠡᠭᠡᠯᠢ ᠭᠤᠳᠤᠮᠵᠢ ᠶᠢᠨ ᠵᠠᠮ ᠤᠨ ᠭᠠᠳᠠᠷᠭᠤ ᠶᠢ ᠬᠠᠲᠠᠭᠤᠷᠠᠭᠤᠯᠬᠤ ᠥᠭᠡᠷᠡᠴᠢᠯᠡᠯᠲᠡ  ᠶᠢ ᠪᠡᠶᠡᠯᠡᠭᠦᠯᠦᠭᠰᠡᠨ ᠤ ᠳᠠᠷᠠᠭ᠎ᠠ᠂ ᠵᠡᠭᠡᠯᠢ ᠭᠤᠳᠤᠮᠵᠢ ᠶᠢᠨ ᠬᠠᠭᠤᠴᠢᠨ ᠳᠦᠷᠰᠦ ᠪᠠᠶᠢᠳᠠᠯ ᠢ ᠰᠢᠨ᠎ᠡ ᠪᠠᠷ ᠬᠤᠪᠢᠷᠠᠭᠤᠯᠵᠤ᠂ ᠲᠣᠰᠬᠤᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠨᠠᠩ ᠲᠥᠬᠦᠮ ᠪᠣᠯᠭᠠᠪᠠ᠃    ︽ᠵᠠᠮ ᠤᠨ ᠭᠠᠳᠠᠷᠭᠤ ᠶᠢ ᠬᠠᠲᠠᠭᠤᠷᠠᠭᠤᠯᠤᠭᠰᠠᠨ ᠤ ᠳᠠᠷᠠᠭ᠎ᠠ᠂ ᠮᠠᠨ ᠤ ᠲᠣᠰᠬᠤᠨ ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ ᠭᠠᠷᠴᠤ᠂ ᠲᠣᠰᠬᠤᠨ ᠤ ︿ᠬᠤᠶᠠᠷ ᠵᠥᠪᠯᠡᠯ﹀ ᠴᠦ ᠡᠳᠦᠷ ᠲᠤᠲᠤᠮ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠪᠠᠲᠤᠯᠠᠭ᠎ᠠ ᠬᠠᠩᠭᠠᠬᠤ ᠪᠣᠯᠤᠨ᠎ᠠ᠃︾ ᠭᠡᠵᠦ ᠪᠤᠤ ᠠᠨ ᠲᠣᠰᠬᠤᠨ  ᠤ ᠨᠠᠮ ᠤᠨ ᠡᠭᠦᠷ ᠤᠨ ᠱᠦᠵᠢ ᠰᠢᠩ ᠸᠧᠨ ᠵᠢᠶᠦ᠋ᠨ ᠢᠯᠡᠳᠬᠡᠪᠡ᠃    ᠲᠠᠷᠠᠭᠠᠴᠢ ᠶᠢᠨ ᠠᠯᠬᠤᠮ ᠳᠤ᠂ ᠵᠡᠭᠦᠨ ᠳᠥᠷᠥᠯᠵᠢ ᠪᠠᠯᠭᠠᠰᠤ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠪᠤᠳᠤᠵᠦ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠴᠥᠬᠦᠷᠡᠰᠢ ᠦᠭᠡᠢ ᠨᠡᠮᠡᠭᠳᠡᠭᠦᠯᠵᠦ᠂ ᠤᠰᠤᠨ ᠬᠦᠪᠡᠭᠡᠨ ᠶᠢᠨ ᠵᠢᠵᠢᠭ ᠪᠠᠯᠭᠠᠰᠤ ᠳᠥᠷᠥᠯᠵᠢ ᠶᠢᠨ ᠬᠥᠭᠵᠢᠯᠲᠡ ᠶᠢ ᠨᠡᠩ ᠬᠠᠯᠠᠭᠤᠨ ᠳᠤᠯᠠᠭᠠᠨ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯ ᠢ ᠨᠡᠩ ᠦᠨᠡᠨ ᠪᠣᠳᠠᠲᠠᠢ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号