ᠬᠥᠳᠡᠭᠡ ᠲᠣᠰᠬᠤᠨ ᠬᠥᠭᠵᠢᠨ ᠮᠠᠨᠳᠤᠬᠤ ᠵᠠᠮ ᠵᠦᠭ ᠤᠷᠤᠭᠰᠢᠯᠠᠵᠤ‌ᠡᠮᠡᠭᠲᠡᠢ ᠶᠢᠨ ᠡᠶ᠎ᠡ ᠨᠠᠶᠢᠷᠠᠮᠳᠠᠭᠤ ᠪᠤᠤ ᠴᠧᠩ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/6/14
   ᠵᠢᠯ ᠤᠨ ᠡᠬᠢᠨ ᠠᠴᠠ ᠨᠠᠭᠠᠰᠢ᠂ ᠪᠤᠤ ᠱᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠶᠢ ᠴᠢᠩᠭ᠎ᠠ ᠠᠩᠬᠠᠷᠴᠤ᠂ ︽ᠲᠠᠪᠤᠨ ᠶᠡᠭᠡ ᠬᠥᠭᠵᠢᠯ ᠮᠠᠨᠳᠤᠯ︾ ᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠤᠳᠤᠷᠢᠳᠤᠮᠵᠢ ᠪᠣᠯᠭᠠᠬᠤ᠂ ᠪᠠᠯᠠ ᠮᠥᠩᠭᠦ ᠲᠥᠷᠥᠯ ᠵᠦᠶᠯ ᠢᠶᠠᠷ ᠲᠤᠯᠭᠠᠭᠤᠷᠢᠯᠠᠯ ᠪᠣᠯᠭᠠᠬᠤ᠂ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠵᠤ᠂ ︽ᠴᠦᠨ ᠵᠧᠦ ᠶᠢᠨ ᠡᠬᠡ ᠨᠤᠲᠤᠭ ᠡᠶ᠎ᠡ ᠨᠠᠶᠢᠷᠠᠮᠳᠠᠭᠤ ᠪᠤᠤ ᠴᠧᠩ︾ ᠶᠢ ᠪᠥᠬᠦ ᠲᠠᠯ᠎ᠠ ᠪᠠᠷ ᠪᠣᠰᠤᠭ᠎ᠠ ᠴᠣᠭᠴᠠ ᠪᠠᠷ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠪᠠ᠃
   ᠭᠤᠷᠪᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠠᠵᠤ ᠦᠢᠯᠡᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ᠃ ᠣᠷᠴᠢᠮ ᠤᠨ ᠵᠢᠯ᠂ ᠪᠤᠤ ᠱᠢ ᠪᠠᠯᠭᠠᠰᠤ ︽ᠰᠣᠶᠣᠯ ᠵᠢᠭᠤᠯᠴᠢᠯᠠᠯ ᠤᠨ ᠠᠭᠤᠰᠤᠯᠴᠠᠯ᠂ ᠲᠠᠷᠢᠶᠠᠯᠠᠩ ᠵᠢᠭᠤᠯᠴᠢᠯᠠᠯ ᠬᠠᠷᠢᠯᠴᠠᠨ ᠠᠬᠢᠭᠤᠯᠬᠤ︾ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠰᠦᠪᠡᠭᠴᠢᠯᠡᠵᠦ᠂ ᠪᠤᠤ ᠴᠧᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ︽1 + 6︾ ︵ᠵᠢᠭᠤᠯᠴᠢᠯᠠᠯ ᠤᠨ ᠦᠶᠯᠡᠰ + ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠭᠦᠶᠯᠭᠡᠭᠡ᠂ ᠡᠯᠧᠺᠲᠷᠣᠨ ᠬᠤᠳᠠᠯᠳᠤᠭ᠎ᠠ᠂ ᠤᠢ ᠶᠢᠨ ᠵᠢᠮᠢᠰ᠂ ᠮᠠᠯ ᠲᠡᠵᠢᠭᠡᠪᠦᠷᠢ ᠠᠴᠠ ᠰᠠᠯᠬᠤ᠂ ᠢᠳᠡᠭᠡᠨ ᠤᠮᠳᠠᠭᠠᠨ᠂ ᠣᠷᠣᠨ ᠰᠠᠭᠤᠴᠠ︶ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢᠶᠠᠷ ᠳᠠᠮᠵᠢᠭᠤᠯᠤᠨ᠂ ᠪᠤᠤ ᠴᠧᠩ ᠲᠣᠰᠬᠤᠨ ᠤ ᠰᠣᠶᠣᠯ ᠤᠨ ᠦᠯᠡᠳᠡᠭᠳᠡᠯ᠂ ᠤᠨᠴᠠᠯᠢᠭᠳᠤ ᠪᠠᠷᠢᠯᠭ᠎ᠠ᠂ ᠬᠥᠳᠡᠭᠡ ᠨᠤᠲᠤᠭ ᠤᠨ ᠥᠩᠭᠡ ᠦᠵᠡᠮᠵᠢ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠨ ᠬᠦᠭᠵᠢᠭᠦᠯᠵᠦ᠂ ᠠᠵᠤ ᠦᠶᠯᠡᠰ ᠤᠨ ᠪᠠᠶᠢᠷᠢᠰᠢᠯ ᠢ ᠨᠠᠩ ᠵᠦᠶ ᠵᠣᠬᠢᠰᠲᠠᠶ ᠪᠤᠯᠭᠠᠵᠦ᠂ ᠭᠢᠨᠵᠢ ᠶᠢ ᠨᠠᠩ ᠪᠦᠷᠢᠨ ᠲᠡᠭᠦᠯᠳᠡᠷ᠂ ᠡᠵᠡᠩᠨᠡᠯᠲᠡ  ᠶᠢᠨ ᠪᠠᠢᠳᠠᠯ ᠨᠠᠩ ᠣᠯᠠᠨ ᠶᠠᠩᠵᠤ ᠶᠢᠨ ᠪᠤᠯᠭᠠᠵᠦ᠂ ᠣᠷᠣᠯᠭ᠎ᠠ ᠶᠢ ᠨᠠᠩ ᠣᠯᠠᠨ ᠡᠰᠢᠵᠢᠭᠦᠯᠪᠡ᠂ ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠭᠦᠢᠯᠭᠡᠭᠡ᠂ ᠣᠷᠣᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠢ ᠪᠣᠯᠪᠠᠰᠤᠷᠠᠭᠤᠯᠬᠤ ᠪᠠ ᠪᠣᠷᠣᠯᠠᠭᠤᠯᠬᠤ᠂ ᠢᠳᠡᠭᠡᠨ ᠤᠮᠳᠠᠭᠠᠨ᠂ ᠵᠡᠮ ᠬᠠᠷᠢᠯᠴᠠᠭ᠎ᠠ᠂ ᠬᠤᠨᠤᠭ ᠵᠡᠷᠭᠡ ᠠᠵᠢᠯ ᠲᠥᠷᠥᠯ ᠤᠨ ᠬᠥᠭᠵᠢᠯᠲᠡ᠂ ᠬᠠᠮᠲᠤ ᠶᠢᠨ ᠠᠵᠤ ᠠᠬᠤᠶ ᠬᠢᠭᠡᠳ ᠲᠣᠰᠬᠤᠨ ᠤ ᠠᠷᠠᠳ ᠤᠨ ᠬᠤᠤᠰ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠎ᠡ᠃
   ᠨᠤᠲᠤᠭ ᠲᠠᠭᠠᠨ ᠪᠤᠴᠠᠵᠤ ᠦᠶᠯᠡᠰ ᠪᠤᠰᠬᠠᠬᠤ ᠶᠢ ᠲᠠᠲᠠᠵᠤ᠂ ᠴᠢᠳᠠᠪᠤᠷᠢᠲᠠᠨ ᠤ ᠬᠥᠭᠵᠢᠯ ᠮᠠᠨᠳᠤᠯ ᠢ ᠴᠣᠭᠴᠠᠯᠠᠨ᠎ᠠ᠃ ᠪᠤᠤ ᠴᠧᠩ ᠲᠣᠰᠬᠤᠨ ᠤ ᠪᠤᠤ ᠱᠢ ᠨᠠᠭᠤᠷ ᠤᠨ ᠦᠵᠡᠮᠵᠢ ᠶᠢᠨ ᠣᠷᠣᠨ᠂ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠢ᠂ ᠭᠤᠣᠯ ᠰᠡᠳᠦᠪᠲᠦ ᠴᠡᠴᠡᠷᠯᠢᠭ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠲᠥᠷᠦᠯ ᠵᠦᠢᠯ ᠳᠤ ᠲᠦᠰᠢᠭᠯᠡᠨ᠂ ᠮᠢᠬᠠᠨ ᠲᠠᠬᠢᠶ᠎ᠠ ᠲᠡᠵᠢᠭᠡᠨ ᠦᠷᠡᠵᠢᠭᠦᠯᠬᠦ᠂ ᠬᠢᠲᠠᠳ ᠡᠪᠡᠰᠦᠨ ᠡᠮ ᠲᠠᠷᠢᠬᠤ ᠵᠡᠷᠭᠡ ᠬᠦᠷᠢᠶ᠎ᠡ ᠬᠠᠰᠢᠶᠠᠨ ᠤ ᠠᠵᠤ ᠠᠬᠤᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠡᠯᠡ ᠮᠥᠩᠭᠦ ᠣᠷᠣᠭᠤᠯᠤᠨ 3 ᠣᠨᠴᠠᠯᠢᠭᠲᠤ ᠠᠷᠠᠳ ᠤᠨ ᠣᠷᠣᠨ ᠰᠠᠭᠤᠴᠠ᠂ 5 ᠲᠠᠷᠢᠶᠠᠴᠢᠨ ᠠᠶᠢᠯ ᠤᠨ ᠵᠤᠭᠠᠴᠠᠯ ᠢ ᠪᠠᠶᠢᠭᠤᠯᠵᠤ᠂ ᠴᠢᠳᠠᠪᠤᠷᠢᠲᠠᠨ ᠤ ᠦᠢᠯᠡᠰ ᠪᠣᠰᠬᠠᠵᠤ ᠠᠵᠢᠯ ᠣᠯᠬᠤ ᠶᠢ ᠳᠠᠢᠴᠢᠯᠠᠨ᠎ᠠ᠃ ︽ᠪᠤᠤ ᠴᠧᠩ ᠲᠣᠰᠬᠤᠨ  ᠤ ᠡᠨᠡ ᠬᠡᠳᠦᠨ ᠵᠢᠯ ᠤᠨ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠮᠠᠰᠢ ᠰᠠᠶᠢᠨ ᠪᠠᠶᠢᠵᠤ᠂ ᠲᠣᠰ ᠭᠠᠵᠠᠷ ᠪᠠ ᠭᠠᠳᠠᠷ ᠣᠷᠣᠨ ᠤ ᠵᠤᠭᠠᠴᠠᠭᠰᠠᠳ ᠮᠠᠰᠢ ᠣᠯᠠᠨ ᠪᠠᠶᠢᠨ᠎ᠠ᠂ ᠠᠮᠲᠠᠲᠤ ᠢᠳᠡᠭᠡᠨ ᠢᠳᠡᠬᠦ ᠪᠠᠷ ᠢᠷᠡᠭᠰᠡᠨ ᠵᠣᠴᠢᠳ ᠨᠠᠩ ᠴᠤ ᠲᠠᠰᠤᠷᠠᠯᠲᠠ ᠥᠬᠡᠶ ᠴᠤᠪᠤᠷᠠᠵᠤ ᠪᠠᠶᠢᠨ᠎ᠠ᠂ ᠮᠢᠨᠦ ᠣᠲᠣ ᠶᠢᠨ ᠣᠷᠣᠯᠭ᠎ᠠ ᠥᠩᠭᠡᠷᠡᠭᠰᠡᠨ ᠤ ᠬᠢ  ᠠᠴᠠ ᠪᠠᠨ ᠬᠤᠯᠠ ᠢᠯᠡᠭᠦᠦ ᠪᠠᠶᠢᠨ᠎ᠠ︕︾ ᠭᠡᠵᠦ ᠭᠤᠣᠯ ᠰᠡᠳᠦᠪᠲᠦ ᠴᠡᠴᠡᠷᠯᠢᠭ ᠤᠨ ᠲᠦᠷᠦᠭᠦᠦ ᠵᠢᠭᠠᠰᠤᠨ ᠳᠠᠶᠢᠯᠠᠯᠭ᠎ᠠ ᠶᠢᠨ ᠠᠮᠲᠠᠲᠤ ᠢᠳᠡᠭᠡᠨ ᠤ ᠭᠡᠷ ᠤᠨ ᠡᠵᠡᠨ ᠸᠠᠩ ᠺᠠᠩ ᠪᠠᠶᠠᠷᠲᠠᠢ ᠬᠡᠯᠡᠨ᠎ᠡ᠃
   ᠨᠤᠲᠤᠭ ᠤᠨ ᠰᠤᠷᠲᠠᠯ ᠢ ᠬᠠᠳᠠᠭᠠᠯᠠᠵᠤ ᠰᠣᠶᠣᠯ ᠢ ᠪᠠᠳᠠᠷᠠᠭᠤᠯᠤᠨ᠎ᠠ᠃ ᠪᠤᠤ ᠴᠧᠩ ᠲᠣᠰᠬᠤᠨ ᠢᠮᠠᠭᠲᠠ ︽ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠵᠠᠩ ᠰᠤᠷᠲᠠᠯ ᠪᠣᠯᠪᠠᠰᠤᠨ︾ ᠣᠳᠣᠬᠢᠴᠢᠯᠠᠭᠰᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠤᠤ ᠴᠧᠩ ᠲᠣᠰᠬᠤᠨ ᠤ ᠬᠡᠯᠲᠡᠰ ᠲᠤ ᠬᠦᠷᠬᠦ ᠳᠤ᠂ ᠡᠩ ᠲᠡᠷᠢᠭᠦᠨ ᠳᠤ ᠰᠣᠶᠣᠯ ᠤᠨ ᠠᠵᠢᠯᠯᠠᠭᠠᠨ ᠤ ᠠᠭᠤᠳᠠᠮ ᠲᠠᠯᠠᠪᠠᠶ ᠪᠠ ᠰᠣᠶᠣᠯ ᠤᠨ ᠤᠷᠲᠤ ᠬᠤᠩᠭᠢᠯ ᠬᠠᠷᠠᠭᠳᠠᠨ᠎ᠠ᠃ ᠰᠣᠶᠣᠯ ᠤᠨ ᠠᠭᠤᠳᠠᠮ ᠲᠠᠯᠠᠪᠠᠢ ᠳᠤ᠂ ᠲᠣᠰᠬᠤᠨ ᠤ ᠠᠷᠠᠳ ᠲᠠᠷᠢᠶᠠᠨ ᠠᠵᠢᠯ ᠤᠨ ᠰᠡᠯᠡᠭᠦᠦ ᠴᠠᠭ ᠢᠶᠠᠷ ᠢᠶᠠᠨ ᠮᠣᠳᠣᠨ ᠬᠦᠯ ᠢᠶᠠᠨ ᠰᠡᠬᠦᠵᠦ᠂ ᠶᠠᠩᠭᠠᠷ ᠳᠠᠭᠤᠤ ᠪᠠᠨ ᠬᠠᠩᠭᠢᠨᠠᠭᠤᠯᠵᠤ᠂ ︽ᠴᠦᠨ ᠵᠧᠦ ᠶᠢᠨ ᠡᠷᠲᠡᠨ ᠤ ᠬᠤᠳᠠ︾ ᠭᠡᠬᠦ ᠲᠣᠰᠬᠤᠨ ᠤ ᠳᠠᠭᠤᠤ ᠪᠠᠨ ᠳᠠᠭᠤᠯᠠᠳᠠᠭ᠃ ᠰᠣᠶᠣᠯ ᠤᠨ ᠤᠷᠲᠤ ᠬᠤᠩᠭᠢᠯ ᠳᠤ ᠲᠣᠰᠬᠤᠨ ᠤ ᠠᠷᠠᠳ ᠪᠥᠵᠢᠭ᠂ ᠳᠠᠭᠤᠤ ᠰᠣᠨᠢᠷᠬᠠᠬᠤ ᠠᠴᠠ ᠭᠠᠳᠠᠨ᠎ᠠ ᠪᠠᠰᠠ ᠲᠣᠰᠬᠤᠨ ᠤ ᠳᠦᠷᠢᠮ ᠠᠷᠠᠳ ᠤᠨ ᠭᠡᠷ᠎ᠡ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠠᠭᠤᠯᠭ᠎ᠠ ᠪᠠᠷ ᠪᠠᠶᠠᠯᠢᠭ ᠤᠬᠠᠭᠤᠯᠭ᠎ᠠ ᠶᠢᠨ ᠵᠢᠷᠤᠭᠲᠤ ᠰᠠᠮᠪᠠᠷ᠎ᠠ ᠶᠢ ᠣᠯᠠᠨ ᠳᠤ ᠰᠣᠨᠢᠷᠬᠠᠭᠤᠯᠵᠤ᠂ ᠪᠦᠷᠢᠯᠭᠡᠨ ᠰᠦᠶᠳᠬᠡᠬᠦ᠂ ᠶᠡᠬᠡᠪᠡᠷ ᠬᠢᠬᠦ᠂ ᠵᠣᠭᠤᠰ ᠨᠠᠭᠠᠳᠬᠤ᠂ ᠣᠷᠣᠰᠢᠭᠤᠯᠭ᠎ᠠ ᠶᠢ ᠡᠷᠬᠢᠮᠯᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠠᠷᠢᠯᠭᠠᠵᠤ᠂ ᠰᠣᠶᠣᠯ ᠢᠶᠠᠷ ᠠᠷᠠᠳ ᠢ ᠪᠠᠶᠠᠰᠬᠠᠬᠤ᠂ ᠰᠣᠶᠣᠯ ᠢᠶᠠᠷ ᠠᠷᠠᠳ ᠢ ᠬᠥᠮᠦᠵᠢᠭᠦᠯᠬᠦ ᠶᠢ ᠪᠡᠶᠡᠯᠡᠭᠦᠯᠵᠦ᠂ ᠪᠣᠯᠪᠠᠰᠤᠨ ᠨᠤᠲᠤᠭ ᠤᠨ ᠰᠤᠷᠲᠠᠯ ᠢ ᠪᠣᠶ ᠪᠣᠯᠭᠠᠵᠠᠶ᠃
   ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽S309 ᠵᠠᠰᠠᠮᠠᠯ ᠵᠠᠮ ᠢ ᠲᠠᠭᠠᠨ ᠲᠤᠭᠤᠶᠢᠯᠠᠩ ᠤᠨᠤᠵᠦ᠂ ᠪᠤᠤ ᠴᠧᠩ ᠲᠣᠰᠬᠤᠨ ᠳᠤ ᠢᠷᠡᠭᠰᠡᠨ ᠨᠢ ᠶᠠᠭ ᠯᠠ ᠬᠥᠳᠡᠭᠡ ᠨᠤᠲᠤᠭ ᠤᠨ ᠦᠵᠡᠮᠵᠢ ᠳᠤ ᠤᠷᠤᠭᠰᠠᠨ ᠰᠢᠭ ᠬᠥᠮᠦᠰ ᠢ ᠪᠠᠭ᠋ᠠᠷᠠᠭᠤᠯᠤᠨ᠎ᠠ᠃︾ ᠣᠶᠢᠷ᠎ᠠ ᠳᠤ᠂ ᠲᠦᠴᠢᠦᠸᠠᠨ ᠠᠴᠠ ᠢᠷᠡᠭᠰᠡᠨ ᠳᠤᠭᠤᠶ ᠤᠨᠤᠬᠤ ᠳᠤᠷᠠᠲᠠᠶ ᠢᠤᠢ ᠠᠪᠤᠭᠠᠶ ᠨᠠᠶᠢᠵᠠ ᠶᠢᠨ ᠲᠣᠭᠤᠷᠢᠭ  ᠲᠤ ᠦᠵᠡᠰᠬᠦᠯᠡᠩᠲᠦ ᠰᠠᠶᠢᠬᠠᠨ ᠦᠵᠡᠮᠵᠢ ᠶᠢ ︽ᠳᠡᠯᠭᠡᠨ ᠦᠵᠡᠭᠦᠯᠵᠦ︾ ᠪᠠᠶᠢᠨ᠎ᠠ᠃ ᠡᠨᠡ ᠨᠢ ᠮᠥᠨ ᠴᠦ ᠪᠤᠤ ᠴᠧᠩ ᠲᠣᠰᠬᠤᠨ ᠤ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠤ ᠬᠤᠷᠢᠶᠠᠩᠭᠤᠢ ᠳᠦᠷᠰᠦ ᠪᠣᠯᠤᠨ᠎ᠠ᠃ ᠪᠤᠤ ᠴᠧᠩ ᠲᠣᠰᠬᠤᠨ ᠡᠩ ᠲᠡᠷᠢᠭᠦᠨ ᠳᠤ ᠤᠯᠠᠮᠵᠢᠯᠠᠯᠲᠤ ᠮᠠᠯ ᠠᠵᠤ ᠠᠬᠤᠢ ᠶᠢᠨ ᠲᠠᠯ᠎ᠠ ᠪᠠᠷ ᠬᠦᠴᠦᠯᠡᠵᠦ᠂ 150 ᠲᠦᠮᠡᠨ ᠲᠥᠭᠦᠷᠢᠭ ᠤᠨ ᠪᠡᠯᠡ ᠣᠷᠣᠭᠤᠯᠵᠤ ᠪᠣᠷᠳᠣᠨ ᠲᠠᠷᠭᠤᠯᠠᠭᠤᠯᠬᠤ ᠦᠬᠡᠷ ᠤᠨ ᠲᠠᠯᠠᠪᠠᠢ ᠪᠠᠶᠢᠭᠤᠯᠵᠤ᠂ ᠮᠠᠯ ᠠᠵᠤ ᠠᠬᠤᠢ ᠶᠢ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ ᠴᠢᠭᠯᠡᠯ ᠲᠡᠰᠢ ᠬᠤᠪᠢᠷᠠᠭᠤᠯᠵᠤ᠂ ᠪᠣᠬᠢᠷᠲᠤᠯ ᠦᠭᠡᠢ᠂ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠶᠢᠨ ᠬᠠᠮᠲᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠵᠡᠷᠭᠡ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ  ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠪᠠ᠃    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠠᠬᠢᠭᠤᠯᠤᠨ᠎ᠠ᠃ ︽ᠵᠣᠭᠤᠰ ᠮᠥᠩᠭᠦ ᠡᠳ᠋ ᠪᠣᠳᠠᠰ ᠥᠭᠬᠦ ᠶᠢᠨ ᠣᠷᠣᠨ ᠳᠤ ᠰᠠᠶᠢᠨ ᠨᠠᠮ ᠤᠨ ᠡᠭᠦᠷ ᠪᠠᠶᠢᠭᠤᠯᠤᠭᠰᠠᠨ ᠨᠢ ᠳᠡᠭᠡᠷ᠎ᠡ᠃︾ ᠪᠤᠤ ᠴᠧᠩ ᠲᠣᠰᠬᠤᠨ ᠤ ᠨᠠᠮ ᠤᠨ ᠡᠭᠦᠷ ᠣᠶᠢᠷ᠎ᠠ ᠶᠢᠨ ᠵᠢᠯ ᠠᠴᠠ ᠨᠠᠭᠠᠰᠢ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠦᠶᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ᠂ ᠠᠵᠢᠯᠯᠠᠬᠤ ᠲᠥᠬᠦᠭᠡᠷᠦᠮᠵᠢ ᠶᠢ ᠢᠵᠢ ᠪᠥᠷᠢᠳᠦᠭᠦᠯᠦᠨ ᠰᠢᠨᠡᠳᠬᠡᠬᠦ ᠵᠡᠷᠭᠡ ᠪᠠᠷ ᠳᠡᠮᠵᠢᠨ ᠠᠵᠢᠯ ᠤᠨ ᠣᠷᠴᠢᠨ ᠲᠣᠭᠤᠷᠢᠨ ᠢ ᠲᠤᠶᠢᠯ ᠤᠨ ᠶᠡᠭᠡ ᠪᠠᠷ ᠰᠠᠶᠢᠵᠢᠷᠠᠭᠤᠯᠵᠤ᠂ ᠲᠣᠰᠬᠤᠨ ᠤ ︽ᠬᠤᠶᠠᠷ ᠵᠥᠪᠯᠡᠯ ᠨᠢᠭᠡ ᠠᠩᠭᠢ︾ ᠪᠣᠯᠤᠨ ᠥᠷᠭᠡᠨ ᠣᠯᠠᠨ ᠨᠠᠮ ᠤᠨ ᠭᠡᠰᠢᠭᠦᠨ ᠂ ᠢᠳᠡᠪᠬᠢᠲᠡᠨ ᠤ ᠣᠯᠠᠨ ᠲᠦᠮᠡᠨ ᠳᠤ ᠦᠶᠯᠡᠴᠢᠯᠡᠬᠦ ᠪᠡᠶᠡᠴᠢ ᠴᠢᠳᠠᠮᠠᠭᠠᠶ ᠴᠢᠨᠠᠷ᠂ ᠦᠶᠯᠡᠴᠢᠯᠡᠭᠡᠨ ᠤ ᠶᠠᠰᠤ ᠴᠢᠨᠠᠷ  ᠢ ᠢᠯᠡᠳᠲᠡ ᠳᠡᠭᠡᠭᠰᠢᠯᠡᠭᠦᠯᠵᠦ᠂ ᠤᠷᠢᠳ ᠬᠤᠵᠢᠳ ᠪᠥᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ᠂ ᠠᠶᠢᠮᠠᠭ ᠤᠨ ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠰᠬᠤᠨ᠂ ᠰᠢᠶᠠᠨ ᠤ ᠱᠠᠲᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾᠂ ︽ᠤᠯᠠᠭᠠᠨ ᠲᠤᠭ ᠨᠠᠮ ᠤᠨ ᠡᠭᠦᠷ︾ ᠵᠡᠷᠭᠡ ᠢᠷᠠᠭᠤ ᠠᠯᠳᠠᠷ ᠤᠨ ᠴᠣᠯᠠ ᠶᠢ ᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯ ᠤᠨ ᠲᠥᠷᠥᠭᠳᠡᠯ ᠡᠳᠦᠷ ᠢᠷᠡᠬᠦᠶ᠎ᠡ ᠳᠡᠭᠡᠭᠰᠢᠯᠡᠪᠡ᠃    ︽ᠵᠠᠯᠭᠠᠭᠠᠳ᠂ ᠪᠢᠳᠠ ︿ᠵᠤᠭᠠᠴᠠᠯ +﹀ ᠪᠠᠷ ᠭᠠᠷᠳᠠᠴᠠ ᠪᠣᠯᠭᠠᠵᠤ᠂ ᠤᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠶᠢᠨ ᠡᠵᠡᠩᠨᠡᠯᠲᠡ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠪᠦᠬᠦ ᠲᠠᠯ᠎ᠠ ᠪᠠᠷ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠥᠷᠭᠡᠳᠬᠡᠵᠦ᠂ ᠬᠥᠳᠡᠭᠡ ᠲᠣᠰᠬᠤᠨ ᠤ ᠴᠢᠰᠤ ᠪᠦᠲᠦᠭᠡᠬᠦ ᠴᠢᠳᠠᠮᠵᠢ ᠶᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠮᠵᠢᠲᠡᠢ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠰᠢᠯᠦᠭ ᠪᠣᠯᠤᠨ ᠠᠯᠤᠰ ᠬᠤᠯᠠ ᠶᠢᠨ ᠳᠤᠮᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃︾ ᠭᠡᠵᠦ  ᠪᠤᠤ  ᠴᠧᠩ ᠲᠣᠰᠬᠤᠨ ᠤ ᠱᠦᠵᠢ ᠵᠧᠦ ᠴᠢᠤᠸᠠᠨ ᠵᠦᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号