6 ᠳ᠋ᠤᠭᠠᠷ ᠰᠠᠷ᠎ᠠ ᠶᠢᠨ 8 ᠤ ᠡᠳᠦᠷ ᠤᠨ ᠥᠷᠯᠥᠭᠡ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠨᠢᠭᠡᠨ | ᠰᠠᠯᠠᠭ᠎ᠠ ᠳᠤᠭᠤᠶ ᠤᠨᠤᠬᠤ ᠠᠩᠭᠢ ᠬᠢᠩᠭᠠᠨ ᠠᠶᠢᠮᠠᠭ ᠤᠨ ᠤᠯᠠᠭᠠᠨᠬᠤᠲᠠ ᠠᠴᠠ ᠮᠣᠷᠳᠠᠵᠤ᠂ ᠥᠷᠯᠥᠭᠡ ᠶᠢᠨ ᠨᠠᠷᠠ | ᠶᠢ ᠤᠭᠲᠤᠨ᠂ 89 ᠺᠢᠯᠣᠮᠧᠲᠷ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠳᠤᠭᠤᠯᠤᠭᠠᠳ᠂ ᠵᠢᠷᠤᠭ | ᠮᠡᠲᠦ ᠦᠵᠡᠮᠵᠢ ᠲᠠᠢ ᠲᠦᠴᠢᠦᠸᠠᠨ ᠰᠢᠶᠠᠨ ᠤ ᠪᠤᠤ ᠱᠢ ᠪᠠᠯᠭᠠᠰᠤᠨ ᠤ ᠪᠤᠤ ᠯᠧ ᠲᠣᠰᠬᠤᠨ ᠳᠤ ᠬᠦᠷᠴᠡᠶ᠃ | ᠠᠳᠡ᠂ ᠲᠡᠳᠡ ᠬᠥᠳᠡᠭᠡ ᠲᠣᠰᠬᠤᠨ ᠤ ᠴᠡᠪᠡᠷ ᠠᠭᠠᠷ ᠪᠠ ᠵᠠᠮ ᠳᠠᠭᠠᠤ ᠶᠢᠨ ᠭᠤᠴᠣ ᠰᠠᠶᠢᠬᠠᠨ ᠦᠵᠡᠮᠵᠢ ᠶᠢ | ᠮᠡᠳᠡᠷᠡᠪᠡ᠃ ︽ᠠᠳᠡᠬᠢ ᠠᠭᠤᠷ ᠠᠮᠢᠰᠬᠤᠯ ᠮᠠᠰᠢ ᠰᠠᠶᠢᠨ᠂ ᠳᠤᠭᠤᠶ ᠤᠨᠤᠬᠤ ᠶᠢᠨ ᠳᠠᠭᠠᠤ ᠭᠤᠶᠤ ᠦᠵᠡᠮᠵᠢ | ᠰᠣᠨᠢᠷᠬᠠᠨ᠎ᠠ᠂ ᠦᠨᠡᠬᠡᠷ ᠭᠤᠶᠤ︕︾ ᠭᠡᠵᠦ ᠳᠤᠭᠤᠶ ᠤᠨᠤᠭᠴᠢ ᠸᠠᠩ ᠯᠸᠢ ᠮᠢᠩ ᠪᠠᠶᠠᠷᠲᠠᠶ ᠬᠡᠯᠡᠨ᠎ᠡ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠂ ᠤᠯᠠᠮ ᠠᠴᠠ ᠤᠯᠠᠮ ᠣᠯᠠᠨ ᠬᠥᠮᠦᠨ | ᠬᠤᠲᠠ ᠶᠢᠨ ᠱᠤᠤᠭᠢᠶᠠᠨ ᠠᠴᠠ ᠬᠤᠯᠠ ᠵᠠᠶᠢᠯᠠᠬᠤ ᠶᠢ ᠰᠣᠩᠭᠤᠵᠤ᠂ ᠡᠬᠡ ᠪᠠᠶᠢᠭᠠᠯᠢ ᠳᠠᠭᠠᠨ ᠪᠤᠴᠠᠵᠤ᠂ ᠨᠤᠲᠤᠭ | ᠤᠨ ᠢᠶᠠᠨ ᠭᠤᠶᠤ ᠦᠵᠡᠮᠵᠢ ᠶᠢ ᠡᠷᠢᠨ᠎ᠡ᠃ ᠬᠢᠩᠭᠠᠨ ᠠᠢᠮᠠᠭ ᠤᠨ ᠪᠤᠤ ᠱᠢ ᠪᠠᠯᠭᠠᠰᠤ ᠪᠣᠯ ᠳᠠᠷᠤᠶ ᠬᠥᠮᠦᠨ ᠢ | ᠮᠠᠷᠲᠠᠭᠤᠯᠬᠤ ᠶᠢᠨ ᠠᠷᠭ᠎ᠠ ᠦᠭᠡᠢ ᠰᠠᠶᠢᠨ ᠭᠠᠵᠠᠷ᠃ ᠯᠢ ᠵᠢᠩ ᠸᠧᠨ ᠪᠤᠯ ᠤᠯᠠᠭᠠᠨᠬᠤᠲᠠ ᠶᠢᠨ ᠨᠢᠭᠡᠨ ᠬᠤᠳᠠ ᠶᠢᠨ | ᠠᠷᠠᠳ᠂ ᠭᠡᠷ ᠤᠨ ᠬᠥᠮᠦᠰ ᠢᠶᠠᠨ ᠳᠠᠭᠠᠭᠤᠯᠤᠨ ᠥᠪᠡᠷ ᠢᠶᠠᠨ ᠮᠠᠰᠢᠨ ᠵᠢᠯᠣᠭᠤᠳᠴᠤ ᠠᠳᠡ ᠢᠷᠡᠬᠦ ᠳᠤ᠂ ᠲᠡᠷᠡ | ᠢᠨᠢᠶᠡᠮᠰᠦᠭᠯᠡᠨ᠄ ︽ᠪᠢ ᠴᠤᠤᠷᠢᠶ᠎ᠠ ᠠᠴᠠ ᠡᠪᠦᠭᠡᠨ ᠠᠭᠤᠯᠠᠨ ᠤ ᠸᠢᠳᠢᠣ᠋ ᠶᠢ ᠣᠯᠵᠤ ᠦᠵᠡᠭᠡᠳ ᠶᠡᠷᠦᠨᠢ ᠢᠷᠡᠶ᠎ᠠ | ᠭᠡᠵᠦ ᠪᠤᠳᠤᠵᠥ ᠪᠠᠶᠢᠯ᠎ᠠ᠃ ᠡᠨᠡ ᠤᠳᠠᠭ᠎ᠠ ᠡᠴᠦᠰ ᠲᠡᠭᠡᠨ ᠪᠡᠶᠡᠯᠡᠭᠳᠡᠪᠡ᠂ ᠦᠨᠡᠬᠡᠷ ᠲᠠᠯᠪᠢᠭᠤᠨ ᠪᠠᠶᠢᠨ᠎ᠠ︕︾ | ᠭᠡᠨ᠎ᠡ᠃ | ᠪᠤᠤ ᠱᠢ ᠪᠠᠯᠭᠠᠰᠤᠨ ᠳᠤ᠂ ᠴᠢ ᠠᠭᠤᠯᠠᠨ ᠵᠠᠮ ᠤᠨ ᠠᠶᠤᠮᠰᠢᠭᠲᠤ ᠰᠡᠳᠦᠯᠲᠡ ᠶᠢ ᠰᠡᠷᠡᠵᠦ ᠮᠡᠳᠡᠬᠦ ᠪᠠᠷ | ᠪᠠᠷᠠᠬᠤ ᠦᠭᠡᠢ᠂ ᠨᠠᠩ ᠴᠤ ᠡᠪᠦᠭᠡᠨ ᠠᠭᠤᠯᠠᠨ ᠤ ᠣᠷᠭᠢᠯ ᠳᠤ ᠠᠪᠠᠷᠢᠨ ᠭᠠᠷᠴᠤ᠂ ᠣᠯᠠᠨ ᠠᠭᠤᠯᠠ ᠪᠠᠭ᠎ᠠ᠂ ᠰᠦᠷ | ᠳᠠᠯᠠᠶᠢᠴᠠᠲᠠᠶ ᠪᠠᠶᠢᠭᠠᠯᠢ ᠶᠢᠨ ᠦᠵᠡᠮᠵᠢ ᠶᠢ ᠰᠣᠨᠢᠷᠬᠠᠵᠤ ᠪᠣᠯᠤᠨ᠎ᠠ᠃ ᠵᠢᠭᠤᠯᠴᠢᠨ ᠴᠧᠨ ᡁᠢ ᠳ᠋ᠦᠩ ᠰᠡᠳᠬᠢᠯ | ᠳᠣᠭᠳᠣᠯᠤᠨ᠄ ︽ᠪᠢ ᠶᠡᠷᠦ ᠨᠢ ᠠᠭᠤᠯᠠ ᠠᠪᠠᠷᠢᠬᠤ ᠳᠤᠷᠠᠲᠠᠢ᠂ ᠰᠣᠨᠣᠰᠬᠤᠯᠠᠷ ᠡᠪᠦᠭᠡᠨ ᠠᠭᠤᠯᠠ ᠨᠡᠭᠡᠭᠡᠯᠲᠡ ᠲᠠᠢ | ᠭᠡᠨ᠎ᠡ᠂ ᠪᠢ ᠤᠳᠠᠯ ᠦᠭᠡᠢ ᠠᠳᠡ ᠢᠷᠡᠬᠦ ᠪᠠᠷ ᠰᠢᠢᠳᠴᠡᠢ︕︾ ᠭᠡᠵᠦ ᠬᠡᠯᠡᠨ᠎ᠡ᠃ | ᠡᠭᠦᠨ ᠠᠴᠠ ᠭᠠᠳᠠᠨ᠎ᠠ ᠪᠤᠤ ᠱᠢ ᠪᠠᠯᠭᠠᠰᠤᠨ ᠳᠤ ᠪᠠᠰᠠ ᠨᠢᠭᠡᠨ ᠨᠢᠭᠤᠭᠳᠠᠵᠤ ᠪᠠᠶᠢᠭ᠎ᠠ ᠡᠳ᠋ ᠡᠷᠳᠡᠨᠢᠰ— | ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠶ ᠪᠠᠶᠢᠳᠠᠭ᠂ ᠵᠤᠭᠠᠴᠠᠭᠰᠠᠳ ᠠᠳᠡ ᠲᠦᠴᠢᠦᠸᠠᠨ ᠰᠢᠶᠠᠨ ᠤ | ᠪᠠᠶᠢᠭᠠᠯᠢ ᠶᠢᠨ ᠣᠷᠴᠢᠨ ᠲᠣᠭᠤᠷᠢᠨ ᠪᠠ ᠲᠡᠦᠬᠡ ᠶᠢᠨ ᠬᠤᠪᠢᠷᠠᠯᠲᠠ ᠶᠢ ᠭᠦᠨᠵᠡᠭᠡᠶ ᠣᠶᠢᠯᠠᠭᠠᠵᠤ ᠪᠣᠯᠤᠨ᠎ᠠ᠃ | ᠣᠶᠢᠷ᠎ᠠ ᠶᠢᠨ ᠵᠢᠯ ᠳᠤ᠂ ᠪᠤᠤ ᠱᠢ ᠪᠠᠯᠭᠠᠰᠤ ᠣᠯᠠᠨ ᠠᠴᠠ ᠬᠡᠲᠦᠶᠢᠳᠦᠭᠰᠡᠨ ᠪᠠᠶᠢᠭᠠᠯᠢ ᠶᠢᠨ ᠡᠬᠢ ᠪᠠᠶᠠᠯᠢᠭ | ᠲᠠᠭᠠᠨ ᠲᠦᠰᠢᠭᠯᠡᠨ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ︽ᠪᠤᠤ ᠴᠧᠩ ᠤᠨ | ᠵᠢᠱᠢᠶ᠎ᠡ ᠦᠵᠡᠭᠦᠯᠬᠦ ᠲᠣᠰᠬᠤᠨ— ᠴᠦᠨ ᠵᠧᠦ ᠡᠷᠲᠡᠨ ᠤ ᠬᠤᠲᠠ— ᠪᠤᠤ ᠱᠢ ᠨᠠᠭᠤᠷ—ᠡᠪᠦᠭᠡᠨ ᠠᠭᠤᠯᠠ︾ | ᠭᠡᠬᠦ ᠵᠢᠭᠤᠯᠴᠢᠯᠠᠯ ᠤᠨ ᠱᠤᠭᠤᠮ ᠢ ᠪᠦᠷᠢᠯᠳᠦᠭᠦᠯᠵᠡᠶ᠃ ᠡᠨᠡᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ | ᠲᠤ᠂ ᠪᠤᠤ ᠱᠢ ᠪᠠᠯᠭᠠᠰᠤ 40000 ᠰᠢᠬᠠᠮ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ | 500 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠡᠢ᠃ |