ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠦ ᠵᠠᠬᠢᠶᠠᠯᠠᠭ᠎ᠠ ᠶᠢᠨ ᠲᠠᠷᠢᠶᠠᠯᠠᠩ ᠣᠷᠣᠯᠭ᠎ᠠ ᠢ ᠲᠣᠭᠲᠠᠭᠤᠨ ᠨᠠᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/6/12
   ︽ᠰᠣᠨᠣᠰᠤᠯᠲᠠ ᠪᠠᠷ ᠥᠨᠥᠳᠦᠷ ᠭᠤᠸᠠ ᠶᠢᠨ ᠴᠢᠬᠢ ᠢᠷᠡᠪᠡ᠂ ᠪᠢ ᠠᠯᠢ ᠡᠷᠲᠡ ᠲᠣᠰᠬᠤᠨ ᠳᠤ ᠢᠷᠡᠪᠡ……︾ ᠰᠢᠤᠸᠠᠢ ᠲᠢᠶᠠᠨ ᠰᠢᠶᠠᠩ ᠤᠨ ᠲᠠᠢ ᠫᠢᠩ ᠵᠤᠸᠠᠩ ᠲᠣᠰᠬᠤᠨ ᠳᠤ ᠣᠷᠣᠬᠤ ᠳᠤ᠂ ᠴᠠᠬᠢᠯᠭᠠᠨ ᠬᠥᠳᠡᠯᠭᠡᠭᠦᠷᠲᠦ ᠲᠡᠷᠭᠡ ᠨᠦᠭᠦᠳ ᠲᠠᠰᠤᠷᠠᠭ᠎ᠠ ᠦᠭᠡᠢ ᠴᠤᠪᠤᠷᠠᠵᠤ᠂ ᠲᠣᠰᠬᠤᠨ ᠤ ︽ᠬᠤᠶᠠᠷ ᠵᠥᠪᠯᠡᠯ︾ ᠶᠠᠭ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠣᠣᠷ ᠤᠨ ᠠᠷᠳᠤ ᠭᠤᠸᠠ ᠶᠢᠨ ᠴᠢᠬᠢ ᠶᠢ ᠡᠮᠬᠢ ᠵᠢᠷᠤᠮ ᠲᠠᠢ ᠪᠠᠷ ᠬᠤᠪᠢᠶᠠᠷᠢᠯᠠᠵᠦ ᠪᠠᠶᠢᠨ᠎ᠠ᠃ ᠤᠢᠢᠷ᠎ᠠ ᠶᠢᠨ ᠵᠢᠯ ᠠᠴᠠ᠂ ᠰᠢᠤᠸᠠᠢ ᠲᠢᠶᠠᠨ ᠰᠢᠶᠠᠩ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ  ᠶᠢ ᠠᠬᠢᠭᠤᠯᠬᠤ ᠪᠠᠷ ᠵᠣᠷᠢᠯᠲᠠ ᠪᠣᠯᠭᠠᠵᠤ᠂ ︽ᠪᠠᠭ᠎ᠠ ᠬᠦᠷᠢᠶ᠎ᠡ᠂ ᠶᠡᠭᠡ ᠬᠡᠪᠴᠢᠶ᠎ᠡ᠂ ᠳᠣᠣᠷ᠎ᠠ ᠥᠪᠡᠷ ᠤᠨ ᠦᠷᠳᠡᠭ᠂ ᠥᠨᠳᠥᠷ ᠣᠷᠣᠯᠭ᠎ᠠ︾ ᠶᠢᠨ ᠰᠡᠳᠬᠢᠴᠡ ᠶᠣᠰᠣᠭᠠᠷ᠂ ᠲᠣᠰᠬᠤᠨ ᠤ ᠠᠷᠠᠳ ᠤᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠣᠣᠷ ᠤᠨ ᠠᠷᠳᠤ ᠭᠤᠸᠠ ᠲᠠᠷᠢᠬᠤ ᠶᠢ ᠵᠣᠷᠢᠭᠵᠢᠭᠤᠯᠵᠤ᠂ ᠪᠡᠯᠡ ᠣᠷᠣᠭᠤᠯᠤᠯᠲᠠ ᠪᠠᠭ᠎ᠠ᠂ ᠦᠷ᠎ᠡ ᠠᠰᠢᠭ ᠤᠯᠬᠤ ᠨᠢ ᠲᠦᠷᠭᠡᠨ ᠤᠨᠴᠠᠯᠢᠬᠳᠤ ᠣᠷᠣᠯᠭ᠎ᠠ ᠶᠢ ᠨᠡᠮᠡᠭᠳᠡᠭᠦᠯᠬᠦ ᠵᠠᠮ ᠢᠶᠠᠷ ᠵᠠᠮᠨᠠᠪᠠ᠃
   ᠵᠠᠬᠢᠶᠠᠯᠠᠭ᠎ᠠ ᠪᠠᠷ ᠳᠠᠷᠢᠵᠤ᠂ ᠲᠠᠷᠢᠶᠠᠯᠠᠩ ᠢ ᠬᠤᠯᠪᠣᠬᠤ ᠰᠢᠨ᠎ᠡ ᠲᠣᠭᠲᠠᠴᠠ ᠶᠢ ᠲᠣᠳᠣᠷᠬᠠᠶᠢᠯᠠᠪᠠ᠃ 2024 ᠣᠨ ᠳᠤ ᠰᠢᠤᠸᠠᠢ ᠲᠢᠶᠠᠨ ᠰᠢᠶᠠᠩ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢ ᠢᠳᠡᠪᠬᠢᠲᠡᠶ ᠬᠥᠭᠵᠢᠭᠦᠯᠵᠦ᠂ ᠯᠢ ᠮᠢᠨ ᠲᠣᠰᠬᠤᠨ᠂ ᠲᠠᠢ ᠫᠢᠩ ᠵᠤᠸᠠᠩ ᠲᠣᠰᠬᠤᠨ᠂ ᠳ᠋ᠠ ᠪᠤᠤ ᠲᠣᠰᠬᠤᠨ ᠤ ᠬᠠᠮᠲᠤ ᠶᠢᠨ ᠬᠤᠷᠰᠢᠶ᠎ᠠ ᠶᠢ ᠵᠣᠬᠢᠶᠠᠨ ᠪᠠᠶᠢᠭᠤᠯᠵᠤ ᠱᠠᠩᠬᠠᠶ ᠶᠢᠨ ᠱᠢ ᠴᠤᠸᠠᠩ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠵᠠᠬᠢᠶᠠᠯᠠᠭ᠎ᠠ ᠶᠢᠨ ᠬᠡᠯᠡᠯᠴᠡᠭᠡᠷ ᠲᠣᠭᠲᠠᠵᠤ᠂ ︽ᠨᠢᠭᠡᠳᠦᠯᠲᠡᠶ ᠴᠢᠬᠢ ᠪᠣᠶᠢᠵᠢᠭᠤᠯᠬᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠬᠠᠮᠢᠶᠠᠷᠤᠨ ᠬᠠᠮᠠᠭᠠᠯᠠᠬᠤ᠂ ᠨᠢᠭᠡᠳᠦᠯᠲᠡᠶ ᠬᠤᠷᠢᠶᠠᠨ ᠠᠪᠬᠤ︾ ︽ᠳᠥᠷᠪᠡᠨ ᠨᠢᠭᠡᠳᠦᠯᠲᠡᠶ︾ ᠵᠠᠭᠪᠤᠷ ᠢ ᠬᠡᠷᠡᠭᠯᠡᠨ ᠲᠠᠷᠢᠶᠠᠴᠢᠨ ᠡᠷᠦᠬᠡ ᠳᠤ ᠪᠥᠬᠦ ᠶᠠᠪᠤᠴᠠ ᠶᠢᠨ ᠦᠶᠯᠡᠴᠢᠯᠡᠭᠡ ᠬᠠᠩᠭᠠᠵᠤ᠂ 2.5 ᠲᠥᠭᠦᠷᠢᠭ / ᠵᠢᠩ ᠤᠨ ᠲᠤᠤᠷ ᠤᠨ ᠠᠷᠲᠤ ᠬᠡᠮᠬᠡ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠲᠠᠷᠢᠶᠠᠴᠢᠨ ᠡᠷᠦᠬᠡ ᠶᠢᠨ ᠬᠦᠷᠢᠶᠡᠨ ᠤ ᠳᠠᠷᠢᠭᠰᠠᠨ ᠲᠤᠤᠷ ᠤᠨ ᠠᠷᠲᠤ ᠬᠡᠮᠬᠡ ᠶᠢ ᠵᠠᠬ᠎ᠠ ᠳᠡᠯᠭᠡᠭᠦᠷ ᠤᠨ ᠦᠨ᠎ᠡ ᠠᠴᠠ ᠳᠣᠤᠷ᠎ᠠ ᠥᠬᠡᠶ ᠬᠤᠷᠢᠶᠠᠨ ᠠᠪᠴᠤ᠂ ᠲᠠᠷᠢᠶᠠᠴᠢᠨ ᠡᠷᠦᠬᠡ ᠶᠢᠨ ᠬᠦᠶᠲᠡᠨ ᠰᠠᠷᠠᠪᠴᠢ ᠪᠠᠷ ᠳᠠᠷᠢᠬᠤ ᠠᠶᠤᠯ ᠲᠦᠭᠰᠢᠭᠦᠷᠢ ᠶᠢ ᠪᠠᠭᠤᠷᠠᠭᠤᠯᠬᠤ᠃ ᠵᠠᠬᠢᠶᠠᠯᠠᠭ᠎ᠠ ᠶᠢᠨ ᠬᠠᠭᠤᠳᠠᠰᠤ ᠪᠠᠷ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢ ᠬᠤᠯᠪᠣᠬᠤ ᠪᠠᠷ ᠳᠠᠮᠵᠢᠭᠤᠯᠤᠨ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃
   ᠮᠥᠷᠳᠡᠨ ᠵᠢᠯᠣᠭᠤᠳᠴᠤ᠂ ᠨᠠᠷᠢᠨ ᠨᠢᠮᠪᠠᠶ ᠭᠤᠸᠠ ᠪᠣᠶᠢᠵᠢᠭᠤᠯᠵᠤ ᠣᠷᠣᠯᠭ᠎ᠠ ᠶᠢ ᠨᠡᠮᠡᠭᠳᠡᠭᠦᠯᠦᠨ᠎ᠡ᠃ ᠱᠠᠩᠬᠠᠢ ᠵᠢᠨ‌‍ᠱᠢ ᠴᠤᠸᠠᠩ ᠠᠵᠤ ᠠᠬᠤᠶᠢᠯᠠᠯ ᠤᠨ ᠮᠡᠷᠭᠡᠵᠢᠯᠲᠡᠨ ᠢ ᠤᠷᠢᠵᠤ ᠲᠣᠰᠬᠤᠨ ᠳᠤ ᠲᠥᠪᠯᠡᠷᠡᠭᠦᠯᠦᠨ ᠲᠠᠷᠢᠬᠤ ᠪᠣᠯᠪᠠᠰᠤᠷᠠᠯ ᠥᠷᠨᠢᠭᠦᠯᠵᠦ᠂ ᠤᠨᠤᠯ ᠤᠨ ᠰᠠᠭᠤᠷᠢ ᠠᠴᠠ ᠭᠠᠵᠠᠷ ᠲᠡᠭᠰᠢᠯᠡᠬᠦ᠂ ᠤᠰᠤᠯᠠᠬᠤ᠂ ᠰᠢᠯᠵᠢᠭᠦᠯᠦᠨ ᠵᠠᠶᠢᠯᠠᠬᠤ ᠂ ᠠᠷᠠᠴᠢᠯᠠᠨ ᠬᠠᠮᠠᠭᠠᠯᠠᠬᠤ ᠵᠡᠷᠭᠡ ᠡᠯ᠎ᠡ ᠭᠤᠭᠴᠤᠭ᠎ᠠ ᠳᠤ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠯᠭᠡᠪᠡ᠃ ᠬᠠᠮᠲᠤ ᠳᠤ ᠨᠢ ᠲᠣᠰᠬᠤᠨ ᠤ ᠱᠠᠲᠤᠨ ᠤ ᠰᠣᠩᠭᠤᠨ ᠲᠣᠮᠢᠯᠠᠭᠰᠠᠨ ᠮᠡᠷᠭᠡᠵᠢᠯᠲᠡᠨ ᠲᠠᠢ ᠲᠤᠰᠬᠠᠶ ᠮᠡᠷᠭᠡᠵᠢᠯ ᠤᠨ ᠵᠢᠯᠣᠭᠤᠳᠬᠤ ᠡᠩᠨᠡᠭᠡ ᠶᠢ ᠪᠦᠷᠢᠯᠳᠦᠭᠦᠯᠦᠨ᠎ᠡ᠃ ᠰᠢᠶᠠᠩ᠂ ᠲᠣᠰᠬᠤᠨ᠂ ᠲᠠᠷᠢᠶᠠᠯᠠᠬᠤ ᠡᠷᠦᠬᠡ ᠶᠢᠨ ᠬᠦᠷᠢᠶ᠎ᠡ ᠬᠠᠰᠢᠶᠠᠨ ᠤ ᠠᠵᠤ ᠠᠬᠤᠶ ᠮᠡᠷᠭᠡᠵᠢᠯ ᠤᠨ ᠠᠵᠢᠯ ᠤᠨ ᠬᠤᠯᠪᠤᠭ᠎ᠠ ᠢ ᠪᠠᠶᠢᠭᠤᠯᠵᠤ᠂ ᠵᠢᠯᠣᠭᠤᠳᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠬᠦ ᠬᠡᠷᠡᠭᠲᠡᠶ᠃ 2024 ᠣᠨ ᠳᠤ ᠰᠢᠤᠸᠠᠢ ᠲᠢᠶᠠᠨ ᠰᠢᠶᠠᠩ ᠤᠨ ᠰᠢᠨ᠎ᠡ ᠪᠠᠷ ᠨᠡᠮᠡᠭᠳᠡᠭᠰᠡᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠣᠤᠷᠯᠢᠭ ᠠᠷᠲᠤ ᠬᠡᠮᠬᠡ ᠳᠠᠷᠢᠬᠤ ᠲᠣᠰᠬᠤᠨ 2 ᠪᠠᠶᠢᠵᠤ᠂ ᠴᠥᠮ ᠲᠣᠰ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 75 % ᠠᠴᠠ ᠳᠡᠭᠡᠭᠰᠢ ᠳᠤ ᠬᠥᠷᠪᠡ᠃ ᠬᠦᠯᠡᠮᠵᠢ ᠪᠦᠷᠢ ᠶᠢ 120 ᠲᠡᠭᠰᠢ ᠳᠥᠷᠪᠡᠯᠵᠢᠨ ᠮᠧᠲᠷ ᠢᠶᠠᠷ ᠪᠤᠳᠤᠪᠠᠯ᠂ ᠲᠡᠭᠰᠢ ᠳᠥᠷᠪᠡᠯᠵᠢᠨ ᠮᠧᠲᠷ ᠪᠦᠷᠢ  ᠠᠴᠠ ᠳᠤᠮᠳᠠᠴᠢ ᠪᠠᠷ 8 ᠵᠢᠩ ᠭᠤᠸᠠ ᠬᠤᠷᠢᠶᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠢᠩ ᠪᠦᠷᠢ ᠳᠡᠭᠡᠨ 2.5 ᠲᠥᠭᠦᠷᠢᠭ ᠪᠠᠶᠢᠵᠤ᠂ ᠥᠪᠡᠷ ᠤᠨ ᠦᠷᠳᠡᠭ ᠶᠢ ᠭᠠᠷᠭᠠᠪᠠᠯ ᠣᠷᠣᠯᠭ᠎ᠠ ᠨᠢ ᠴᠥᠮ 2000 ᠲᠥᠭᠦᠷᠢᠭ ᠠᠴᠠ ᠳᠡᠭᠡᠭᠰᠢ ᠨᠡᠮᠡᠭᠳᠡᠵᠦ ᠪᠣᠯᠤᠨ᠎ᠠ᠂ ᠲᠣᠣᠷᠯᠢᠭ ᠠᠷ ᠲᠠᠢ ᠬᠡᠮᠬᠡ ᠶᠢᠨ ᠲᠠᠷᠢᠬᠤ ᠤᠷᠭᠤᠴᠠ ᠶᠢᠨ ᠬᠤᠭᠤᠴᠠᠭ᠎ᠠ ᠨᠢ ᠵᠢᠯ ᠪᠦᠷᠢ ᠶᠢᠨ 5 ᠰᠠᠷ᠎ᠠ ᠠᠴᠠ 8 ᠰᠠᠷ᠎ᠠ᠂ ᠵᠢᠯ ᠪᠦᠷᠢ ᠶᠢᠨ 3 ᠰᠠᠷ᠎ᠠ ᠠᠴᠠ 4 ᠰᠠᠷ᠎ᠠ᠂ 9 ᠰᠠᠷ᠎ᠠ ᠠᠴᠠ 10 ᠰᠠᠷ᠎ᠠ ᠪᠣᠯᠲᠠᠯ᠎ᠠ ᠲᠠᠷᠢᠶᠠᠴᠢᠨ ᠡᠷᠦᠭᠡ ᠤᠯᠠᠷᠢᠯ ᠵᠥᠷᠢᠭᠰᠡᠨ ᠢᠳᠡᠰᠢᠨ ᠨᠣᠭᠤᠭ᠎ᠠ ᠲᠠᠷᠢᠵᠤ᠂ ᠠᠰᠢᠭ ᠣᠷᠣᠯᠭ᠎ᠠ ᠨᠢ ᠨᠡᠩ ᠨᠡᠮᠡᠭᠳᠡᠭᠦᠯᠵᠦ ᠪᠣᠯᠤᠨ᠎ᠠ᠃
   ᠲᠥᠯᠥᠪᠵᠢᠭᠦᠯᠦᠨ ᠪᠠᠶᠢᠷᠢᠰᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠬᠡᠷᠡᠭᠵᠢᠭᠦᠯᠦᠨ᠎ᠡ᠃ ᠬᠦᠷᠢᠶ᠎ᠡ ᠬᠠᠰᠢᠶ᠎ᠠ ᠪᠠᠭ᠎ᠠ ᠪᠣᠯᠪᠠᠴᠤ ᠦᠷ᠎ᠡ ᠠᠰᠢᠭ ᠪᠠᠭ᠎ᠠ ᠪᠢᠰᠢ᠃ 2023 ᠣᠨ ᠳᠤ ᠰᠢᠤᠸᠠᠢ ᠲᠢᠶᠠᠨ ᠰᠢᠶᠠᠩ ᠯᠢ ᠮᠢᠨ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠶ ᠶᠢᠨ ᠵᠢᠱᠢᠶ᠎ᠡ ᠦᠵᠡᠭᠦᠯᠬᠦ ᠲᠣᠰᠬᠤᠨ ᠢ ᠲᠦᠷᠦᠭᠦᠯᠡᠨ ᠪᠠᠶᠢᠭᠤᠯᠪᠠ᠃ 2024 ᠣᠨ ᠳᠤ ᠵᠢᠱᠢᠶ᠎ᠡ ᠦᠵᠡᠭᠦᠯᠬᠦ ᠲᠣᠰᠬᠤᠨ ᠤ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠲᠠᠢ ᠫᠢᠩ ᠵᠤᠸᠠᠩ ᠲᠣᠰᠬᠤᠨ᠂ ᠳ᠋ᠠ ᠪᠤᠤ ᠲᠣᠰᠬᠤᠨ ᠳᠤ ᠬᠦᠶᠲᠡᠨ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠪᠡ᠃ ᠡᠭᠦᠨ ᠤ ᠬᠠᠮᠲᠤ᠂ ᠯᠢ ᠮᠢᠨ ᠲᠣᠰᠬᠤᠨ ᠦᠷᠭᠦᠯᠵᠢᠯᠡᠨ ᠳᠠᠷᠢᠵᠤ ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠢ ᠪᠠᠲᠤᠯᠠᠵᠤ᠂ ᠯᠢ ᠮᠢᠨ ᠲᠣᠰᠬᠤᠨ᠂ ᠲᠠᠢ ᠫᠢᠩ ᠵᠤᠸᠠᠩ ᠲᠣᠰᠬᠤᠨ ᠂ ᠳ᠋ᠠ ᠪᠤᠤ ᠲᠣᠰᠬᠤᠨ ᠭᠤᠷᠪᠠᠨ ᠲᠣᠰᠬᠤᠨ ᠳᠤ ᠰᠢᠤᠸᠠᠢ ᠲᠢᠶᠠᠨ ᠰᠢᠶᠠᠩ ᠤᠨ ᠬᠦᠷᠢᠶ᠎ᠡ ᠬᠠᠰᠢᠶᠠᠨ ᠤ ᠠᠵᠤ ᠠᠬᠤᠶ  ᠶᠢᠨ ᠵᠢᠱᠢᠶ᠎ᠡ ᠦᠵᠡᠭᠦᠯᠬᠦ ᠣᠷᠣᠨ ᠢ ᠪᠦᠬᠦᠯᠢ ᠴᠣᠭᠴᠠ ᠪᠠᠷ ᠪᠦᠷᠢᠯᠳᠦᠭᠦᠯᠬᠦ ᠶᠢ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ ᠰᠢᠤᠸᠠᠢ ᠲᠢᠶᠠᠨ ᠰᠢᠶᠠᠩ ᠠᠵᠤ ᠦᠶᠯᠡᠰ ᠢ ᠵᠣᠬᠢᠰᠲᠠᠶ ᠪᠠᠶᠢᠷᠢᠰᠢᠭᠤᠯᠵᠤ᠂ ᠴᠡᠭ ᠢᠶᠠᠷ ᠲᠠᠯ᠎ᠠ ᠢ ᠳᠠᠶᠢᠴᠢᠯᠠᠵᠤ᠂ ᠨᠥᠯᠥᠭᠡᠯᠡᠨ ᠳᠠᠶᠢᠴᠢᠯᠠᠵᠤ᠂ ᠪᠠᠭ᠎ᠠ ᠬᠡᠪᠴᠢᠶ᠎ᠡ ᠲᠠᠢ᠂ ᠲᠣᠮᠣ ᠬᠠᠮᠲᠤᠯᠢᠭ ᠢ ᠪᠣᠶ ᠪᠣᠯᠭᠠᠵᠤ᠂ ᠰᠢᠤᠸᠠᠢ ᠲᠢᠶᠠᠨ ᠰᠢᠶᠠᠩ ᠤᠨ ᠮᠤᠵᠢ ᠶᠢᠨ ᠵᠠᠮ 309 ᠱᠤᠭᠤᠮ ᠳᠠᠭᠠᠤ ᠶᠢᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠵᠢᠱᠢᠶ᠎ᠡ ᠦᠵᠡᠭᠦᠯᠬᠦ ᠪᠦᠰᠡ ᠶᠢ ᠪᠣᠶ ᠪᠣᠯᠭᠠᠵᠤ᠂ ᠬᠦᠷᠢᠶ᠎ᠡ ᠬᠠᠰᠢᠶᠠᠨ ᠤ ︽ᠵᠢᠵᠢᠭ ᠠᠵᠤ ᠠᠬᠤᠶ︾ ᠶᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠵᠣᠭᠤᠰᠣᠨ ᠴᠦᠩᠬᠦ︾ ᠶᠢ ᠬᠥᠭᠵᠢᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号