ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠨᠠᠶᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/6/13
   6 ᠰᠠᠷ᠎ᠠ ᠶᠢᠨ 12 ᠤᠨ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠵᠢᠴᠢ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠧ ᠪᠢᠨ ᠬᠤᠷᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠵᠢᠶᠠᠨ ᠭᠦᠸᠧ ᠵᠢᠴᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠠᠶᠢᠮᠠᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠵᠢᠤᠢ ᠬᠤᠩ ᠬᠤ᠋ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠬᠤᠷᠠᠯ ᠳᠤ ᠣᠷᠣᠯᠴᠠᠵᠤ᠂ ᠴᠠᠭᠳᠠᠨ ᠪᠠᠶᠢᠴᠠᠭᠠᠬᠤ ᠠᠯᠪᠠᠨ ᠬᠡᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠰᠤᠯᠠ ᠣᠷᠣᠯᠴᠠᠵᠠᠶ    ᠬᠤᠷᠠᠯ ᠠᠴᠠ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠤᠮᠳᠠ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠰᠢᠶᠠᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠢᠨᠠᠯᠲᠠ ᠲᠠᠯᠪᠢᠬᠤ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ ᠥᠷᠭᠡᠳᠬᠡᠬᠦ᠂ ᠲᠤᠰᠬᠠᠶ ᠬᠦᠴᠦᠯᠡᠬᠦ᠂ ᠳᠣᠷᠣᠭᠰᠢ ᠤᠷᠲᠤᠳᠬᠠᠬᠤ ᠶᠢ ᠠᠬᠢᠭᠤᠯᠵᠤ᠂ ᠨᠢᠭᠡ ᠪᠦᠯᠦᠭ ᠲᠣᠪᠣᠶᠢᠮ᠎ᠠ ᠠᠰᠠᠭᠤᠳᠠᠯ ᠪᠠ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠲᠦᠪᠡᠭᠲᠡᠶ ᠠᠰᠠᠭᠤᠳᠠᠯ ᠬᠦᠴᠢᠷ ᠠᠰᠠᠭᠤᠳᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠶᠯᠡᠳᠦᠯ ᠢ ᠭᠦᠶᠴᠡᠳ ᠢᠯᠡᠷᠡᠭᠦᠯᠪᠡ᠃    ᠬᠤᠷᠠᠯ ᠠᠴᠠ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠨ ᠦᠵᠡᠵᠦ᠂ ᠴᠢᠷᠮᠠᠶᠢᠬᠤ ᠴᠢᠭᠯᠡᠯ  ᠢᠶᠠᠨ ᠲᠣᠳᠣᠷᠬᠠᠶᠢᠯᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠨᠡᠩ ᠵᠢᠷᠤᠮᠵᠢᠯ ᠲᠠᠢ᠂ ᠬᠦᠴᠦᠲᠡᠢ᠂ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠢᠭᠡ ᠳᠤ ᠴᠠᠭᠳᠠᠨ ᠪᠠᠶᠢᠴᠠᠭᠠᠭᠰᠠᠨ ᠮᠡᠳᠡᠭᠦᠯᠦᠯᠲᠡ ᠶᠢ ᠤᠯᠠᠮ ᠨᠢᠭᠡ ᠠᠯᠬᠤᠮ‌‍ᠲ᠋ᠡᠭᠦᠯᠳᠡᠷᠵᠢᠭᠦᠯᠬᠦ ᠬᠡᠷᠡᠭᠳᠡᠢ᠃ ᠬᠤᠷᠠᠯ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠰᠠᠭᠤᠳᠠᠯ ᠢ ᠲᠠᠬᠢᠨ ᠡᠮᠬᠢᠯᠡᠵᠦ᠂ ᠲᠠᠬᠢᠨ ᠬᠢᠨᠠᠨ ᠬᠠᠷᠭᠤᠭᠤᠯᠵᠤ᠂ ᠴᠠᠭᠳᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠦᠬᠦ ᠲᠠᠯ᠎ᠠ ᠶᠢᠨ ᠪᠤᠰᠤᠳᠴᠢ᠂ ᠨᠠᠷᠢᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠱᠦᠵᠢ ᠶᠢᠨ ᠲᠤᠰᠬᠠᠶ ᠰᠡᠳᠦᠪᠲᠦ ᠬᠤᠷᠠᠯ ᠳᠤ ᠡᠯ᠎ᠡ ᠵᠦᠶᠯ ᠤᠨ ᠪᠡᠯᠡᠳᠬᠡᠯ ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠶᠢ ᠴᠢᠩᠭ᠎ᠠ ᠵᠣᠬᠢᠶᠠᠨ ᠪᠠᠶᠢᠭᠤᠯᠤᠨ᠎ᠠ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠪᠠᠶᠢᠳᠠᠯ ᠢ ᠴᠠᠭ ᠲᠤᠬᠠᠶ ᠳᠤᠨᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠮᠡᠳᠡᠭᠳᠡᠵᠦ᠂ ᠬᠠᠮᠵᠢᠯᠴᠠᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠨᠢᠭᠡᠳ ᠨᠢᠭᠡ ᠪᠠᠷ ᠬᠠᠷᠢᠭᠤ ᠲᠤᠰᠬᠠᠬᠤ ᠳᠤ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠨᠢᠭᠡ ᠯᠡ ᠳᠡᠭᠡᠷ᠎ᠡ ᠣᠨᠣᠭᠠᠵᠤ᠂ ᠠᠰᠠᠭᠤᠳᠠᠯ ᠳᠤ ᠰᠢᠭᠤᠳ ᠴᠢᠭᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠭᠤᠷᠪᠠ ᠳᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ  ᠴᠢᠩᠭᠠᠳᠬᠠᠨ᠎ᠠ ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠪᠣᠳᠠᠲᠠᠶ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠶ ᠪᠤᠰᠤ ᠶᠢ ᠨᠢ ᠪᠣᠯᠵᠣᠨ ᠶᠠᠷᠢᠯᠴᠠᠵᠤ ᠰᠢᠮᠳᠠᠭᠤᠯᠤᠨ ᠰᠢᠮᠳᠠᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠨᠢᠭᠡᠳᠦᠯᠲᠡᠢ ᠲᠥᠯᠥᠪᠵᠢᠭᠦᠯᠦᠨ ᠬᠦᠴᠦᠨ ᠢᠶᠠᠨ ᠤᠷᠢᠳᠠᠪᠠᠷ ᠰᠢᠢᠳᠪᠦᠷᠢᠯᠡᠵᠦ᠂ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠲᠥᠯᠥᠪᠯᠡᠨ᠎ᠡ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ  ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠤᠰᠬᠠᠶ ᠴᠠᠭᠳᠠᠨ ᠪᠠᠶᠢᠴᠠᠭᠠᠯᠲᠠ ᠶᠢᠨ ᠡᠯ᠎ᠡ ᠵᠦᠶᠯ ᠤᠨ ᠪᠡᠯᠡᠳᠬᠡᠯ ᠠᠵᠢᠯ ᠢ ᠪᠣᠳᠠᠲᠠᠶᠢᠵᠢᠭᠤᠯᠵᠤ᠂ ᠲᠤᠰᠬᠠᠶ ᠴᠠᠭᠳᠠᠨ ᠪᠠᠶᠢᠴᠠᠭᠠᠯᠲᠠ ᠶᠢ ᠴᠠᠭ ᠲᠤᠬᠠᠶ ᠳᠤᠨᠢ ᠡᠬᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠬᠦᠴᠦᠨ ᠢᠶᠠᠨ ᠨᠡᠮᠡᠭᠳᠡᠭᠦᠯᠬᠦ ᠬᠡᠷᠡᠭᠲᠡᠶ᠃ ᠲᠠᠪᠤ ᠳᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠠᠷᠭᠤᠭᠤᠯᠵᠤ᠂ ᠪᠦᠬᠦ ᠲᠠᠯ᠎ᠠ ᠪᠠᠷ ᠬᠦᠯᠢᠶᠡᠨ ᠠᠪᠬᠤ᠂ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠠᠰᠠᠭᠤᠳᠠᠯ ᠢ ᠰᠢᠢᠳᠪᠦᠷᠢᠯᠡᠬᠦ᠂ ᠲᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠵᠢᠷᠤᠮᠵᠢᠭᠰᠠᠨ ᠲᠦᠪᠰᠢᠨ ᠢ ᠲᠡᠭᠡᠭᠰᠢᠯᠡᠭᠦᠯᠦᠨ᠎ᠡ᠃    ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠳᠤ ᠲᠤᠰᠬᠠᠢ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠲᠠᠷᠠᠭᠠᠴᠢ ᠶᠢᠨ ᠱᠠᠲᠤᠨ ᠤ ᠴᠠᠭᠳᠠᠨ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ᠂ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠰᠤᠳᠤᠯᠤᠨ ᠮᠠᠭᠠᠳᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号