ᠶᠡᠷᠦ ᠶᠢᠨ ᠦᠭᠡᠨ ᠳᠤ᠄ ︽ᠲᠠᠪᠤᠨ ᠰᠠᠷ᠎ᠠ ᠶᠢᠨ ᠲᠠᠪᠤᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠪᠠᠶᠠᠷ ᠢ ᠥᠩᠭᠡᠷᠡᠨ᠎ᠡ︾ ᠭᠡᠳᠡᠭ᠃ ᠥᠨᠥᠳᠦᠷ ᠪᠣᠯ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ᠂ ᠪᠢᠳᠡ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ︽ᠲᠠᠪᠤᠨ ᠰᠠᠷ᠎ᠠ ᠶᠢᠨ ᠰᠢᠨ᠎ᠡ | ᠶᠢᠨ ᠲᠠᠪᠤᠨ ᠤ ᠪᠠᠶᠠᠷ︾ ᠢ ᠤᠭᠲᠤᠨ ᠠᠪᠤᠯ᠎ᠠ᠂ ᠡᠨᠡ ᠡᠳᠦᠷ ᠪᠣᠯᠬᠤ ᠪᠦᠷᠢ ᠬᠥᠮᠦᠰ ᠽᠦᠩᠽᠢ ᠪᠠᠷᠢᠵᠤ᠂ | ᠦᠨᠦᠷᠲᠦ ᠤᠭᠤᠲᠠ ᠵᠡᠭᠦᠵᠦ᠂ ᠥᠩᠭᠡᠲᠦ ᠳᠡᠭᠡᠰᠦ ᠤᠶᠠᠵᠤ᠂ ᠯᠤᠤᠲᠤ ᠣᠩᠭᠤᠴᠠ ᠤᠷᠤᠯᠳᠤᠨ᠂ ᠠᠮᠤᠷ | ᠠᠮᠤᠭᠤᠯᠠᠩ ᠡᠷᠡᠭᠦᠯ ᠴᠢᠭᠢᠷᠠᠭ ᠪᠠᠶᠢᠬᠤ ᠶᠢ ᠳᠠᠭᠠᠳᠬᠠᠳᠠᠭ᠂ ᠲᠡᠭᠡᠪᠡᠯ ᠮᠠᠨ ᠤ ᠥᠷᠭᠡᠨ ᠣᠯᠠᠨ ᠲᠦᠴᠢᠦᠸᠠᠨ ᠤ | ᠠᠷᠠᠳ ᠲᠦᠮᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠬᠡᠷᠬᠢᠨ ᠥᠩᠭᠡᠷᠡᠭᠦᠯᠳᠡᠭ ᠢ ᠪᠢᠳᠠ | ᠰᠡᠭᠦᠳᠡᠷᠯᠡᠬᠦ ᠮᠠᠰᠢᠨ ᠢᠶᠠᠷ ᠳᠠᠮᠵᠢᠨ ᠮᠡᠳᠡᠷᠡᠶ᠎ᠡ︕ | ᠥᠷᠯᠥᠭᠡ ᠶᠢᠨ 5 ᠴᠠᠭ ᠲᠤ᠂ ᠡᠮᠳᠤ ᠶᠢᠨ ᠭᠤᠣᠯ ᠤᠨ ᠲᠤᠩᠭᠠᠯᠠᠭ ᠤᠰᠤ ᠲᠦᠴᠢᠦᠸᠠᠨ ᠰᠢᠶᠠᠨ ᠤ ᠬᠤᠶᠢᠲᠤ | ᠶᠡᠭᠡ ᠬᠥᠭᠦᠷᠭᠡ ᠶᠢᠨ ᠳᠣᠣᠭᠤᠷ ᠠᠯᠭᠤᠷᠬᠠᠨ ᠤᠷᠤᠰᠤᠨ ᠥᠩᠭᠡᠷᠡᠵᠦ᠂ ᠬᠥᠮᠦᠰ ᠠᠳᠡ ᠠᠯᠭᠤᠷᠬᠠᠨ ᠠᠯᠬᠤᠯᠠᠨ᠎ᠠ᠃ | ᠬᠡᠵᠢᠶ᠎ᠡ ᠠᠴᠠ ᠡᠬᠢᠯᠡᠭᠰᠡᠨ ᠢ ᠪᠦ᠋ᠦ ᠮᠡᠳᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠪᠦᠷᠢ᠂ | ᠲᠦᠴᠢᠦᠸᠠᠨ ᠤ ᠬᠥᠪᠡᠭᠦᠳ ᠥᠬᠢᠳ ᠴᠥᠮ ᠡᠮᠳᠤ ᠶᠢᠨ ᠭᠤᠤᠯ ᠤᠨ ᠡᠷᠭᠢ ᠳᠠᠭᠠᠤ ᠴᠤᠭᠯᠠᠷᠠᠵᠤ᠂ ᠲᠠᠪᠤᠨ ᠰᠠᠷ᠎ᠠ | ᠶᠢᠨ ᠰᠢᠨ᠎ᠡ ᠶᠢᠨ ᠲᠠᠪᠤᠨ ᠤ ᠪᠠᠶᠠᠷ ᠢ ᠬᠠᠮᠲᠤ ᠪᠠᠷ ᠪᠡᠯᠭᠡᠯᠡᠳᠡᠭ᠃ ᠰᠢᠨ᠎ᠡ ᠰᠣᠷᠭᠤᠭ ᠠᠭᠠᠷ ᠠᠮᠢᠰᠬᠤᠵᠤ᠂ | ᠪᠠᠶᠢᠭᠠᠯᠢ ᠶᠢᠨ ᠰᠠᠶᠢᠬᠠᠨ ᠦᠵᠡᠮᠵᠢ ᠶᠢ ᠰᠣᠨᠢᠷᠬᠠᠵᠤ᠂ ᠠᠮᠲᠠᠲᠤ ᠢᠳᠡᠭᠡᠨ ᠢ ᠠᠮᠲᠠᠯᠠᠵᠤ᠂ ᠲᠠᠭᠠᠯᠠᠮᠵᠢᠲᠠᠶ᠂ | ᠪᠠᠶᠠᠰᠤᠩᠭᠤᠶ ᠰᠡᠳᠬᠢᠯᠭᠡ ᠨᠢ ᠦᠭᠡ ᠪᠠᠷ ᠢᠯᠡᠳᠬᠡᠬᠦ ᠶᠢᠨ ᠠᠷᠭ᠎ᠠ ᠦᠭᠡᠢ ᠪᠠᠶᠢᠳᠠᠭ᠃ | ︽ᠵᠢᠯ ᠳᠤ ᠨᠢᠭᠡ ᠤᠳᠠᠭ᠎ᠠ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠪᠸᠢ ᠾᠧ | ᠳᠤ ᠢᠷᠡᠵᠦ ᠲᠠᠪᠤᠨ ᠥᠩᠭᠡᠲᠦ ᠤᠲᠠᠰᠤ᠂ ᠽᠦᠩᠽᠢ ᠬᠤᠳᠠᠯᠳᠤᠨ ᠠᠪᠴᠤ᠂ ᠬᠡᠦᠬᠡᠳ ᠢᠶᠠᠨ ᠳᠠᠭᠠᠭᠤᠯᠤᠨ ᠶᠠᠪᠤᠵᠤ | ᠂ ᠵᠢᠯ ᠪᠦᠷᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠪᠸᠢ ᠾᠧ ᠳᠤ ᠢᠷᠡᠬᠦ ᠪᠣᠯ | ᠲᠦᠴᠢᠦᠸᠠᠨ ᠤ ᠬᠥᠮᠦᠨ ᠤ ᠨᠢᠭᠡ ᠵᠦᠢᠯ ᠤᠨ ᠬᠠᠶᠢᠷ᠎ᠠ ᠰᠡᠳᠬᠢᠯᠭᠡ ᠪᠣᠯᠤᠨ᠎ᠠ᠃︾ ᠭᠡᠵᠦ ᠰᠠᠭᠤᠭᠠᠯᠢ ᠠᠷᠠᠳ | ᠰᠦᠨ ᠶᠢᠩ ᠬᠡᠯᠡᠪᠡ᠃ | | ᠳᠠᠭᠠᠳᠬᠠᠬᠤ᠂ ᠰᠢᠪᠠᠭ᠎ᠠ ᠰᠤᠭᠤᠯᠬᠤ᠂ ᠽᠦᠩᠽᠢ ᠭᠥᠬᠢᠳᠡᠬᠦ᠂ ᠳᠡᠪᠦᠷ᠎ᠡ ᠰᠢᠳᠡᠬᠦ…… ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ︽ | ᠴᠦᠨ ᠵᠧᠦ ᠳᠤ ᠬᠦᠷᠴᠦ᠂ ᠽᠦᠩᠽᠢ ᠶᠢᠨ ᠪᠠᠶᠠᠷ ᠪᠠᠶᠠᠰᠤᠯ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ | ᠭᠡᠷ ᠤᠨ ᠬᠥᠮᠦᠰ᠂ ᠬᠡᠦᠬᠡᠳ ᠲᠠᠢ ᠪᠠᠨ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ ᠪᠠᠶᠠᠷ ᠤᠨ | ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠤᠣᠯ ᠰᠡᠳᠦᠪᠲᠦ | ᠠᠵᠢᠯᠯᠠᠭ᠎ᠠ ᠳᠤ ᠣᠷᠣᠯᠴᠠᠭᠰᠠᠨ ᠢᠶᠠᠷ ᠪᠠᠷᠠᠬᠤ ᠦᠭᠡᠢ᠂ ᠪᠠᠰᠠ ᠲᠠᠯᠠᠪᠠᠢ ᠣᠷᠳᠣᠨ ᠳᠤ ᠲᠦᠴᠢᠦᠸᠠᠨ ᠰᠢᠶᠠᠨ ᠤ | ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠲᠠᠯᠠᠪᠠᠢ ᠣᠷᠳᠣᠨ ᠤ ᠰᠣᠩᠭᠤᠳᠠᠭ ᠦᠯᠢᠭᠡᠷ ᠢ | ᠰᠣᠨᠣᠰᠤᠭᠰᠠᠨ ᠪᠠᠶᠢᠨ᠎ᠠ᠃ | | | | | | | | ︽ᠥᠨᠥᠳᠦᠷ ᠡᠵᠢ ᠨᠠᠳᠠ ᠶᠢ ᠲᠠᠭᠠᠭᠤᠯᠤᠨ ᠪᠤᠤ ᠱᠢ ᠳᠤ ᠨᠠᠭᠠᠳᠬᠤ ᠪᠠᠷ ᠢᠷᠡᠵᠡᠢ᠂ ᠮᠦᠽᠧᠢ ᠳᠤ | ᠡᠷᠬᠢᠯᠡᠭᠰᠡᠨ ᠯᠤᠤᠲᠤ ᠵᠠᠪᠢ ᠶᠢᠨ ᠪᠠᠶᠠᠷ ᠤᠨ ᠬᠥᠳᠡᠯᠭᠡᠭᠡᠨ ᠳᠤ ᠣᠷᠣᠯᠴᠠᠵᠠᠢ᠂ ᠪᠢ ᠳᠡᠪᠦᠷ᠎ᠡ ᠬᠠᠶᠠᠬᠤ᠂ ᠽᠦᠩᠽᠢ | ᠭᠥᠬᠢᠳᠡᠬᠦ ᠪᠠ ᠰᠢᠪᠠᠭ᠎ᠠ ᠲᠠᠲᠠᠬᠤ ᠵᠡᠷᠭᠡ ᠲᠣᠭᠯᠠᠭᠠᠮ ᠨᠠᠭᠠᠳᠪᠠ᠂ ᠪᠠᠰᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ | ᠤ ᠪᠠᠶᠠᠷ ᠤᠨ ᠲᠤᠬᠠᠶ ᠮᠠᠰᠢ ᠣᠯᠠᠨ ᠮᠡᠳᠡᠯᠭᠡ ᠰᠤᠷᠴᠠᠶ᠂ ᠮᠠᠰᠢ ᠪᠠᠶᠠᠷᠲᠠᠶ ᠪᠠᠶᠢᠨ᠎ᠠ᠃︾ ᠭᠡᠵᠦ ᠵᠢᠭᠤᠯᠴᠢᠯᠠᠭᠴᠢ | ᠹᠧᠩ ᠶᠤᠸᠠᠢ ᠴᠢᠩ ᠬᠡᠯᠡᠪᠡ᠃ | | | | | | | | ᠰᠢᠪᠠᠭ᠎ᠠ ᠰᠤᠭᠤᠯᠬᠤ᠂ ᠽᠦᠩᠽᠢ ᠭᠥᠬᠢᠳᠡᠬᠦ᠂ ᠳᠡᠪᠦᠷ᠎ᠡ ᠰᠢᠳᠡᠬᠦ ᠵᠡᠷᠭᠡ ᠤᠯᠠᠨ ᠶᠠᠩᠵᠤ ᠶᠢᠨ ᠵᠤᠭ᠎ᠠ ᠴᠡᠩᠭᠡᠯ | ᠤᠨ ᠬᠥᠳᠡᠯᠭᠡᠭᠡᠨ ᠠᠴᠠ ᠭᠠᠳᠠᠨ᠎ᠠ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ ᠪᠠᠰᠠ ᠵᠤᠭᠠᠴᠠᠬᠤ ᠪᠠᠷ | ᠢᠷᠡᠭᠰᠡᠨ ᠵᠤᠭᠠᠴᠠᠭᠰᠠᠳ ᠲᠤ ᠭᠤᠴᠣ ᠰᠠᠶᠢᠬᠠᠨ ᠲᠣᠭᠯᠠᠯᠲᠠ ᠪᠡᠯᠡᠳᠬᠡᠵᠦ᠂ ᠡᠯ ᠷᠧᠨ ᠵᠤᠸᠠᠨ᠂ ᠠᠭᠤᠳᠠᠮ | ᠲᠠᠯᠠᠪᠠᠢ ᠶᠢᠨ ᠪᠥᠵᠢᠭ᠂ ᠡᠷᠲᠡᠨ ᠤ ᠶᠠᠲᠤᠭ᠎ᠠ ᠶᠢᠨ ᠲᠣᠭᠯᠠᠯᠲᠠ ᠵᠡᠷᠭᠡ ᠭᠤᠴᠣ ᠰᠠᠶᠢᠬᠠᠨ ᠲᠣᠭᠯᠠᠯᠲᠠ ᠶᠢ | ᠡᠭᠡᠯᠵᠢᠯᠡᠨ ᠲᠣᠭᠯᠠᠵᠤ᠂ ᠲᠣᠭᠯᠠᠯᠲᠠ ᠡᠬᠢᠯᠡᠮᠡᠭᠴᠡ ᠲᠠᠶᠢᠰᠠᠨ ᠳᠣᠣᠷᠠᠬᠢ ᠦᠵᠡᠭᠴᠢᠳ ᠤᠨ ᠮᠠᠭᠲᠠᠭᠠᠯ ᠰᠠᠶᠢᠰᠢᠶᠠᠯ ᠢ | ᠤᠯᠪᠠ᠃ | | | | ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠤᠯᠵᠦ ᠭᠠᠳᠠᠨ᠎ᠠ ᠣᠷ᠊ ᠤᠨ ᠠᠴᠠ ᠬᠠᠷᠢᠵᠤ ᠢᠷᠡᠭᠰᠡᠨ ᠭᠡᠷ | ᠤᠨ ᠬᠥᠮᠦᠰ ᠢᠷᠡᠵᠦ ᠲᠣᠭᠤᠷᠢᠵᠤ ᠪᠠᠶᠢᠨ᠎ᠠ᠂ ᠤᠳᠤ ᠡᠨᠡ ᠬᠡᠰᠡᠭ ᠪᠦᠲᠦᠭᠡᠨ ᠪᠠᠶᠢᠭᠤᠯᠤᠯᠲᠠ ᠲᠤᠩ ᠰᠠᠶᠢᠨ᠂ | ᠡᠷᠲᠡᠨ ᠤ ᠬᠡᠪ ᠨᠠᠮᠪᠠ ᠲᠠᠢ᠂ ᠦᠵᠡᠮᠵᠢ ᠲᠤᠩ ᠭᠤᠶᠤ᠂ ᠪᠠᠰᠠ ᠮᠠᠰᠢ ᠣᠯᠠᠨ ᠰᠠᠶᠢᠬᠠᠨ ᠰᠡᠭᠦᠳᠡᠷ ᠲᠠᠲᠠᠵᠠᠢ᠂ | ᠲᠤᠩ ᠪᠠᠶᠠᠷᠲᠠᠢ᠂ ᠤᠷᠮ᠎ᠠ ᠰᠡᠳᠬᠢᠯᠭᠡ ᠲᠤᠩ ᠰᠠᠶᠢᠨ᠃︾ ᠭᠡᠵᠦ ᠵᠢᠭᠤᠯᠴᠢᠯᠠᠭᠴᠢ ᠬᠤᠸᠠᠩ ᠸᠧᠨ ᠰᠢᠨ ᠬᠡᠯᠡᠪᠡ᠃ | | ᠣᠶᠢᠯᠠᠭᠠᠭᠰᠠᠨ ᠢᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠪᠤᠤ ᠱᠢ ᠶᠢᠨ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠦᠵᠡᠮᠵᠢ ᠶᠢᠨ ᠣᠷᠣᠨ ᠳᠤ ᠬᠥᠮᠦᠨ ᠬᠠᠷ᠎ᠠ ᠣᠯᠠᠰᠢᠷᠠᠵᠤ᠂ | ᠵᠤᠭᠠᠴᠠᠭᠰᠠᠳ ᠢ ᠨᠡᠶᠢᠲᠡ 26000 ᠬᠥᠮᠦᠨ ᠤᠳᠠᠭ᠎ᠠ ᠭᠥᠯᠢᠶᠡᠨ ᠠᠪᠴᠠᠶ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠯᠤᠤᠲᠤ ᠣᠩᠭᠤᠴᠠ ᠤᠷᠤᠯᠳᠤᠵᠤ᠂ ᠽᠦᠩᠽᠢ ᠢᠳᠡᠬᠦ ᠨᠢ | ᠮᠠᠨ ᠤ ᠤᠯᠠᠮᠵᠢᠯᠠᠯᠲᠤ ᠵᠠᠩ ᠳᠠᠳᠬᠠᠯ ᠪᠣᠯᠤᠭᠰᠠᠭᠠᠷ ᠢᠷᠡᠵᠡᠶ᠂ ᠲᠦᠴᠢᠦᠸᠠᠨ ᠰᠢᠶᠠᠨ ᠤ ᠮᠢᠩ ᠰᠢᠩ ᠬᠥᠳᠡᠭᠡ | ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ᠂ ᠮᠠᠰᠢ ᠣᠯᠠᠨ ᠵᠤᠭᠠᠴᠠᠭᠰᠠᠳ ᠤᠯᠠᠭᠠᠨ ᠰᠢᠷ᠎ᠠ ᠬᠥᠬᠡ ᠨᠣᠭᠤᠭᠠᠨ | ᠳᠥᠷᠪᠡᠨ ᠯᠤᠤᠲᠤ ᠣᠩᠭᠤᠴᠠ ᠣᠷᠣᠯᠳᠤᠬᠤ ᠡᠩᠨᠡᠭᠡ ᠶᠢ ᠵᠣᠬᠢᠶᠠᠨ ᠪᠠᠢᠭᠤᠯᠵᠤ᠂ ᠬᠢᠨᠠᠭᠴᠢ ᠶᠢᠨ ᠵᠠᠷᠯᠢᠭ ᠳᠣᠤᠷ᠎ᠠ᠂ | ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠢᠭᠳᠡ ᠵᠢᠭᠳᠡ ᠪᠠᠷ ᠡᠴᠦᠰ ᠤᠨ ᠴᠡᠭ ᠵᠦᠭ | ᠤᠷᠤᠭᠰᠢᠯᠠᠵᠠᠶ᠃ ᠽᠥᠩ ᠽᠢ ᠭᠦᠬᠢᠳᠡᠬᠦ ᠲᠣᠭᠯᠠᠭᠠᠮ ᠤᠨ ᠲᠣᠭᠤᠷᠢᠭ ᠲᠤ᠂ ᠵᠤᠭᠠᠴᠠᠭᠰᠠᠳ ᠣᠨᠴᠠ ᠴᠢᠨᠠᠷ ᠤᠨ | ᠭᠥᠬᠢ ᠶᠢᠨ ᠡᠰᠢ ᠪᠠᠷᠢᠵᠤ᠂ ᠬᠡᠷᠡᠰᠬᠡ ᠶᠢᠨ ᠲᠣᠭᠤᠷᠢᠨ ᠳᠤ ᠬᠦᠷᠢᠶᠡᠯᠡᠵᠦ᠂ ᠣᠯᠠᠨ ᠢᠶᠠᠷ ᠢᠶᠠᠨ ᠲᠠᠰᠤᠷᠠᠯᠲᠠ ᠥᠬᠡᠶ | ᠬᠥᠳᠡᠯᠦᠯ ᠪᠠᠷᠢᠯ ᠢᠶᠠᠨ ᠬᠤᠪᠢᠷᠠᠭᠤᠯᠵᠤ᠂ ᠪᠠᠯ ᠪᠡᠯᠭᠡ ᠲᠡᠮᠳᠡᠭ ᠪᠣᠯᠤᠭᠰᠠᠨ ᠽᠦᠩᠽᠢ ᠶᠢ ᠭᠥᠬᠢᠳᠡᠵᠦ᠂ ᠰᠠᠶᠢᠬᠠᠨ | ᠥᠩᠭᠡ ᠪᠤᠳᠤᠭ ᠪᠣᠯᠭᠠᠬᠤ ᠶᠢᠨ ᠲᠥᠯᠥᠭᠡ ᠶᠤᠮ᠃ | | ︽ᠥᠨᠥᠳᠦᠷ ᠡᠪᠦᠭᠡ ᠨᠠᠳᠠ ᠶᠢ ᠳᠠᠭᠠᠭᠤᠯᠵᠤ ᠨᠠᠭᠠᠳᠬᠤ ᠪᠠᠷ ᠢᠷᠡᠵᠡᠢ᠂ ᠪᠢ ᠯᠤᠤᠲᠤ ᠣᠩᠭᠤᠴᠠ ᠶᠢᠨ | ᠤᠷᠤᠯᠳᠤᠭᠠᠨ ᠢ ᠦᠵᠡᠵᠦ᠂ ᠪᠠᠰᠠ ᠺᠠᠷᠲ᠋ᠢᠩ ᠲᠡᠷᠭᠡ ᠪᠣᠯᠤᠨ ᠵᠢᠭᠠᠰᠤ ᠲᠡᠮᠲᠡᠷᠢᠬᠦ ᠶᠢ ᠨᠠᠭᠠᠳᠴᠠᠢ᠂ ᠪᠢ ᠲᠤᠩ | ᠪᠠᠶᠠᠷᠲᠠᠢ ᠨᠠᠭᠠᠳᠴᠠᠢ᠃︾ ᠭᠡᠵᠦ ᠵᠢᠭᠤᠯᠴᠢᠯᠠᠭᠴᠢ ᠮᠤᠤ ᠰᠢᠨ ᠪᠠᠶᠠᠷᠲᠠᠶ ᠬᠡᠯᠡᠨ᠎ᠡ᠃ | ︽ᠡᠨᠡ ᠴᠢᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠪᠢᠰᠢ ᠤᠤ᠂ ᠪᠢ ᠨᠠᠶᠢᠵᠠ ᠨᠠᠷ | ᠲᠠᠢ ᠪᠠᠨ ᠮᠢᠩ ᠰᠢᠩ ᠨᠠᠭᠤᠷ ᠲᠤ ᠣᠴᠢᠵᠤ ᠨᠠᠭᠠᠳᠤᠨ᠂ ᠮᠠᠰᠢ ᠣᠯᠠᠨ ᠠᠮᠲᠠᠲᠤ ᠢᠳᠡᠭᠡᠨ ᠢᠳᠡᠵᠦ᠂ ᠪᠠᠰᠠ ᠮᠠᠰᠢ | ᠣᠯᠠᠨ ᠵᠤᠭ᠎ᠠ ᠴᠡᠩᠭᠡᠯ ᠤᠨ ᠲᠥᠷᠥᠯ ᠵᠦᠶᠯ ᠢ ᠨᠠᠭᠠᠳᠴᠠᠶ᠂ ᠮᠠᠰᠢ ᠪᠠᠶᠠᠷᠲᠠᠶ ᠪᠠᠶᠢᠨ᠎ᠠ᠂ ᠳᠠᠷᠠᠭ᠎ᠠ ᠤᠳᠠᠭ᠎ᠠ | ᠵᠠᠪᠰᠢᠶᠠᠨ ᠲᠠᠢ ᠪᠣᠯ ᠪᠢᠳᠡ ᠪᠠᠰᠠ ᠢᠷᠡᠨ᠎ᠡ᠃︾ ᠭᠡᠵᠦ ᠵᠤᠭᠠᠴᠠᠭᠰᠠᠳ ᠯᠢᠦ ᠰᠢᠩ ᠵᠦᠩ ᠬᠡᠯᠡᠪᠡ᠃ | ᠡᠭᠦᠨ ᠢᠶᠠᠷ ᠪᠠᠷᠠᠬᠤ ᠦᠭᠡᠢ᠂ ᠵᠠᠪᠰᠢᠶᠠᠨ ᠢ ᠳᠠᠯᠢᠮᠳᠠᠭᠤᠯᠤᠨ᠂ ᠨᠤᠭᠤᠰᠤ ᠪᠠᠷᠢᠬᠤ᠂ ᠳᠡᠪᠦᠷ᠎ᠡ ᠰᠢᠳᠡᠬᠦ᠂ ᠰᠤᠷ | ᠬᠠᠷᠪᠤᠬᠤ ᠵᠡᠷᠭᠡ ᠠᠯᠢ ᠤᠯᠠᠨ ᠵᠤᠭ᠎ᠠ ᠴᠡᠩᠭᠡᠯ ᠤᠨ ᠲᠦᠷᠦᠯ ᠵᠦᠢᠯ ᠨᠢ ᠪᠠᠰᠠ ᠵᠤᠭᠠᠴᠠᠭᠰᠠᠳ ᠤᠨ ᠪᠠᠶᠠᠷ ᠪᠠᠶᠠᠰᠤᠯ | ᠤᠨ ᠳᠤᠮᠳᠠ ᠪᠤᠴᠠᠬᠤ ᠳᠤᠷ᠎ᠠ ᠶᠢ ᠨᠢ ᠬᠦᠷᠭᠡᠵᠡᠢ᠃ | | ︽ᠮᠠᠨ ᠤ ᠦᠵᠡᠮᠵᠢ ᠶᠢᠨ ᠣᠷᠣᠨ ᠳᠤ ᠣᠲᠣ ᠮᠢᠩ ᠰᠢᠩ ᠨᠠᠭᠤᠷ ᠲᠣᠭᠤᠷᠢᠯ ᠤᠨ ᠨᠣᠭᠤᠭᠠᠨ ᠵᠠᠮ᠂ | ᠣᠩᠭᠤᠴᠠ ᠪᠠᠭᠤᠳᠠᠯ ᠪᠠᠭᠤᠳᠠᠯ᠂ ᠨᠡᠷᠡᠨ ᠤ ᠬᠡᠷᠡᠯ ᠡᠯᠡᠰᠦᠨ ᠲᠠᠩ᠂ ᠲᠤᠲᠤᠷᠭ᠎ᠠ ᠶᠢᠨ ᠨᠠᠶᠮᠠᠯᠵᠢ ᠶᠢᠨ ᠴᠡᠴᠡᠷᠯᠢᠭ | ᠵᠡᠷᠭᠡ ᠵᠢᠭᠤᠯᠴᠢᠯᠠᠯ ᠤᠨ ᠲᠥᠬᠦᠭᠡᠷᠦᠮᠵᠢ ᠶᠢᠨ ᠲᠥᠷᠥᠯ ᠵᠦᠶᠯ ᠪᠣᠶ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠪᠠᠶᠠᠷ ᠤᠨ ᠡᠨᠡ ᠬᠡᠳᠦᠨ ᠡᠳᠦᠷ ᠠᠶᠢᠮᠠᠭ ᠤᠨ ᠭᠠᠳᠠᠨᠠᠬᠢ ᠵᠤᠭᠠᠴᠠᠭᠰᠠᠳ ᠴᠤ ᠨᠡᠯᠢᠶᠡᠳ ᠣᠯᠠᠨ ᠪᠠᠶᠢᠨ᠎ᠠ᠂ ᠪᠢᠳᠡ | ᠪᠠᠰᠠ ᠦᠶᠯᠡᠴᠢᠯᠡᠭᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ ᠪᠠᠶᠢᠨ᠎ᠠ᠂ ᠪᠠᠰᠠ ᠨᠠᠩ ᠣᠯᠠᠨ ᠵᠤᠭᠠᠴᠠᠭᠰᠠᠳ | ᠮᠠᠨ ᠤ ᠠᠳᠡ ᠢᠷᠡᠵᠦ ᠺᠠᠷᠲ ᠪᠦᠷᠢᠳᠬᠡᠭᠦᠯᠬᠦ ᠶᠢ ᠬᠦᠰᠡᠵᠦ ᠪᠠᠶᠢᠨ᠎ᠠ᠃︾ ᠭᠡᠵᠦ ᠮᠢᠩ ᠰᠢᠩ ᠬᠥᠳᠡᠭᠡ ᠲᠣᠰᠬᠤᠨ | ᠤ ᠶᠡᠷᠦᠩᠬᠡᠶᠢᠯᠡᠭᠰᠡᠨ ᠴᠣᠭᠴᠠ ᠶᠢᠨ ᠠᠵᠢᠯᠲᠠᠨ ᠲᠢᠶᠠᠨ ᠵᠢᠶᠠ ᠰᠢᠩ ᠬᠡᠯᠡᠪᠡ᠃ | | ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ | ᠵᠢᠭᠤᠯᠴᠢᠯᠠᠯ ᠤᠨ ᠡᠬᠢ ᠪᠠᠶᠠᠯᠢᠭ ᠢ ︽ᠠᠮᠢᠯᠠᠭᠤᠯᠵᠤ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠮᠢᠩ ᠰᠢᠩ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠴᠣᠭᠴᠠ ᠨᠢ ᠰᠠᠶᠢᠨ ᠰᠠᠶᠢᠬᠠᠨ ᠨᠠᠭᠤᠷ ᠴᠥᠭᠦᠷᠥᠮ ᠤᠨ ᠠᠮᠢ ᠠᠬᠤᠶ ᠪᠠᠷ ᠰᠠᠭᠤᠷᠢ ᠪᠣᠯᠭᠠᠵᠤ᠂ | ᠨᠤᠭᠤ ᠭᠠᠵᠠᠷ ᠤᠨ ᠵᠢᠭᠠᠰᠤ ᠠᠩᠨᠠᠨ ᠲᠠᠷᠢᠶᠠᠯᠠᠬᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ | ᠲᠣᠰᠬᠤᠨ ᠤ ᠥᠩᠭᠡ ᠳᠦᠷᠰᠦ ᠶᠢ ᠥᠭᠡᠷᠡᠴᠢᠯᠡᠨ ᠰᠢᠨᠡᠳᠬᠡᠵᠦ᠂ ᠪᠦᠷᠢᠨ ᠲᠡᠭᠦᠯᠳᠡᠷ ᠢᠳᠡᠭᠡᠨ ᠤᠮᠳᠠᠭᠠᠨ᠂ | ᠬᠤᠨᠤᠭ ᠪᠠᠭᠤᠳᠠᠯ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠥᠷᠢᠳᠦᠭᠦᠯᠬᠦ ᠶᠢᠨ ᠬᠠᠮᠲᠤ ᠡᠴᠢᠭᠡ ᠡᠬᠡ ᠦᠷ᠎ᠡ | ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ ᠳᠤ ᠣᠷᠣᠭᠤᠯᠵᠤ᠂ ᠬᠥᠳᠡᠭᠡ ᠲᠣᠰᠬᠤᠨ᠂ ᠵᠢᠭᠠᠰᠤ | ᠠᠩᠨᠠᠨ ᠲᠠᠷᠢᠶᠠᠯᠠᠬᠤ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠣᠷᠣᠨ᠂ ᠬᠦᠳᠡᠭᠡ | ᠲᠤᠰᠬᠤᠨ ᠨᠡᠶᠢᠭᠡᠮ ᠲᠣᠭᠤᠷᠢᠭ ᠤᠨ ᠭᠤᠷᠪᠠ ᠶᠢ ᠨᠢᠭᠡᠳᠦᠭᠦᠯᠦᠭᠰᠡᠨ ᠬᠡᠯᠪᠡᠷᠢ ᠶᠢ ᠪᠠᠶᠢᠭᠤᠯᠤᠨ᠎ᠠ᠃ | | ︽ᠵᠠᠯᠭᠠᠭᠠᠳ᠂ ᠪᠢᠳᠡ ︿ᠮᠢᠩᠭ᠎ᠠ ᠲᠦᠮᠡ ᠶᠢᠨ ᠢᠨᠵᠧᠨᠧᠷᠢᠩ﹀ ᠤᠨ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ | ᠬᠡᠯᠪᠡᠷᠢ ᠪᠠᠨ ᠦᠷᠭᠦᠯᠵᠢᠯᠡᠨ ᠰᠢᠨᠡᠴᠢᠯᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠶᠯᠡᠴᠢᠯᠡᠭᠡᠨ | ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠵᠤ᠂ ᠬᠥᠳᠡᠭᠡ ᠲᠣᠰᠬᠤᠨ ᠤ | ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠤ ᠦᠶᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ | ᠠᠬᠢᠭᠤᠯᠤᠨ᠎ᠠ᠃︾ ᠭᠡᠵᠦ ᠵᠡᠭᠦᠨ ᠲᠦᠷᠦᠯᠵᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦ᠋ ᠴᠠᠩ ᠴᠦᠨ | ᠬᠡᠯᠡᠪᠡ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠲᠦᠴᠢᠦᠸᠠᠨ ᠰᠢᠶᠠᠨ ᠤ ᠮᠢᠩ ᠰᠢᠩ | ᠬᠦᠳᠡᠭᠡ ᠲᠤᠰᠬᠤᠨ ᠤ ᠶᠡᠷᠦᠩᠬᠡᠶ ᠴᠣᠭᠴᠠ ᠳᠤ ᠬᠥᠮᠦᠨ ᠤ ᠳᠠᠯᠠᠢ ᠪᠣᠯᠵᠤ᠂ ᠣᠯᠠᠨ ᠶᠠᠩᠵᠤ ᠶᠢᠨ ᠵᠤᠭ᠎ᠠ ᠴᠡᠩᠭᠡᠯ | ᠤᠨ ᠠᠵᠢᠯᠯᠠᠭ᠎ᠠ ᠨᠢ ᠨᠠᠩ ᠴᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠵᠤ᠂ ᠬᠥᠮᠦᠰ ᠤᠨ | ᠬᠦᠷᠢᠶᠡᠯᠡᠯ ᠢ ᠣᠯᠵᠤ᠂ ᠠᠵᠤ ᠠᠬᠤᠶ ᠶᠢᠨ ︽ᠬᠤᠣᠰ ᠡᠯᠪᠡᠭ ᠬᠤᠷᠢᠶᠠᠯᠲᠠ︾ ᠶᠢ ᠪᠡᠶᠡᠯᠡᠭᠦᠯᠪᠡ᠃ | | |