ᠡᠮᠡᠭᠲᠡᠶᠢᠴᠦᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠳᠡᠭᠡ ᠲᠣᠰᠬᠤᠨ  ᠤ ᠠᠶᠠᠯᠠᠯ ᠲᠠᠢ ᠫᠢᠩ ᠰᠢᠶᠠᠩ ᠳᠤ ᠣᠷᠣᠪᠠ
ᠨᠡᠶᠢᠲᠡᠯᠡᠭᠰᠡᠨ ᠴᠠᠭ᠄
2024/6/15
   ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠦᠨᠡᠨ ᠬᠦ ᠡᠩ ᠤᠨ ᠦᠶ᠎ᠡ ᠳᠤ ᠬᠢᠵᠦ᠂ ᠪᠠᠶᠢᠩᠭᠤ ᠠᠳᠬᠤᠨ᠂ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠲᠤ ᠦᠨᠡᠨ ᠰᠡᠳᠬᠢᠯ ᠪᠦᠬᠦ ᠵᠣᠷᠢᠭ ᠢᠶᠠᠷ ᠢᠶᠠᠨ ᠪᠣᠳᠠᠲᠠᠢ ᠠᠵᠢᠯ ᠬᠢᠵᠦ ᠥᠭᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠠᠢ ᠫᠢᠩ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠡᠮᠡᠭᠲᠡᠢ ᠬᠠᠤᠯᠢᠴᠢ  ᠶᠢᠨ ᠲᠣᠭᠤᠷᠢᠨ ᠶᠠᠪᠤᠵᠤ ᠳᠣᠷᠣᠭᠰᠢ ᠰᠤᠷᠪᠤᠯᠵᠢᠯᠠᠬᠤ ᠠᠵᠢᠯᠯᠠᠭ᠎ᠠ︾ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠶᠢᠯᠤᠮᠵᠢ ᠶᠢ ᠥᠷᠨᠢᠭᠦᠯᠪᠡ᠃ ᠲᠠᠶᠢᠯᠤᠮᠵᠢ ᠳᠤ ᠬᠢᠩᠭᠠᠨ ᠠᠶᠢᠮᠠᠭ ᠤᠨ ︽ᠪᠠᠶ ᠬᠤᠸᠠ ᠡᠮᠡᠭᠲᠡᠶ ᠬᠠᠤᠯᠢᠴᠢ ᠶᠢᠨ ᠦᠶᠯᠡᠴᠢᠯᠡᠭᠡᠨ ᠤ ᠪᠦᠯᠬᠦᠮ︾ ᠤᠨ ᠪᠦᠷᠢᠯᠳᠦᠬᠦᠨ᠂ ᠥᠪᠥᠷ ᠮᠣᠩᠭᠤᠯ ᠤᠨ ᠴᠢᠶᠠᠨ ᠶᠦᠨ ᠹᠧᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠯᠢ ᠢᠤᠢ ᠹᠧᠨ ︽ᠢᠷᠭᠡᠨ ᠤ ᠬᠠᠤᠯᠢ ᠶᠢᠨ ᠪᠢᠴᠢᠭ︾ ᠤᠨ ᠣᠷᠤᠭ ᠬᠡᠷ ᠪᠦᠯᠢ ᠶᠢᠨ ᠲᠤᠬᠠᠶ ᠬᠡᠰᠡᠭ᠂ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠨᠠᠷᠢᠨ ᠲᠠᠶᠢᠯᠤᠮᠵᠢ ᠬᠢᠪᠠ᠃ ᠡᠯ᠎ᠡ ᠭᠠᠴᠠᠭᠠᠨ ᠤ ᠡᠮᠡᠭᠲᠡᠶᠢᠴᠦᠳ  ᠤᠨ ᠬᠤᠯᠪᠣᠭᠠᠲᠤ ᠬᠤᠷᠠᠯ᠂ ᠭᠦᠢᠴᠡᠳᠬᠡᠬᠦ ᠺᠣᠮᠢᠰ ᠤᠨ 30 ᠭᠠᠷᠤᠢ ᠬᠥᠮᠦᠨ ᠣᠷᠣᠯᠴᠠᠵᠠᠢ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠯᠢ ᠬᠠᠤᠯᠢᠴᠢ ᠥᠪᠡᠷ ᠤᠨ ᠠᠵᠢᠯ ᠤᠨ ᠢᠶᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ᠂ ᠬᠡᠷᠡᠭ ᠢᠶᠠᠷ ᠬᠠᠤᠯᠢ ᠶᠠᠷᠢᠵᠤ᠂ ᠣᠷᠤᠭ ᠬᠡᠷ ᠪᠦᠯᠢ ᠶᠢᠨ ᠠᠰᠠᠭᠤᠳᠠᠯ ᠤᠨ ᠲᠣᠭᠤᠷᠢᠨ ᠳᠤ ᠬᠤᠷᠠᠯ ᠳᠤ ᠣᠷᠣᠯᠴᠠᠭᠰᠠᠳ ᠲᠤ ᠡᠶᠢᠮᠦᠷᠬᠦᠦ ᠠᠰᠠᠭᠤᠳᠠᠯ ᠢ ᠬᠡᠷᠬᠢᠨ ᠰᠢᠶᠳᠪᠦᠷᠢᠯᠡᠪᠡᠯ ᠵᠣᠬᠢᠬᠤ ᠪᠣᠶ᠃ ᠣᠯᠠᠨ ᠲᠦᠮᠡᠨ ᠢ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠶᠳᠪᠦᠷᠢᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠳᠠᠳᠬᠠᠯ ᠲᠠᠢ ᠪᠣᠯᠭᠠᠵᠤ᠂ ᠣᠷᠤᠭ ᠬᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠬᠦ ᠶᠢᠨ ᠲᠥᠯᠥᠭᠡ ᠶᠤᠮ
   ᠠᠵᠢᠯᠯᠠᠭ᠎ᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠵᠦ᠂ ᠡᠮᠡᠭᠲᠡᠶᠢᠴᠦᠳ ᠤᠨ ᠠᠵᠢᠯᠲᠠᠨ ᠤ ᠬᠡᠪ ᠴᠢᠨᠠᠷ ᠪᠠ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠤᠯᠠᠨ ᠢᠶᠠᠷ  ᠢᠶᠠᠨ᠂ ᠬᠤᠶᠢᠰᠢᠳᠠ ᠠᠰᠠᠭᠤᠳᠠᠯ ᠲᠤᠯᠭᠠᠷᠠᠪᠠᠯ᠂ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠤᠷᠬᠤ ᠪᠠᠷ ᠪᠠᠷᠠᠬᠤ ᠦᠭᠡᠢ᠂ ᠪᠠᠰᠠ ᠬᠤᠶᠢᠰᠢᠳᠠ ᠶᠢᠨ ᠠᠵᠢᠯ  ᠤᠨ ᠳᠤᠮᠳᠠ ᠪᠠᠨ ᠳᠡᠷᠭᠡᠳᠡᠬᠢ ᠤᠯᠠᠨ ᠲᠦᠮᠡᠨ ᠤ ᠢᠶᠠᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠢᠯᠡᠳᠬᠡᠵᠡᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号