ᠨᠢᠭᠡ ᠵᠢᠯ ᠨᠢᠭᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠨᠢᠭᠡ ᠨᠠᠰᠤ ᠡᠷᠡᠭᠦᠯ ᠴᠢᠭᠢᠷᠠᠭ
ᠨᠡᠶᠢᠲᠡᠯᠡᠭᠰᠡᠨ ᠴᠠᠭ᠄
2024/6/12
   ᠶᠡᠷᠦ ᠶᠢᠨ ᠦᠭᠡᠨ ᠳᠤ᠄ ︽ᠲᠠᠪᠤᠨ ᠰᠠᠷ᠎ᠠ ᠶᠢᠨ ᠲᠠᠪᠤᠨ ᠳᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠥᠩᠭᠡᠷᠡᠨ᠎ᠡ︾ ᠭᠡᠳᠡᠭ᠃ ᠥᠨᠥᠳᠦᠷ ᠪᠣᠯ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠪᠢᠳᠡ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ︽ᠲᠠᠪᠤᠨ ᠰᠠᠷ᠎ᠠ ᠶᠢᠨ ᠰᠢᠨ᠎ᠡ  ᠶᠢᠨ ᠲᠠᠪᠤᠨ ᠤ ᠪᠠᠶᠠᠷ︾ ᠢ ᠤᠭᠲᠤᠨ ᠠᠪᠤᠯ᠎ᠠ᠂ ᠡᠨᠡ ᠡᠳᠦᠷ ᠪᠣᠯᠬᠤ ᠪᠦᠷᠢ ᠬᠥᠮᠦᠰ ᠽᠦᠩᠽᠢ ᠪᠠᠷᠢᠵᠤ᠂ ᠦᠨᠦᠷᠲᠦ ᠤᠭᠤᠲᠠ ᠵᠡᠭᠦᠵᠦ᠂ ᠥᠩᠭᠡᠲᠦ ᠳᠡᠭᠡᠰᠦ ᠤᠶᠠᠵᠤ᠂ ᠯᠤᠤᠲᠤ ᠣᠩᠭᠤᠴᠠ ᠤᠷᠤᠯᠳᠤᠨ᠂ ᠠᠮᠤᠷ ᠠᠮᠤᠭᠤᠯᠠᠩ ᠡᠷᠡᠭᠦᠯ ᠴᠢᠭᠢᠷᠠᠭ ᠪᠠᠶᠢᠬᠤ ᠶᠢ ᠳᠠᠭᠠᠳᠬᠠᠳᠠᠭ᠂ ᠲᠡᠭᠡᠪᠡᠯ ᠮᠠᠨ ᠤ ᠥᠷᠭᠡᠨ ᠣᠯᠠᠨ ᠲᠦᠴᠢᠦᠸᠠᠨ ᠤ ᠠᠷᠠᠳ ᠲᠦᠮᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠬᠡᠷᠬᠢᠨ ᠥᠩᠭᠡᠷᠡᠭᠦᠯᠳᠡᠭ ᠢ ᠪᠢᠳᠠ ᠰᠡᠭᠦᠳᠡᠷᠯᠡᠬᠦ ᠮᠠᠰᠢᠨ ᠢᠶᠠᠷ ᠳᠠᠮᠵᠢᠨ ᠮᠡᠳᠡᠷᠡᠶ᠎ᠡ︕    ᠥᠷᠯᠥᠭᠡ ᠶᠢᠨ 5 ᠴᠠᠭ ᠲᠤ᠂ ᠡᠮᠳᠤ ᠶᠢᠨ ᠭᠤᠣᠯ ᠤᠨ ᠲᠤᠩᠭᠠᠯᠠᠭ ᠤᠰᠤ ᠲᠦᠴᠢᠦᠸᠠᠨ ᠰᠢᠶᠠᠨ ᠤ ᠬᠤᠶᠢᠲᠤ ᠶᠡᠭᠡ ᠬᠥᠭᠦᠷᠭᠡ ᠶᠢᠨ ᠳᠣᠣᠭᠤᠷ ᠠᠯᠭᠤᠷᠬᠠᠨ ᠤᠷᠤᠰᠤᠨ ᠥᠩᠭᠡᠷᠡᠵᠦ᠂ ᠬᠥᠮᠦᠰ ᠠᠳᠡ ᠠᠯᠭᠤᠷᠬᠠᠨ ᠠᠯᠬᠤᠯᠠᠨ᠎ᠠ᠃ ᠬᠡᠵᠢᠶ᠎ᠡ ᠠᠴᠠ ᠡᠬᠢᠯᠡᠭᠰᠡᠨ ᠢ ᠪᠦ᠋ᠦ ᠮᠡᠳᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠪᠦᠷᠢ᠂ ᠲᠦᠴᠢᠦᠸᠠᠨ ᠤ ᠬᠥᠪᠡᠭᠦᠳ ᠥᠬᠢᠳ ᠴᠥᠮ ᠡᠮᠳᠤ ᠶᠢᠨ ᠭᠤᠤᠯ ᠤᠨ ᠡᠷᠭᠢ ᠳᠠᠭᠠᠤ ᠴᠤᠭᠯᠠᠷᠠᠵᠤ᠂ ᠲᠠᠪᠤᠨ ᠰᠠᠷ᠎ᠠ  ᠶᠢᠨ ᠰᠢᠨ᠎ᠡ ᠶᠢᠨ ᠲᠠᠪᠤᠨ ᠤ ᠪᠠᠶᠠᠷ ᠢ ᠬᠠᠮᠲᠤ ᠪᠠᠷ ᠪᠡᠯᠭᠡᠯᠡᠳᠡᠭ᠃ ᠰᠢᠨ᠎ᠡ ᠰᠣᠷᠭᠤᠭ ᠠᠭᠠᠷ ᠠᠮᠢᠰᠬᠤᠵᠤ᠂ ᠪᠠᠶᠢᠭᠠᠯᠢ ᠶᠢᠨ ᠰᠠᠶᠢᠬᠠᠨ ᠦᠵᠡᠮᠵᠢ ᠶᠢ ᠰᠣᠨᠢᠷᠬᠠᠵᠤ᠂ ᠠᠮᠲᠠᠲᠤ ᠢᠳᠡᠭᠡᠨ ᠢ ᠠᠮᠲᠠᠯᠠᠵᠤ᠂ ᠲᠠᠭᠠᠯᠠᠮᠵᠢᠲᠠᠶ᠂ ᠪᠠᠶᠠᠰᠤᠩᠭᠤᠶ ᠰᠡᠳᠬᠢᠯᠭᠡ ᠨᠢ ᠦᠭᠡ ᠪᠠᠷ ᠢᠯᠡᠳᠬᠡᠬᠦ ᠶᠢᠨ ᠠᠷᠭ᠎ᠠ ᠦᠭᠡᠢ ᠪᠠᠶᠢᠳᠠᠭ᠃    ︽ᠵᠢᠯ ᠳᠤ ᠨᠢᠭᠡ ᠤᠳᠠᠭ᠎ᠠ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠪᠸᠢ ᠾᠧ  ᠳᠤ ᠢᠷᠡᠵᠦ ᠲᠠᠪᠤᠨ ᠥᠩᠭᠡᠲᠦ ᠤᠲᠠᠰᠤ᠂ ᠽᠦᠩᠽᠢ ᠬᠤᠳᠠᠯᠳᠤᠨ ᠠᠪᠴᠤ᠂ ᠬᠡᠦᠬᠡᠳ ᠢᠶᠠᠨ ᠳᠠᠭᠠᠭᠤᠯᠤᠨ ᠶᠠᠪᠤᠵᠤ ᠂ ᠵᠢᠯ ᠪᠦᠷᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠪᠸᠢ ᠾᠧ ᠳᠤ ᠢᠷᠡᠬᠦ ᠪᠣᠯ ᠲᠦᠴᠢᠦᠸᠠᠨ  ᠤ ᠬᠥᠮᠦᠨ ᠤ ᠨᠢᠭᠡ ᠵᠦᠢᠯ ᠤᠨ ᠬᠠᠶᠢᠷ᠎ᠠ ᠰᠡᠳᠬᠢᠯᠭᠡ ᠪᠣᠯᠤᠨ᠎ᠠ᠃︾ ᠭᠡᠵᠦ ᠰᠠᠭᠤᠭᠠᠯᠢ ᠠᠷᠠᠳ ᠰᠦᠨ ᠶᠢᠩ ᠬᠡᠯᠡᠪᠡ᠃
   ᠳᠠᠭᠠᠳᠬᠠᠬᠤ᠂ ᠰᠢᠪᠠᠭ᠎ᠠ ᠰᠤᠭᠤᠯᠬᠤ᠂ ᠽᠦᠩᠽᠢ ᠭᠥᠬᠢᠳᠡᠬᠦ᠂ ᠳᠡᠪᠦᠷ᠎ᠡ ᠰᠢᠳᠡᠬᠦ…… ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ︽ᠴᠦᠨ ᠵᠧᠦ ᠳᠤ ᠬᠦᠷᠴᠦ᠂ ᠽᠦᠩᠽᠢ ᠶᠢᠨ ᠪᠠᠶᠠᠷ ᠪᠠᠶᠠᠰᠤᠯ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠭᠡᠷ ᠤᠨ ᠬᠥᠮᠦᠰ᠂ ᠬᠡᠦᠬᠡᠳ ᠲᠠᠢ ᠪᠠᠨ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠭᠰᠠᠨ ᠢᠶᠠᠷ ᠪᠠᠷᠠᠬᠤ ᠦᠭᠡᠢ᠂ ᠪᠠᠰᠠ ᠲᠠᠯᠠᠪᠠᠢ ᠣᠷᠳᠣᠨ ᠳᠤ ᠲᠦᠴᠢᠦᠸᠠᠨ ᠰᠢᠶᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠲᠠᠯᠠᠪᠠᠢ ᠣᠷᠳᠣᠨ ᠤ ᠰᠣᠩᠭᠤᠳᠠᠭ ᠦᠯᠢᠭᠡᠷ ᠢ ᠰᠣᠨᠣᠰᠤᠭᠰᠠᠨ ᠪᠠᠶᠢᠨ᠎ᠠ᠃
   ︽ᠥᠨᠥᠳᠦᠷ ᠡᠵᠢ ᠨᠠᠳᠠ ᠶᠢ ᠲᠠᠭᠠᠭᠤᠯᠤᠨ ᠪᠤᠤ ᠱᠢ ᠳᠤ ᠨᠠᠭᠠᠳᠬᠤ ᠪᠠᠷ ᠢᠷᠡᠵᠡᠢ᠂ ᠮᠦᠽᠧᠢ ᠳᠤ ᠡᠷᠬᠢᠯᠡᠭᠰᠡᠨ ᠯᠤᠤᠲᠤ ᠵᠠᠪᠢ ᠶᠢᠨ ᠪᠠᠶᠠᠷ ᠤᠨ ᠬᠥᠳᠡᠯᠭᠡᠭᠡᠨ ᠳᠤ ᠣᠷᠣᠯᠴᠠᠵᠠᠢ᠂ ᠪᠢ ᠳᠡᠪᠦᠷ᠎ᠡ ᠬᠠᠶᠠᠬᠤ᠂ ᠽᠦᠩᠽᠢ ᠭᠥᠬᠢᠳᠡᠬᠦ ᠪᠠ ᠰᠢᠪᠠᠭ᠎ᠠ ᠲᠠᠲᠠᠬᠤ ᠵᠡᠷᠭᠡ ᠲᠣᠭᠯᠠᠭᠠᠮ ᠨᠠᠭᠠᠳᠪᠠ᠂ ᠪᠠᠰᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ  ᠤ ᠪᠠᠶᠠᠷ ᠤᠨ ᠲᠤᠬᠠᠶ ᠮᠠᠰᠢ ᠣᠯᠠᠨ ᠮᠡᠳᠡᠯᠭᠡ ᠰᠤᠷᠴᠠᠶ᠂ ᠮᠠᠰᠢ ᠪᠠᠶᠠᠷᠲᠠᠶ ᠪᠠᠶᠢᠨ᠎ᠠ᠃︾ ᠭᠡᠵᠦ ᠵᠢᠭᠤᠯᠴᠢᠯᠠᠭᠴᠢ ᠹᠧᠩ ᠶᠤᠸᠠᠢ ᠴᠢᠩ ᠬᠡᠯᠡᠪᠡ᠃
   ᠰᠢᠪᠠᠭ᠎ᠠ ᠰᠤᠭᠤᠯᠬᠤ᠂ ᠽᠦᠩᠽᠢ ᠭᠥᠬᠢᠳᠡᠬᠦ᠂ ᠳᠡᠪᠦᠷ᠎ᠡ ᠰᠢᠳᠡᠬᠦ ᠵᠡᠷᠭᠡ ᠤᠯᠠᠨ ᠶᠠᠩᠵᠤ ᠶᠢᠨ ᠵᠤᠭ᠎ᠠ ᠴᠡᠩᠭᠡᠯ  ᠤᠨ ᠬᠥᠳᠡᠯᠭᠡᠭᠡᠨ ᠠᠴᠠ ᠭᠠᠳᠠᠨ᠎ᠠ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ ᠪᠠᠰᠠ ᠵᠤᠭᠠᠴᠠᠬᠤ ᠪᠠᠷ ᠢᠷᠡᠭᠰᠡᠨ ᠵᠤᠭᠠᠴᠠᠭᠰᠠᠳ ᠲᠤ ᠭᠤᠴᠣ ᠰᠠᠶᠢᠬᠠᠨ ᠲᠣᠭᠯᠠᠯᠲᠠ ᠪᠡᠯᠡᠳᠬᠡᠵᠦ᠂ ᠡᠯ ᠷᠧᠨ ᠵᠤᠸᠠᠨ᠂ ᠠᠭᠤᠳᠠᠮ ᠲᠠᠯᠠᠪᠠᠢ ᠶᠢᠨ ᠪᠥᠵᠢᠭ᠂ ᠡᠷᠲᠡᠨ ᠤ ᠶᠠᠲᠤᠭ᠎ᠠ ᠶᠢᠨ ᠲᠣᠭᠯᠠᠯᠲᠠ ᠵᠡᠷᠭᠡ ᠭᠤᠴᠣ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠵᠤ᠂ ᠲᠣᠭᠯᠠᠯᠲᠠ ᠡᠬᠢᠯᠡᠮᠡᠭᠴᠡ ᠲᠠᠶᠢᠰᠠᠨ ᠳᠣᠣᠷᠠᠬᠢ ᠦᠵᠡᠭᠴᠢᠳ ᠤᠨ ᠮᠠᠭᠲᠠᠭᠠᠯ ᠰᠠᠶᠢᠰᠢᠶᠠᠯ ᠢ ᠤᠯᠪᠠ᠃    ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠤᠯᠵᠦ ᠭᠠᠳᠠᠨ᠎ᠠ ᠣᠷᠣᠨ ᠠᠴᠠ ᠬᠠᠷᠢᠵᠤ ᠢᠷᠡᠭᠰᠡᠨ ᠭᠡᠷ  ᠤᠨ ᠬᠥᠮᠦᠰ ᠢᠷᠡᠵᠦ ᠲᠣᠭᠤᠷᠢᠵᠤ ᠪᠠᠶᠢᠨ᠎ᠠ᠂ ᠤᠳᠤ ᠡᠨᠡ ᠬᠡᠰᠡᠭ ᠪᠦᠲᠦᠭᠡᠨ ᠪᠠᠶᠢᠭᠤᠯᠤᠯᠲᠠ ᠲᠤᠩ ᠰᠠᠶᠢᠨ᠂ ᠡᠷᠲᠡᠨ ᠤ ᠬᠡᠪ ᠨᠠᠮᠪᠠ ᠲᠠᠢ᠂ ᠦᠵᠡᠮᠵᠢ ᠲᠤᠩ ᠭᠤᠶᠤ᠂ ᠪᠠᠰᠠ ᠮᠠᠰᠢ ᠣᠯᠠᠨ ᠰᠠᠶᠢᠬᠠᠨ ᠰᠡᠭᠦᠳᠡᠷ ᠲᠠᠲᠠᠵᠠᠢ᠂ ᠲᠤᠩ ᠪᠠᠶᠠᠷᠲᠠᠢ᠂ ᠤᠷᠮ᠎ᠠ ᠰᠡᠳᠬᠢᠯᠭᠡ ᠲᠤᠩ ᠰᠠᠶᠢᠨ᠃︾ ᠭᠡᠵᠦ ᠵᠢᠭᠤᠯᠴᠢᠯᠠᠭᠴᠢ ᠬᠤᠸᠠᠩ ᠸᠧᠨ ᠰᠢᠨ ᠬᠡᠯᠡᠪᠡ᠃    ᠣᠶᠢᠯᠠᠭᠠᠭᠰᠠᠨ ᠢᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠪᠤᠤ ᠱᠢ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠦᠵᠡᠮᠵᠢ ᠶᠢᠨ ᠣᠷᠣᠨ ᠳᠤ ᠬᠥᠮᠦᠨ ᠬᠠᠷ᠎ᠠ ᠣᠯᠠᠰᠢᠷᠠᠵᠤ᠂ ᠵᠤᠭᠠᠴᠠᠭᠰᠠᠳ ᠢ ᠨᠡᠶᠢᠲᠡ 26000 ᠬᠥᠮᠦᠨ ᠤᠳᠠᠭ᠎ᠠ ᠭᠥᠯᠢᠶᠡᠨ ᠠᠪᠴᠠᠶ᠃
   ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠯᠤᠤᠲᠤ ᠣᠩᠭᠤᠴᠠ ᠤᠷᠤᠯᠳᠤᠵᠤ᠂ ᠽᠦᠩᠽᠢ ᠢᠳᠡᠬᠦ  ᠨᠢ ᠮᠠᠨ ᠤ ᠤᠯᠠᠮᠵᠢᠯᠠᠯᠲᠤ ᠵᠠᠩ ᠳᠠᠳᠬᠠᠯ ᠪᠣᠯᠤᠭᠰᠠᠭᠠᠷ ᠢᠷᠡᠵᠡᠶ᠂ ᠲᠦᠴᠢᠦᠸᠠᠨ ᠰᠢᠶᠠᠨ ᠤ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠳᠤ᠂ ᠮᠠᠰᠢ ᠣᠯᠠᠨ ᠵᠤᠭᠠᠴᠠᠭᠰᠠᠳ ᠤᠯᠠᠭᠠᠨ ᠰᠢᠷ᠎ᠠ ᠬᠥᠬᠡ ᠨᠣᠭᠤᠭᠠᠨ ᠳᠥᠷᠪᠡᠨ ᠯᠤᠤᠲᠤ ᠣᠩᠭᠤᠴᠠ ᠣᠷᠣᠯᠳᠤᠬᠤ ᠡᠩᠨᠡᠭᠡ ᠶᠢ ᠵᠣᠬᠢᠶᠠᠨ ᠪᠠᠢᠭᠤᠯᠵᠤ᠂ ᠬᠢᠨᠠᠭᠴᠢ ᠶᠢᠨ ᠵᠠᠷᠯᠢᠭ ᠳᠣᠤᠷ᠎ᠠ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠢᠭᠳᠡ ᠵᠢᠭᠳᠡ ᠪᠠᠷ ᠡᠴᠦᠰ ᠤᠨ ᠴᠡᠭ ᠵᠦᠭ ᠤᠷᠤᠭᠰᠢᠯᠠᠵᠠᠶ᠃ ᠽᠥᠩ ᠽᠢ ᠭᠦᠬᠢᠳᠡᠬᠦ ᠲᠣᠭᠯᠠᠭᠠᠮ ᠤᠨ ᠲᠣᠭᠤᠷᠢᠭ ᠲᠤ᠂ ᠵᠤᠭᠠᠴᠠᠭᠰᠠᠳ ᠣᠨᠴᠠ ᠴᠢᠨᠠᠷ ᠤᠨ ᠭᠥᠬᠢ ᠶᠢᠨ ᠡᠰᠢ ᠪᠠᠷᠢᠵᠤ᠂ ᠬᠡᠷᠡᠰᠬᠡ ᠶᠢᠨ ᠲᠣᠭᠤᠷᠢᠨ ᠳᠤ ᠬᠦᠷᠢᠶᠡᠯᠡᠵᠦ᠂ ᠣᠯᠠᠨ ᠢᠶᠠᠷ ᠢᠶᠠᠨ ᠲᠠᠰᠤᠷᠠᠯᠲᠠ ᠥᠬᠡᠶ ᠬᠥᠳᠡᠯᠦᠯ ᠪᠠᠷᠢᠯ ᠢᠶᠠᠨ ᠬᠤᠪᠢᠷᠠᠭᠤᠯᠵᠤ᠂ ᠪᠠᠯ ᠪᠡᠯᠭᠡ ᠲᠡᠮᠳᠡᠭ ᠪᠣᠯᠤᠭᠰᠠᠨ ᠽᠦᠩᠽᠢ ᠶᠢ ᠭᠥᠬᠢᠳᠡᠵᠦ᠂ ᠰᠠᠶᠢᠬᠠᠨ ᠥᠩᠭᠡ ᠪᠤᠳᠤᠭ ᠪᠣᠯᠭᠠᠬᠤ ᠶᠢᠨ ᠲᠥᠯᠥᠭᠡ ᠶᠤᠮ᠃
   ︽ᠥᠨᠥᠳᠦᠷ ᠡᠪᠦᠭᠡ ᠨᠠᠳᠠ ᠶᠢ ᠳᠠᠭᠠᠭᠤᠯᠵᠤ ᠨᠠᠭᠠᠳᠬᠤ ᠪᠠᠷ ᠢᠷᠡᠵᠡᠢ᠂ ᠪᠢ ᠯᠤᠤᠲᠤ ᠣᠩᠭᠤᠴᠠ ᠶᠢᠨ ᠤᠷᠤᠯᠳᠤᠭᠠᠨ ᠢ ᠦᠵᠡᠵᠦ᠂ ᠪᠠᠰᠠ ᠺᠠᠷᠲ᠋ᠢᠩ ᠲᠡᠷᠭᠡ ᠪᠣᠯᠤᠨ ᠵᠢᠭᠠᠰᠤ ᠲᠡᠮᠲᠡᠷᠢᠬᠦ ᠶᠢ ᠨᠠᠭᠠᠳᠴᠠᠢ᠂ ᠪᠢ ᠲᠤᠩ ᠪᠠᠶᠠᠷᠲᠠᠢ ᠨᠠᠭᠠᠳᠴᠠᠢ᠃︾ ᠭᠡᠵᠦ ᠵᠢᠭᠤᠯᠴᠢᠯᠠᠭᠴᠢ ᠮᠤᠤ ᠰᠢᠨ ᠪᠠᠶᠠᠷᠲᠠᠶ ᠬᠡᠯᠡᠨ᠎ᠡ᠃    ︽ᠡᠨᠡ ᠴᠢᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠪᠢᠰᠢ ᠤᠤ᠂ ᠪᠢ ᠨᠠᠶᠢᠵᠠ ᠨᠠᠷ  ᠲᠠᠢ ᠪᠠᠨ ᠮᠢᠩ ᠰᠢᠩ ᠨᠠᠭᠤᠷ ᠲᠤ ᠣᠴᠢᠵᠤ ᠨᠠᠭᠠᠳᠤᠨ᠂ ᠮᠠᠰᠢ ᠣᠯᠠᠨ ᠠᠮᠲᠠᠲᠤ ᠢᠳᠡᠭᠡᠨ ᠢᠳᠡᠵᠦ᠂ ᠪᠠᠰᠠ ᠮᠠᠰᠢ ᠣᠯᠠᠨ ᠵᠤᠭ᠎ᠠ ᠴᠡᠩᠭᠡᠯ ᠤᠨ ᠲᠥᠷᠥᠯ ᠵᠦᠶᠯ ᠢ ᠨᠠᠭᠠᠳᠴᠠᠶ᠂ ᠮᠠᠰᠢ ᠪᠠᠶᠠᠷᠲᠠᠶ ᠪᠠᠶᠢᠨ᠎ᠠ᠂ ᠳᠠᠷᠠᠭ᠎ᠠ ᠤᠳᠠᠭ᠎ᠠ ᠵᠠᠪᠰᠢᠶᠠᠨ ᠲᠠᠢ ᠪᠣᠯ ᠪᠢᠳᠡ ᠪᠠᠰᠠ ᠢᠷᠡᠨ᠎ᠡ᠃︾ ᠭᠡᠵᠦ ᠵᠤᠭᠠᠴᠠᠭᠰᠠᠳ ᠯᠢᠦ ᠰᠢᠩ ᠵᠦᠩ ᠬᠡᠯᠡᠪᠡ᠃    ᠡᠭᠦᠨ ᠢᠶᠠᠷ ᠪᠠᠷᠠᠬᠤ ᠦᠭᠡᠢ᠂ ᠵᠠᠪᠰᠢᠶᠠᠨ ᠢ ᠳᠠᠯᠢᠮᠳᠠᠭᠤᠯᠤᠨ᠂ ᠨᠤᠭᠤᠰᠤ ᠪᠠᠷᠢᠬᠤ᠂ ᠳᠡᠪᠦᠷ᠎ᠡ ᠰᠢᠳᠡᠬᠦ᠂ ᠰᠤᠷ ᠬᠠᠷᠪᠤᠬᠤ ᠵᠡᠷᠭᠡ ᠠᠯᠢ ᠤᠯᠠᠨ ᠵᠤᠭ᠎ᠠ ᠴᠡᠩᠭᠡᠯ ᠤᠨ ᠲᠦᠷᠦᠯ ᠵᠦᠢᠯ ᠨᠢ ᠪᠠᠰᠠ ᠵᠤᠭᠠᠴᠠᠭᠰᠠᠳ ᠤᠨ ᠪᠠᠶᠠᠷ ᠪᠠᠶᠠᠰᠤᠯ  ᠤᠨ ᠳᠤᠮᠳᠠ ᠪᠤᠴᠠᠬᠤ ᠳᠤᠷ᠎ᠠ ᠶᠢ ᠨᠢ ᠬᠦᠷᠭᠡᠵᠡᠢ᠃
   ︽ᠮᠠᠨ ᠤ ᠦᠵᠡᠮᠵᠢ ᠶᠢᠨ ᠣᠷᠣᠨ ᠳᠤ ᠣᠲᠣ ᠮᠢᠩ ᠰᠢᠩ ᠨᠠᠭᠤᠷ ᠲᠣᠭᠤᠷᠢᠯ ᠤᠨ ᠨᠣᠭᠤᠭᠠᠨ ᠵᠠᠮ᠂ ᠣᠩᠭᠤᠴᠠ ᠪᠠᠭᠤᠳᠠᠯ ᠪᠠᠭᠤᠳᠠᠯ᠂ ᠨᠡᠷᠡᠨ ᠤ ᠬᠡᠷᠡᠯ ᠡᠯᠡᠰᠦᠨ ᠲᠠᠩ᠂ ᠲᠤᠲᠤᠷᠭ᠎ᠠ ᠶᠢᠨ ᠨᠠᠶᠮᠠᠯᠵᠢ ᠶᠢᠨ ᠴᠡᠴᠡᠷᠯᠢᠭ ᠵᠡᠷᠭᠡ ᠵᠢᠭᠤᠯᠴᠢᠯᠠᠯ ᠤᠨ ᠲᠥᠬᠦᠭᠡᠷᠦᠮᠵᠢ ᠶᠢᠨ ᠲᠥᠷᠥᠯ ᠵᠦᠶᠯ ᠪᠣᠶ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠨᠡ ᠬᠡᠳᠦᠨ ᠡᠳᠦᠷ ᠠᠶᠢᠮᠠᠭ ᠤᠨ ᠭᠠᠳᠠᠨᠠᠬᠢ ᠵᠤᠭᠠᠴᠠᠭᠰᠠᠳ ᠴᠤ ᠨᠡᠯᠢᠶᠡᠳ ᠣᠯᠠᠨ ᠪᠠᠶᠢᠨ᠎ᠠ᠂ ᠪᠢᠳᠡ ᠪᠠᠰᠠ ᠦᠶᠯᠡᠴᠢᠯᠡᠭᠡ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ ᠪᠠᠶᠢᠨ᠎ᠠ᠂ ᠪᠠᠰᠠ ᠨᠠᠩ ᠣᠯᠠᠨ ᠵᠤᠭᠠᠴᠠᠭᠰᠠᠳ ᠮᠠᠨ ᠤ ᠠᠳᠡ ᠢᠷᠡᠵᠦ ᠺᠠᠷᠲ ᠪᠦᠷᠢᠳᠬᠡᠭᠦᠯᠬᠦ ᠶᠢ ᠬᠦᠰᠡᠵᠦ ᠪᠠᠶᠢᠨ᠎ᠠ᠃︾ ᠭᠡᠵᠦ ᠮᠢᠩ ᠰᠢᠩ ᠬᠥᠳᠡᠭᠡ ᠲᠣᠰᠬᠤᠨ  ᠤ ᠶᠡᠷᠦᠩᠬᠡᠶᠢᠯᠡᠭᠰᠡᠨ ᠴᠣᠭᠴᠠ ᠶᠢᠨ ᠠᠵᠢᠯᠲᠠᠨ ᠲᠢᠶᠠᠨ ᠵᠢᠶᠠ ᠰᠢᠩ ᠬᠡᠯᠡᠪᠡ᠃
   ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ︽ᠠᠮᠢᠯᠠᠭᠤᠯᠵᠤ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠨᠢ ᠰᠠᠶᠢᠨ ᠰᠠᠶᠢᠬᠠᠨ ᠨᠠᠭᠤᠷ ᠴᠥᠭᠦᠷᠥᠮ ᠤᠨ ᠠᠮᠢ ᠠᠬᠤᠶ ᠪᠠᠷ ᠰᠠᠭᠤᠷᠢ ᠪᠣᠯᠭᠠᠵᠤ᠂ ᠨᠤᠭᠤ ᠭᠠᠵᠠᠷ ᠤᠨ ᠵᠢᠭᠠᠰᠤ ᠠᠩᠨᠠᠨ ᠲᠠᠷᠢᠶᠠᠯᠠᠬᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠥᠩᠭᠡ ᠳᠦᠷᠰᠦ ᠶᠢ ᠥᠭᠡᠷᠡᠴᠢᠯᠡᠨ ᠰᠢᠨᠡᠳᠬᠡᠵᠦ᠂ ᠪᠦᠷᠢᠨ ᠲᠡᠭᠦᠯᠳᠡᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠥᠷᠢᠳᠦᠭᠦᠯᠬᠦ ᠶᠢᠨ ᠬᠠᠮᠲᠤ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ ᠳᠤ ᠣᠷᠣᠭᠤᠯᠵᠤ᠂ ᠬᠥᠳᠡᠭᠡ ᠲᠣᠰᠬᠤᠨ᠂ ᠵᠢᠭᠠᠰᠤ ᠠᠩᠨᠠᠨ ᠲᠠᠷᠢᠶᠠᠯᠠᠬᠤ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠣᠷᠣᠨ᠂ ᠬᠦᠳᠡᠭᠡ ᠲᠤᠰᠬᠤᠨ ᠨᠡᠶᠢᠭᠡᠮ ᠲᠣᠭᠤᠷᠢᠭ ᠤᠨ ᠭᠤᠷᠪᠠ ᠶᠢ ᠨᠢᠭᠡᠳᠦᠭᠦᠯᠦᠭᠰᠡᠨ ᠬᠡᠯᠪᠡᠷᠢ ᠶᠢ ᠪᠠᠶᠢᠭᠤᠯᠤᠨ᠎ᠠ᠃
   ︽ᠵᠠᠯᠭᠠᠭᠠᠳ᠂ ᠪᠢᠳᠡ ︿ᠮᠢᠩᠭ᠎ᠠ ᠲᠦᠮᠡ ᠶᠢᠨ ᠢᠨᠵᠧᠨᠧᠷᠢᠩ﹀ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ ᠬᠡᠯᠪᠡᠷᠢ ᠪᠠᠨ ᠦᠷᠭᠦᠯᠵᠢᠯᠡᠨ ᠰᠢᠨᠡᠴᠢᠯᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠶᠯᠡᠴᠢᠯᠡᠭᠡᠨ  ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠤ ᠦᠶᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠠᠬᠢᠭᠤᠯᠤᠨ᠎ᠠ᠃︾ ᠭᠡᠵᠦ ᠵᠡᠭᠦᠨ  ᠲᠦᠷᠦᠯᠵᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦ᠋ ᠴᠠᠩ ᠴᠦᠨ ᠬᠡᠯᠡᠪᠡ᠃    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠲᠦᠴᠢᠦᠸᠠᠨ ᠰᠢᠶᠠᠨ ᠤ ᠮᠢᠩ ᠰᠢᠩ ᠬᠦᠳᠡᠭᠡ ᠲᠤᠰᠬᠤᠨ ᠤ ᠶᠡᠷᠦᠩᠬᠡᠶ ᠴᠣᠭᠴᠠ ᠳᠤ ᠬᠥᠮᠦᠨ ᠤ ᠳᠠᠯᠠᠢ ᠪᠣᠯᠵᠤ᠂ ᠣᠯᠠᠨ ᠶᠠᠩᠵᠤ ᠶᠢᠨ ᠵᠤᠭ᠎ᠠ ᠴᠡᠩᠭᠡᠯ  ᠤᠨ ᠠᠵᠢᠯᠯᠠᠭ᠎ᠠ ᠨᠢ ᠨᠠᠩ ᠴᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠵᠤ᠂ ᠬᠥᠮᠦᠰ ᠤᠨ ᠬᠦᠷᠢᠶᠡᠯᠡᠯ ᠢ ᠣᠯᠵᠤ᠂ ᠠᠵᠤ ᠠᠬᠤᠶ ᠶᠢᠨ ︽ᠬᠤᠣᠰ ᠡᠯᠪᠡᠭ ᠬᠤᠷᠢᠶᠠᠯᠲᠠ︾ ᠶᠢ ᠪᠡᠶᠡᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号