ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠲᠦᠴᠢᠦᠸᠠᠨ ᠰᠢᠶᠠᠨ ᠤ ᠭᠥᠯᠢᠶᠡᠨ ᠠᠪᠤᠭᠰᠠᠨ ᠵᠤᠭᠠᠴᠠᠭᠰᠠᠳ 19 ᠲᠦᠮᠡᠨ ᠬᠥᠮᠦᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2024/6/12
   ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠭᠦᠨᠵᠡᠭᠡᠶᠢᠷᠡᠨ ᠠᠭᠢᠬᠤ  ᠶᠢ ᠳᠠᠭᠠᠯᠳᠤᠨ᠂ ᠵᠢᠭᠤᠯᠴᠢᠯᠠᠯ ᠨᠢ ᠤᠯᠠᠮ ᠠᠴᠠ ᠤᠯᠠᠮ ᠣᠯᠠᠨ ᠠᠷᠠᠳ ᠢᠷᠭᠡᠳ ᠤᠨ ᠡᠳᠦᠷ ᠲᠤᠲᠤᠮ ᠤᠨ ᠬᠡᠷᠡᠭᠯᠡᠭᠡ ᠪᠣᠯᠵᠣ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠢᠭᠤᠯᠴᠢᠯᠠᠯ᠂ ᠠᠷᠠᠳ ᠤᠨ ᠵᠠᠩ ᠦᠶᠯᠡ ᠶᠢᠨ ᠵᠢᠭᠤᠯᠴᠢᠯᠠᠯ᠂ ᠡᠷᠬᠢᠨ ᠲᠣᠭᠤᠷᠢᠨ ᠤ ᠵᠢᠭᠤᠯᠴᠢᠯᠠᠯ᠂ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ ᠵᠡᠷᠭᠡ ᠨᠢ ᠬᠥᠷ ᠬᠥᠭᠵᠢᠶᠡᠨᠲᠡᠶ ᠪᠠᠶᠢᠳᠠᠯ ᠢᠯᠡᠷᠡᠪᠡ᠃ ᠲᠦᠴᠢᠦᠸᠠᠨ ᠰᠢᠶᠠᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠳᠤ᠂ ᠪᠠᠳᠠᠷᠠᠨ ᠳᠡᠯᠭᠡᠷᠡᠭᠰᠡᠨ ᠴᠠᠨ᠎ᠠ᠂ ᠠᠮᠲᠠᠲᠤ ᠬᠡᠮᠬᠡ᠂ ᠪᠠᠰᠠ ᠳᠣᠯᠭᠢᠶᠠᠯᠠᠬᠤ ᠮᠢᠩ ᠰᠢᠩ ᠨᠠᠭᠤᠷ᠂ ᠰᠢᠯᠦᠭᠯᠢᠭ ᠤᠳᠬ᠎ᠠ ᠠᠭᠤᠯᠭ᠎ᠠ ᠲᠠᠢ ᠲᠡᠦᠬᠡ ᠰᠣᠶᠣᠯ ᠤᠨ ᠮᠦᠽᠧᠢ ᠵᠡᠷᠭᠡ ᠨᠢ ᠡᠯ᠎ᠡ ᠭᠠᠵᠠᠷ ᠤᠨ ᠵᠤᠭᠠᠴᠠᠭᠰᠠᠳ ᠢ ᠲᠠᠰᠤᠷᠠᠯᠲᠠ ᠦᠭᠡᠢ ᠲᠠᠲᠠᠨ᠎ᠠ᠃
   ᠳᠠᠭᠠᠳᠬᠠᠬᠤ᠂ ᠰᠢᠪᠠᠭ᠎ᠠ ᠰᠤᠭᠤᠯᠬᠤ᠂ ᠽᠦᠩᠽᠢ ᠭᠥᠬᠢᠳᠡᠬᠦ᠂ ᠳᠡᠪᠦᠷ᠎ᠡ ᠰᠢᠳᠡᠬᠦ…… ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ︽ᠴᠦᠨ ᠵᠧᠦ ᠳᠤ ᠬᠦᠷᠴᠦ᠂ ᠽᠦᠩᠽᠢ ᠶᠢᠨ ᠪᠠᠶᠠᠷ ᠪᠠᠶᠠᠰᠤᠯ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠭᠡᠷ ᠤᠨ ᠬᠥᠮᠦᠰ᠂ ᠬᠡᠦᠬᠡᠳ ᠲᠠᠢ ᠪᠠᠨ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠮ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠭᠰᠠᠨ ᠢᠶᠠᠷ ᠪᠠᠷᠠᠬᠤ ᠦᠭᠡᠢ᠂ ᠪᠠᠰᠠ ᠲᠠᠯᠠᠪᠠᠢ ᠣᠷᠳᠣᠨ ᠳᠤ ᠲᠦᠴᠢᠦᠸᠠᠨ ᠰᠢᠶᠠᠨ ᠤ ᠬᠥᠭᠵᠢᠯᠲᠡ ᠶᠢᠨ ᠲᠡᠦᠬᠡᠨ ᠶᠠᠪᠤᠴᠠ ᠶᠢ ᠣᠶᠢᠯᠠᠭᠠᠵᠤ᠂ ᠲᠠᠯᠠᠪᠠᠢ ᠣᠷᠳᠣᠨ ᠤ ᠰᠣᠩᠭᠤᠳᠠᠭ ᠦᠯᠢᠭᠡᠷ ᠢ ᠰᠣᠨᠣᠰᠤᠭᠰᠠᠨ ᠪᠠᠶᠢᠨ᠎ᠠ᠃
   ︽ᠥᠨᠥᠳᠦᠷ ᠪᠢ ᠡᠵᠢ ᠲᠠᠢ ᠪᠠᠨ ᠬᠠᠮᠲᠤ ᠮᠦᠽᠧᠢ ᠳᠤ ᠡᠷᠬᠢᠯᠡᠭᠰᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ  ᠤ ᠪᠠᠶᠠᠷ ᠤᠨ ᠬᠥᠳᠡᠯᠭᠡᠭᠡᠨ ᠳᠤ ᠣᠷᠣᠯᠴᠠᠪᠠ᠂ ᠪᠢ ᠳᠡᠪᠦᠷ᠎ᠡ ᠰᠢᠳᠡᠬᠦ᠂ ᠽᠦᠩᠽᠢ ᠭᠥᠬᠢᠳᠡᠬᠦ ᠪᠠ ᠰᠢᠪᠠᠭ᠎ᠠ ᠲᠠᠲᠠᠬᠤ ᠵᠡᠷᠭᠡ ᠲᠣᠭᠯᠠᠭᠠᠮ ᠢ ᠨᠠᠭᠠᠳᠴᠤ᠂ ᠪᠠᠰᠠ ᠮᠠᠰᠢ ᠤᠯᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠲᠤᠬᠠᠢ ᠮᠡᠳᠡᠯᠭᠡ ᠰᠤᠷᠴᠠᠢ᠂ ᠦᠨᠡᠬᠡᠷ ᠪᠠᠶᠠᠷᠲᠠᠢ᠃︾ ᠭᠡᠵᠦ ᠪᠢᠴᠢᠬᠠᠨ ᠵᠤᠭᠠᠴᠠᠭᠴᠢ ᠹᠧᠩ ᠶᠤᠸᠠᠢ ᠴᠢᠩ ᠯᠦᠸᠧ ᠱᠠᠩ ᠢ ᠡᠮᠦᠰᠴᠦ᠂ ᠲᠠᠯᠠᠪᠠᠢ ᠣᠷᠳᠣᠨ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠭᠤᠸ᠎ᠠ ᠰᠠᠶᠢᠬᠠᠨ ᠢ ᠮᠡᠳᠡᠷᠡᠵᠦ ᠪᠠᠶᠢᠯ᠎ᠠ᠃
   ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠯᠤᠤᠲᠤ ᠣᠩᠭᠤᠴᠠ ᠤᠷᠤᠯᠳᠤᠵᠤ᠂ ᠽᠦᠩᠽᠢ ᠢᠳᠡᠬᠦ  ᠨᠢ ᠨᠠᠩ ᠴᠤ ᠮᠠᠨ ᠤ ᠤᠯᠠᠮᠵᠢᠯᠠᠯᠲᠤ ᠵᠠᠩ ᠵᠠᠩᠰᠢᠯ ᠪᠣᠯᠤᠨ᠎ᠠ᠂ ᠵᠥᠪᠬᠡᠨ ᠮᠠᠰᠢ ᠣᠯᠠᠨ ᠵᠤᠭᠠᠴᠠᠭᠰᠠᠳ ᠢᠶᠠᠷ ᠪᠦᠷᠢᠯᠳᠦᠭᠰᠡᠨ ᠤᠯᠠᠭᠠᠨ ᠰᠢᠷ᠎ᠠ ᠬᠥᠬᠡ ᠨᠣᠭᠤᠭᠠᠨ ᠳᠥᠷᠪᠡᠨ ᠤᠷᠤᠯᠳᠤᠭᠠᠨ ᠤ ᠯᠤᠤᠲᠤ ᠣᠩᠭᠤᠴᠠᠲᠤ ᠠᠩᠭᠢ ᠨᠢ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠨᠠᠭᠤᠷ ᠳᠡᠭᠡᠷ᠎ᠡ ᠲᠡᠷᠢ ᠲᠡᠭᠰᠢ ᠵᠢᠭᠰᠠᠵᠤ᠂ ᠬᠢᠨᠠᠭᠴᠢ ᠶᠢᠨ ᠵᠠᠷᠯᠢᠭ ᠳᠣᠤᠷ᠎ᠠ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠴᠦᠰ  ᠤᠨ ᠴᠡᠭ ᠵᠦᠭ ᠬᠦᠴᠦᠯᠡᠨ ᠤᠷᠤᠭᠰᠢᠯᠠᠵᠠᠶ᠃
   ︽ᠯᠤᠤᠲᠤ ᠣᠩᠭᠤᠴᠠ ᠣᠷᠣᠯᠳᠤᠬᠤ ᠨᠢ ᠲᠠᠮᠢᠷ ᠲᠡᠩᠬᠡᠭᠡ ᠲᠠᠢ ᠪᠠᠷ ᠪᠠᠷᠠᠬᠤ ᠦᠭᠡᠢ᠂ ᠪᠠᠰᠠ ᠬᠠᠷᠢᠯᠴᠠᠨ ᠬᠠᠮᠵᠢᠯᠴᠠᠬᠤ ᠬᠡᠷᠡᠭᠲᠡᠶ᠂ ᠨᠢᠳᠦ ᠭᠠᠷ ᠤᠨ ᠠᠯᠬᠤᠭ᠎ᠠ ᠨᠢᠭᠡᠳᠦᠯᠲᠡᠶ᠂ ᠡᠨᠡ ᠤᠳᠠᠭᠠᠨ ᠤ ᠮᠢᠩ ᠰᠢᠩ ᠨᠠᠭᠤᠷ ᠤᠨ ᠠᠶᠠᠯᠠᠯ ᠮᠠᠰᠢ ᠪᠡᠨ᠎ᠡ ᠲᠠᠢ᠃︾ ᠭᠡᠵᠦ ᠰᠠᠶ᠋ᠢᠬᠠᠨ ᠯᠤᠤᠲᠤ ᠣᠩᠭᠤᠴᠠ ᠤᠷᠤᠯᠳᠤᠵᠤ ᠪᠠᠷᠠᠭᠰᠠᠨ ᠵᠤᠭᠠᠴᠠᠭᠰᠠᠳ ᠯᠢᠦ ᠰᠢᠩ ᠵᠥᠩ ᠰᠡᠳᠬᠢᠯ ᠳᠣᠭᠳᠣᠯᠤᠨ ᠬᠡᠯᠡᠪᠡ᠃    ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ︽ᠠᠮᠢᠯᠠᠭᠤᠯᠵᠤ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠨᠢ ᠰᠠᠶᠢᠨ ᠰᠠᠶᠢᠬᠠᠨ ᠨᠠᠭᠤᠷ ᠴᠥᠭᠦᠷᠥᠮ ᠤᠨ ᠠᠮᠢ ᠠᠬᠤᠶ ᠪᠠᠷ ᠰᠠᠭᠤᠷᠢ ᠪᠣᠯᠭᠠᠵᠤ᠂ ᠨᠤᠭᠤ ᠭᠠᠵᠠᠷ ᠤᠨ ᠵᠢᠭᠠᠰᠤ ᠠᠩᠨᠠᠨ ᠲᠠᠷᠢᠶᠠᠯᠠᠬᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠥᠩᠭᠡ ᠳᠦᠷᠰᠦ ᠶᠢ ᠥᠭᠡᠷᠡᠴᠢᠯᠡᠨ ᠰᠢᠨᠡᠳᠬᠡᠵᠦ᠂ ᠪᠦᠷᠢᠨ ᠲᠡᠭᠦᠯᠳᠡᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠥᠷᠢᠳᠦᠭᠦᠯᠬᠦ ᠶᠢᠨ ᠬᠠᠮᠲᠤ ᠡᠴᠢᠭᠡ ᠡᠬᠡ ᠦᠷ᠎ᠡ ᠬᠡᠦᠬᠡᠳ ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ ᠳᠤ ᠣᠷᠣᠭᠤᠯᠵᠤ᠂ ᠬᠥᠳᠡᠭᠡ ᠲᠣᠰᠬᠤᠨ᠂ ᠵᠢᠭᠠᠰᠤ ᠠᠩᠨᠠᠨ ᠲᠠᠷᠢᠶᠠᠯᠠᠬᠤ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠣᠷᠣᠨ᠂ ᠬᠦᠳᠡᠭᠡ ᠲᠤᠰᠬᠤᠨ ᠨᠡᠶᠢᠭᠡᠮ ᠲᠣᠭᠤᠷᠢᠭ ᠤᠨ ᠭᠤᠷᠪᠠ ᠶᠢ ᠨᠢᠭᠡᠳᠦᠭᠦᠯᠦᠭᠰᠡᠨ ᠬᠥᠳᠡᠭᠡ ᠲᠤᠰᠬᠤᠨ ᠤ ᠬᠡᠯᠪᠡᠷᠢ ᠪᠦᠳᠦᠭᠡᠨ ᠪᠠᠶᠢᠭᠤᠯᠤᠨ᠎ᠠ᠃
   ᠪᠦᠷᠢᠳᠬᠡᠯ ᠢ ᠦᠨᠳᠦᠰᠦᠯᠡᠪᠡᠯ᠂ 6 ᠰᠠᠷ᠎ᠠ ᠶᠢᠨ 8 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠂ ᠪᠦᠬᠦ ᠰᠢᠶᠠᠨ ᠤ ᠵᠢᠭᠤᠯᠴᠢᠯᠠᠭᠰᠠᠨ ᠬᠥᠮᠦᠨ ᠤ ᠲᠤᠭ᠎ᠠ 19.62 ᠲᠦᠮᠡᠨ ᠬᠥᠮᠦᠨ ᠤᠳᠠᠭ᠎ᠠ ᠳᠤ ᠬᠦᠷᠴᠡᠶ᠂ ᠡᠭᠦᠨ ᠤ ᠳᠣᠲᠣᠷ᠎ᠠ ᠡᠪᠦᠭᠡᠨ ᠠᠭᠤᠯᠠ ᠪᠣᠯᠤᠨ ᠪᠤᠤ ᠱᠢ ᠨᠠᠭᠤᠷ ᠤᠨ ᠦᠵᠡᠮᠵᠢ ᠶᠢᠨ ᠣᠷᠣᠨ ᠨᠡᠶᠢᠲᠡ 5 ᠲᠦᠮᠡ ᠰᠢᠬᠠᠮ ᠵᠤᠭᠠᠴᠠᠭᠴᠢ ᠶᠢ ᠬᠦᠯᠢᠶᠡᠨ ᠠᠪᠴᠤ᠂ ᠮᠢᠩ ᠰᠢᠩ ᠨᠠᠭᠤᠷ ᠤᠨ ᠦᠵᠡᠮᠵᠢ ᠶᠢᠨ ᠣᠷᠣᠨ 7 ᠲᠦᠮᠡ ᠭᠠᠷᠤᠶ ᠵᠤᠭᠠᠴᠠᠭᠴᠢ ᠶᠢ ᠬᠦᠯᠢᠶᠡᠨ ᠠᠪᠴᠤ᠂ ᠰᠥᠨᠢ ᠥᠨᠵᠢᠨ ᠵᠤᠭᠠᠴᠠᠭᠰᠠᠨ ᠬᠥᠮᠦᠨ ᠤ ᠲᠤᠭ᠎ᠠ 8840 ᠪᠤᠯᠤᠨ᠎ᠠ᠃ ᠪᠥᠬᠦ ᠰᠢᠶᠠᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠯ ᠤᠨ ᠣᠷᠣᠯᠭ᠎ᠠ 8971 ᠲᠦᠮᠡᠨ ᠲᠥᠭᠦᠷᠢᠭ ᠢ ᠪᠡᠶᠡᠯᠡᠭᠦᠯᠵᠦ᠂ ᠭᠠᠷᠠᠭ ᠤᠨ ᠰᠡᠭᠦᠯᠴᠢ ᠶᠢᠨ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ ᠪᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠲᠠ ᠶᠢᠨ ᠲᠡᠭᠦᠷᠭᠡ  ᠶᠢᠨ ᠵᠢᠭᠤᠯᠴᠢᠯᠠᠯ ᠨᠢ ᠵᠢᠭᠤᠯᠴᠢᠯᠠᠯ ᠤᠨ ᠴᠢᠬᠤᠯᠠ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠲᠦᠷᠦᠯ ᠲᠡᠮᠲᠡᠭ ᠤᠨ ᠭᠤᠣᠯ ᠴᠣᠭᠴᠠ ᠶᠢᠨ ᠲᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠲᠠᠯᠲᠠ ᠬᠦᠴᠦᠨ ᠢ ᠭᠦᠨᠵᠡᠭᠡᠢ ᠠᠭᠤᠳᠠᠯᠵᠤ᠂ ᠮᠢᠩ ᠰᠢᠩ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ᠂ ᠪᠤᠤ ᠱᠢ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠰᠡᠯᠡᠭᠦᠴᠡᠨ ᠲᠡᠭᠦᠬᠦ ᠪᠠᠷ ᠰᠠᠭᠤᠷᠢ ᠪᠣᠯᠭᠠᠭᠰᠠᠨ᠂ ᠠᠮᠠᠷᠠᠨ ᠵᠤᠭᠠᠴᠠᠬᠤ ᠦᠨᠦᠷ ᠠᠮᠲᠠ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠯᠲᠡ ᠪᠠᠷ ᠣᠨᠴᠠᠯᠢᠭ ᠪᠣᠯᠭᠠᠭᠰᠠᠨ᠂ ᠰᠤᠳᠤᠯᠭᠠᠨ ᠤ ᠰᠠᠯᠠᠭᠠᠨ ᠤ ᠰᠢᠯᠭᠠᠯᠲᠠ ᠪᠠᠷ ᠤᠷᠲᠤᠳᠬᠠᠭᠰᠠᠨ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠤᠭᠠᠴᠠᠯ ᠤᠨ ᠳᠠᠪᠠᠭᠤᠯᠢᠭ ᠡᠬᠢ ᠪᠠᠶᠠᠯᠢᠭ ᠢ ᠵᠤᠭᠠᠴᠠᠯ ᠤᠨ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠦᠴᠢᠦᠸᠠᠨ ᠤ ᠵᠤᠭᠠᠴᠠᠯ ᠤᠨ ᠦᠢᠯᠡᠰ ᠤᠨ ᠯᠠᠪᠳᠠᠭᠤᠨ  ᠢᠶᠠᠷ ᠬᠤᠯᠠ ᠠᠶᠠᠯᠠᠬᠤ ᠶᠢ ᠴᠢᠨᠠᠷ ᠰᠠᠶᠢᠲᠠᠢ ᠠᠬᠢᠭᠤᠯᠪᠠ᠃
   ︽ᠵᠢᠭᠤᠯᠴᠢᠯᠠᠯ ᠤᠨ ︿ᠬᠠᠯᠠᠮᠰᠢᠯ﹀ ᠦᠷᠭᠦᠯᠵᠢᠯᠡᠨ ᠨᠡᠮᠡᠭᠳᠡᠬᠦ ᠶᠢ ᠳᠠᠭᠠᠯᠳᠤᠨ᠂ ᠮᠠᠨ ᠤ ᠰᠢᠶᠠᠨ ᠤ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠨᠢᠭᠡ ᠡᠳᠦᠷ ᠤᠨ ᠵᠢᠭᠤᠯᠴᠢᠯᠠᠯ᠂ ᠡᠷᠬᠢᠨ ᠲᠣᠭᠤᠷᠢᠨ ᠤ ᠵᠢᠭᠤᠯᠴᠢᠯᠠᠯ᠂ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ ᠢᠶᠠᠷ ᠭᠤᠤᠯ ᠪᠣᠯᠭᠠᠵᠤ᠂ ︿ᠪᠢᠴᠢᠯ﹀ ᠵᠢᠭᠤᠯᠴᠢᠯᠠᠯ᠂ ︿ᠣᠬᠤᠷ﹀ ᠠᠮᠠᠷᠠᠯᠲᠠ ᠶᠢᠨ ᠵᠢᠭᠤᠯᠴᠢᠯᠠᠯ ᠤᠨ ᠣᠨᠴᠠᠯᠢᠭ ᠢ ᠢᠯᠡᠷᠡᠭᠦᠯᠪᠡ᠃ ᠦᠵᠡᠮᠵᠢ ᠶᠢᠨ ᠣᠷᠣᠨ ᠤ ᠠᠵᠢᠯᠯᠠᠭ᠎ᠠ ᠨᠠᠩ ᠴᠤ ᠡᠯᠪᠡᠭ ᠪᠠᠶᠠᠯᠢᠭ ᠪᠠᠶᠢᠵᠤ᠂ ᠰᠤᠳᠤᠯᠤᠨ ᠰᠤᠷᠤᠯᠴᠠᠬᠤ ᠬᠢᠴᠢᠶᠡᠯ ᠤᠨ ᠲᠠᠩᠬᠢᠮ᠂ ᠬᠡᠷ ᠤᠨ ᠭᠠᠳᠠᠨ᠎ᠠ ᠠᠭᠤᠯᠠ ᠠᠪᠠᠷᠢᠬᠤ᠂ ᠬᠢᠲᠠᠳ ᠬᠤᠪᠴᠠᠰᠤ ᠵᠠᠰᠠᠯ᠂ ᠡᠷᠲᠡᠨ ᠤ ᠬᠡᠪ ᠨᠠᠮᠪᠠᠳᠤ ᠵᠠᠰᠠᠯ ᠴᠢᠮᠡᠭᠯᠡᠯ ᠤᠨ ᠡᠳ᠋᠂ ᠯᠤᠤᠲᠤ ᠣᠩᠭᠤᠴᠠ ᠶᠢᠨ ᠤᠷᠤᠯᠳᠤᠭᠠᠨ ᠂ ᠬᠥᠭᠡᠰᠦᠷᠬᠡᠭ ᠴᠤᠭᠯᠠᠭᠠᠨ ᠵᠡᠷᠭᠡ ᠠᠵᠢᠯᠯᠠᠭ᠎ᠠ ᠬᠤᠶᠢᠨ᠎ᠠ ᠬᠤᠶᠢᠨ᠎ᠠ ᠠᠴᠠ ᠪᠠᠨ ᠶᠠᠪᠤᠭᠳᠠᠵᠤ᠂ ᠨᠡᠪᠴᠢᠮᠡᠯ ᠮᠠᠶ᠋ᠢᠭ  ᠤᠨ ᠮᠦᠽᠧᠶ᠂ 5D ᠺᠢᠨᠣ᠋ ᠶᠢᠨ ᠣᠷᠳᠣᠨ ᠵᠡᠷᠭᠡ ᠨᠢ ᠴᠦ ᠵᠢᠭᠤᠯᠴᠢᠯᠠᠭᠴᠢᠳ ᠢ ᠲᠠᠲᠠᠬᠤ ᠰᠢᠨ᠎ᠡ ᠬᠢᠯᠠᠰ ᠴᠡᠭ ᠪᠣᠯᠤᠭᠰᠠᠨ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠳᠡᠳ᠋ ᠳᠠᠷᠤᠭ᠎ᠠ ᠰᠦ᠋ ᠰᠢᠨ ᠸᠧᠶ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号