ᠵᠢᠤ ᠯᠦᠩ ᠰᠢᠶᠠᠩ᠄ ︽ᠳᠥᠷᠪᠡ ᠶᠢ ᠣᠷᠣᠭᠤᠯᠬᠤ ᠠᠷᠭ᠎ᠠ︾ ᠨᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠨᠤᠲᠤᠭ ᠤᠨ ᠰᠤᠷᠲᠠᠯ ᠤᠨ ᠪᠣᠯᠪᠠᠰᠤᠨ ᠤ ᠰᠦᠭ ᠰᠦᠨᠡᠰᠦ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/6/13
   ᠵᠤᠷᠪᠤᠰ ᠵᠤᠷᠪᠤᠰ ᠨᠠᠮ ᠤᠨ ᠭᠡᠰᠢᠭᠦᠨ ᠤ ᠵᠡᠭᠡᠯᠢ ᠴᠡᠪᠡᠷ ᠴᠡᠮᠴᠡᠭᠡᠷ᠂ ᠬᠥᠳᠡᠭᠡ ᠲᠣᠰᠬᠤᠨ ᠴᠣ ᠰᠢᠨ᠎ᠡ ᠳᠦᠷᠰᠦ ᠪᠠᠶᠢᠳᠠᠯ ᠲᠠᠢ ᠪᠣᠯᠵᠣ᠂ ᠪᠣᠯᠪᠠᠰᠤᠨ ᠰᠢᠨ᠎ᠡ ᠬᠡᠪ ᠰᠤᠷᠲᠠᠯ ᠪᠣᠶ ᠪᠣᠯᠵᠣ᠂ ᠰᠠᠶᠢᠨ ᠬᠥᠮᠦᠨ ᠤ ᠥᠯᠢᠭᠡᠷ ᠲᠠᠰᠤᠷᠠᠯᠲᠠ ᠥᠬᠡᠶ ᠭᠠᠷᠴᠤ᠂ ᠬᠡᠪ ᠵᠠᠩᠰᠢᠯ ᠢ ᠥᠭᠡᠷᠡᠴᠢᠯᠡᠬᠦ ᠶᠠᠪᠤᠳᠠᠯ ᠬᠥᠮᠦᠰ ᠤᠨ ᠰᠡᠳᠬᠢᠯ ᠳᠤ ᠭᠦᠨ ᠰᠠᠭᠤᠭᠳᠠᠵᠤ ᠪᠠᠶᠢᠨ᠎ᠠ᠂ ᠣᠶᠢᠷ᠎ᠠ ᠶᠢᠨ ᠵᠢᠯ ᠳᠤ᠂ ᠵᠢᠦ ᠯᠦᠩ ᠰᠢᠶᠠᠩ ᠢᠮᠠᠭᠲᠠ ︽ᠳᠣᠲᠣᠨ᠎ᠠ ᠭᠠᠳᠠᠨᠠᠬᠢ ᠶᠢ ᠵᠡᠷᠭᠡᠪᠡᠷ ᠵᠠᠰᠠᠬᠤ︾ ᠶᠢ ᠪᠠᠷᠢᠮᠲᠠᠯᠠᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠬᠢᠵᠦ᠂ ᠣᠷᠣᠰᠢᠨ ᠰᠠᠭᠤᠬᠤ ᠣᠷᠴᠢᠨ ᠨᠥᠬᠦᠴᠡᠯ ᠢ ᠭᠤᠶᠣ ᠰᠠᠶᠢᠬᠠᠨ ᠪᠣᠯᠭᠠᠵᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠢ ᠠᠮᠢᠯᠠᠭᠤᠯᠵᠤ᠂ ᠰᠣᠶᠣᠯ  ᠤᠨ ᠠᠮᠢᠳᠤᠷᠠᠯ ᠢ ᠬᠥᠭᠵᠢᠶᠡᠨ ᠲᠠᠢ ᠪᠣᠯᠭᠠᠵᠤ᠂ ᠲᠠᠷᠢᠶᠠᠴᠢᠳ ᠤᠨ ᠣᠶᠤᠨ ᠰᠠᠨᠠᠭ᠎ᠠ ᠶᠢ ᠪᠠᠶᠠᠵᠢᠭᠤᠯᠵᠤ᠂ ︽ᠥᠩᠭᠡ ᠵᠢᠰᠦ︾ ᠶᠢ ᠭᠤᠶᠣᠯᠠᠭᠰᠠᠨ ᠢᠶᠠᠷ ᠪᠠᠷᠠᠬᠤ ᠥᠬᠡᠶ᠂ ︽ᠴᠤᠭ ᠵᠢᠪᠬᠤᠭ᠎ᠠ︾ ᠶᠢ ᠨᠠᠩ ᠳᠡᠭᠡᠭᠰᠢᠯᠡᠭᠦᠯᠪᠡ᠃
   ᠲᠠᠷᠢᠶᠠᠴᠢᠳ ᠤᠨ ᠣᠷᠣᠢ ᠶᠢᠨ ᠰᠤᠷᠭᠠᠭᠤᠯᠢ ᠲᠣᠰᠬᠤᠨ ᠳᠤ ᠣᠷᠣᠪᠠ᠃ ᠡᠨᠡ ᠵᠢᠯ ᠠᠴᠠ ᠨᠠᠰᠢ ᠵᠢᠦ ᠯᠦᠩ ᠰᠢᠶᠠᠩ 60 ᠭᠠᠷᠤᠶ ᠤᠳᠠᠭ᠎ᠠ ᠬᠢᠴᠢᠶᠡᠯ ᠣᠷᠣᠵᠤ᠂ 1100 ᠭᠠᠷᠤᠶ ᠬᠥᠮᠦᠨ ᠤᠳᠠᠭ᠎ᠠ ᠪᠣᠯᠪᠠᠰᠤᠷᠠᠯ ᠳᠤ ᠣᠷᠣᠯᠴᠠᠵᠠᠶ᠃ ᠬᠢᠴᠢᠶᠡᠯᠯᠡᠭᠡ ᠳᠤ ᠬᠠᠤᠯᠢ ᠲᠦᠭᠡᠮᠡᠯᠵᠢᠭᠦᠯᠬᠦ᠂ ᠲᠠᠷᠢᠵᠤ ᠲᠡᠵᠢᠭᠡᠬᠦ ᠮᠡᠷᠭᠡᠵᠢᠯ᠂ ᠵᠡᠷᠭᠡ ᠠᠭᠤᠯᠭ᠎ᠠ ᠤᠯᠠᠨ ᠶᠠᠩᠵᠤ ᠶᠢᠨ ᠪᠠᠶᠢᠵᠤ᠂ ᠥᠷᠭᠡᠨ ᠤᠯᠠᠨ ᠲᠠᠷᠢᠶᠠᠴᠢᠳ ᠲᠤ ᠡᠯᠪᠡᠭ ᠪᠠᠶᠠᠯᠢᠭ ᠲᠠᠷᠢᠶᠠᠯᠠᠩ ᠮᠠᠯ ᠠᠵᠤ ᠠᠬᠤᠢ  ᠶᠢᠨ ᠮᠡᠷᠭᠡᠵᠢᠯ ᠤᠨ ᠮᠡᠳᠡᠯᠭᠡ ᠶᠢ ᠠᠪᠴᠢᠷᠠᠵᠤ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠴᠤ ᠤᠯᠠᠮ ᠨᠢᠭᠡ ᠠᠯᠬᠤᠮ ᠳᠡᠭᠡᠭᠰᠢᠯᠡᠭᠦᠯᠪᠡ᠃
   ᠰᠣᠶᠣᠯ ᠤᠨ ᠬᠥᠳᠡᠯᠭᠡᠭᠡᠨ ᠲᠠᠯᠠᠪᠠᠢ ᠳᠤ ᠣᠷᠣᠪᠠ᠃ ᠵᠢᠤ ᠯᠦᠩ ᠰᠢᠶᠠᠩ ᠤᠨ ᠡᠯ᠎ᠡ ᠲᠣᠰᠬᠤᠨ ᠳᠤ ᠤᠯᠠᠨ ᠲᠦᠮᠡᠨ ᠤ ᠰᠣᠶᠣᠯ ᠤᠨ ᠠᠭᠤᠳᠠᠮ ᠲᠠᠯᠠᠪᠠᠢ ᠲᠠᠢ᠂ ᠪᠦᠷᠢᠨ ᠴᠢᠳᠠᠮᠵᠢ ᠲᠠᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠪᠠᠶᠢᠭᠤᠯᠵᠤ᠂ ᠲᠣᠰᠬᠤᠨ ᠤ ᠠᠷᠠᠳ ᠢ ︽ᠰᠡᠯᠡᠭᠦᠦ︾ ᠪᠠᠶᠢᠬᠤ ᠳᠤᠨᠢ ᠪᠠᠶᠠᠷ ᠪᠠᠶᠠᠰᠤᠯ ᠲᠠᠢ᠂ ︽ᠶᠠᠳᠠᠷᠠᠵᠤ ᠵᠦᠳᠡᠷᠡᠬᠦ︾ ᠦᠭᠡ ᠶᠢᠨ ᠡᠷᠭᠦᠯᠲᠡ ᠠᠮᠠᠷᠠᠬᠤ ᠭᠠᠵᠠᠷ ᠲᠠᠢ ᠪᠤᠯᠭᠠᠨ᠎ᠠ᠃ ᠲᠠᠯᠠᠪᠠᠢ ᠶᠢᠨ ᠲᠣᠭᠤᠷᠢᠨ ᠳᠤ᠂ ᠥᠩᠭᠡᠲᠦ ᠵᠢᠷᠤᠭ ᠤᠨ ᠰᠣᠶᠣᠯ ᠤᠨ ᠬᠡᠷᠡᠮ ᠤᠨ ᠠᠭᠤᠯᠠᠨ᠎ᠠ ᠪᠠᠶᠠᠯᠢᠭ ᠃ ᠡᠭᠦᠨ ᠤ ᠬᠠᠮᠲᠤ ᠲᠣᠰᠬᠤᠨ ᠤ ᠱᠠᠲᠤᠨ ᠳᠤ ᠦᠨᠳᠦᠰᠦᠲᠡᠨ ᠤ ᠣᠨᠴᠠᠯᠢᠭᠲᠤ ᠰᠣᠶᠣᠯ ᠤᠨ ᠬᠤᠩᠭᠢᠯ ᠢ ᠪᠠᠶᠢᠭᠤᠯᠵᠤ᠂ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠶᠯᠡ ᠠᠵᠢᠯᠯᠠᠭ᠎ᠠ ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠤᠷᠢᠶ᠎ᠠ ᠨᠠᠭᠠᠬᠤ ᠪᠠᠷ ᠳᠠᠮᠵᠢᠭᠤᠯᠤᠨ᠂ ᠣᠯᠠᠨ ᠵᠦᠶᠯ ᠤᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠨ᠂ ᠡᠶ᠎ᠡ ᠵᠣᠬᠢᠴᠠᠯ ᠲᠠᠢ ᠦᠨᠳᠦᠰᠦᠲᠡᠨ ᠤ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠤᠨ ᠷᠢᠳᠢ ᠰᠢᠳᠢ ᠶᠢ ᠭᠦᠨᠵᠡᠭᠡᠶ ᠮᠡᠳᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠢᠲᠡᠭᠡᠯ ᠢ ᠥᠯᠥ ᠮᠡᠳᠡᠭ ᠤᠨ ᠳᠤᠮᠳᠠ ᠪᠠᠲᠤᠳᠬᠠᠬᠤ ᠬᠡᠷᠡᠭᠲᠡᠶ᠃ ᠡᠭᠦᠨ ᠤ ᠬᠠᠮᠲᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠢᠳᠡᠪᠬᠢᠲᠡᠶ ᠵᠣᠬᠢᠶᠠᠨ ᠪᠠᠶᠢᠭᠤᠯᠤᠨ ᠲᠠᠯᠠᠪᠠᠶ  ᠶᠢᠨ ᠪᠥᠵᠢᠭ᠂ ᠶᠡᠭᠡ ᠶᠠᠩᠭᠠᠷ ᠵᠡᠷᠭᠡ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ 60 ᠭᠠᠷᠤᠶ ᠲᠠᠯᠠᠪᠠᠶ ᠥᠷᠨᠢᠭᠦᠯᠵᠦ᠂ ᠲᠠᠷᠢᠶᠠᠴᠢᠳ ᠤᠨ ᠠᠵᠢᠯᠯᠠᠭ᠎ᠠ ᠶᠢ ᠠᠭᠤᠳᠠᠮ ᠲᠠᠯᠠᠪᠠᠶ ᠳᠤ ᠣᠷᠣᠭᠤᠯᠬᠤ ᠶᠢ ᠪᠠᠶᠢᠩᠭᠤᠵᠢᠭᠤᠯᠪᠠ᠃
   ᠨᠤᠲᠤᠭ ᠤᠨ  ᠪᠣᠯᠪᠠᠰᠤᠨ ᠰᠤᠷᠲᠠᠯ ᠢ ᠬᠡᠷ ᠪᠦᠯᠢ ᠳᠤ ᠤᠷᠤᠭᠤᠯᠤᠨ᠎ᠠ᠃ ︽ᠨᠢᠭᠡ ᠭᠡᠷ᠎ᠡ ᠳᠥᠷᠪᠡᠨ ᠬᠤᠷᠠᠯ︾  ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠵᠢᠤ ᠯᠦᠩ ᠰᠢᠶᠠᠩ ᠤᠨ ᠡᠯ᠎ᠡ ᠲᠣᠰᠬᠤᠨ ᠪᠣᠯᠪᠠᠰᠤᠨ ᠬᠡᠷ ᠪᠦᠯᠢ ᠶᠢᠨ ᠰᠢᠯᠭᠠᠷᠠᠭᠤᠯᠤᠯᠲᠠ᠂ ᠳᠡᠷᠭᠡᠳᠡᠬᠢ ᠰᠠᠶᠢᠨ ᠬᠥᠮᠦᠨ᠂ ᠬᠠᠮᠤᠭ ᠤᠨ ᠭᠤᠶᠣ ᠰᠠᠶᠢᠨ ᠲᠤᠷᠠᠳᠠᠨ ᠢ ᠰᠣᠩᠭᠤᠨ ᠳᠡᠪᠰᠢᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠳᠥᠷᠪᠡᠨ ᠮᠣᠷᠠᠯ ᠤᠨ ᠰᠠᠮᠪᠠᠷ᠎ᠠ ᠶᠢ ᠨᠠᠭᠠᠵᠤ᠂ ᠨᠡᠶᠢᠲᠡᠯᠢᠭ ᠬᠥᠮᠦᠰ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠦᠨᠡᠨ ᠬᠦ ᠪᠠᠳᠠᠷᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢ ᠭᠤᠤᠯ ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ᠂ ᠨᠤᠲᠤᠭ ᠤᠨ ᠮᠡᠷᠭᠡᠳ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠪᠣᠯᠤᠨ ᠬᠠᠯᠠᠭᠤᠨ ᠰᠡᠳᠬᠢᠯᠲᠦ ᠣᠯᠠᠨ ᠲᠦᠮᠡᠨ ᠢ ᠰᠢᠩᠭᠡᠭᠡᠨ ᠠᠪᠴᠤ ᠪᠣᠯᠪᠠᠰᠤᠨ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠠᠩᠭᠢ ᠶᠢ ᠵᠣᠬᠢᠶᠠᠨ ᠪᠠᠶᠢᠭᠤᠯᠵᠤ ᠂ ᠣᠲᠣ ᠪᠣᠯᠲᠠᠯ᠎ᠠ᠂ ᠬᠡᠷ ᠤᠨ ᠰᠤᠷᠲᠠᠯ ᠤᠨ ᠥᠯᠢᠭᠡᠷ ᠢ ᠨᠡᠶᠢᠲᠡ 20 ᠭᠠᠷᠤᠶ ᠲᠠᠯᠠᠪᠠᠶ ᠤᠬᠠᠭᠤᠯᠤᠨ ᠲᠠᠶᠢᠯᠪᠤᠷᠢᠯᠠᠵᠠᠶ᠃
   ᠬᠡᠪ ᠤᠨ ᠤᠬᠠᠭᠤᠯᠭ᠎ᠠ ᠶᠢ ᠣᠯᠠᠨ ᠲᠦᠮᠡᠨ ᠤ ᠲᠤᠮᠳᠠ ᠬᠦᠷᠭᠡᠨ᠎ᠡ᠃ ᠤᠯᠠᠮᠵᠢᠯᠠᠯᠲᠤ ᠪᠠᠶᠠᠷ ᠤᠨ ᠡᠳᠦᠷ᠂ ᠴᠢᠬᠤᠯᠠ ᠠᠵᠢᠯᠯᠠᠭ᠎ᠠ ᠵᠡᠷᠭᠡ ᠵᠠᠩᠭᠢᠯᠠᠭ᠎ᠠ ᠶᠢᠨ ᠴᠠᠭ ᠬᠤᠭᠤᠴᠠᠭ᠎ᠠ ᠲᠠᠢ ᠤᠶᠠᠯᠳᠤᠭᠤᠯᠤᠨ᠂ ︽ᠳᠠᠪᠠᠭᠠᠨ ᠳᠡᠭᠡᠷᠡᠬᠢ ᠬᠢᠩᠭᠠᠨ ᠤ ︿ᠰᠣᠶᠣᠯ﹀ ᠨᠢ ᠤᠮᠠᠷᠠᠲᠤ ᠬᠢᠯᠢ ᠶᠢ ᠳᠤᠯᠠᠭᠠᠴᠠᠭᠤᠯᠬᠤ︾ 2024 ᠣᠨ ᠤ ᠰᠣᠶᠣᠯ ᠢᠶᠠᠷ ᠠᠷᠠᠳ  ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ᠂  ︽ᠯᠧᠢ ᠹᠧᠩ ᠠᠴᠠ ᠰᠤᠷᠤᠯᠴᠠᠵᠤ ᠪᠣᠯᠪᠠᠰᠤᠨ ᠢᠶᠠᠷ ᠮᠠᠨ ᠤ ᠠᠵᠢᠯᠯᠠᠭ᠎ᠠ ᠪᠠᠨ ᠦᠶᠯᠡᠳᠦᠯᠭᠡᠵᠢᠭᠦᠯᠬᠦ︾ ︽ᠪᠢᠳᠡᠨ ᠤ ᠪᠠᠶᠠᠷ ᠤᠨ ᠡᠳᠦᠷ︾ ᠵᠡᠷᠭᠡ ᠭᠤᠤᠯ ᠰᠡᠳᠦᠪᠲᠦ ᠠᠵᠢᠯᠯᠠᠭ᠎ᠠ  ᠶᠢ 30 ᠭᠠᠷᠤᠶ ᠤᠳᠠᠭ᠎ᠠ ᠢᠳᠡᠪᠬᠢᠲᠡᠶ ᠥᠷᠨᠢᠭᠦᠯᠵᠦ᠂ 1500 ᠭᠠᠷᠤᠶ ᠬᠥᠮᠦᠨ ᠣᠯᠠᠨ ᠲᠦᠮᠡᠨ ᠳᠤ ᠣᠷᠣᠯᠴᠠᠪᠠ ᠃ ᠡᠯᠪᠡᠭ ᠪᠠᠶᠠᠯᠢᠭ ᠣᠯᠠᠨ ᠶᠠᠩᠵᠤ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠣᠯᠠᠨ ᠲᠦᠮᠡᠨ ᠤ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠶ᠃
   ᠳᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠡᠯ᠎ᠡ ᠵᠦᠢᠯ ᠤᠨ ᠠᠵᠢᠯ ᠢᠶᠠᠨ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠥᠷᠭᠡᠨ ᠤᠯᠠᠨ ᠲᠣᠰᠬᠤᠨ ᠤ ᠠᠷᠠᠳ ᠲᠦᠮᠡᠨ ᠢ ᠪᠣᠯᠪᠠᠰᠤᠨ ᠤ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠡᠷᠡᠭᠦᠯ ᠪᠣᠯᠪᠠᠰᠤᠨ ᠨᠤᠲᠤᠭ ᠤᠨ ᠰᠤᠷᠲᠠᠯ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号