ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︾ ︵︽ᠰᠠᠨᠠᠯ ︾ ᠭᠡᠵᠦ ᠲᠣᠪᠴᠢᠯᠠᠨ᠎ᠠ ︶ ᠢ | ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ | ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ ︾ ︽ᠬᠤᠳᠠᠯᠳᠤᠨ ᠠᠪᠴᠤ ᠳᠡᠶᠢᠯᠬᠦ ︾ ᠶᠢ | ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ | ᠭᠤᠤᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ | ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ | ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ ᠶᠠᠰᠤ ᠴᠢᠨᠠᠷ ᠰᠠᠶᠢᠨ ᠪᠢᠰᠢ᠂ | ᠰᠢᠨ᠎ᠡ ᠶᠢ ᠡᠭᠦᠳᠬᠦ ᠪᠠᠷ ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ︽ᠰᠠᠨᠠᠯ ︾ ᠳᠤ ᠬᠡᠳᠦᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ | ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ | ︽ᠣᠯᠵᠤ ᠬᠤᠳᠠᠯᠳᠤᠨ ᠠᠪᠬᠤ ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ | ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ | ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ | ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ | ᠬᠤᠳᠠᠯᠳᠤᠨ ᠠᠪᠴᠤ ᠳᠡᠶᠢᠯᠬᠦ ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ | ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ | ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ | ᠦᠷᠭᠦᠯᠵᠢᠯᠡᠬᠦ᠋ᠢᠴᠡ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ | ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ | ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ | ᠰᠠᠨᠠᠯ ︾ ᠤᠨ ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ ︾ ᠳᠤ ᠳᠤᠷᠠᠳᠤᠭᠰᠠᠨ | ᠵᠠᠷᠴᠢᠮ᠂ ᠬᠠᠷᠠᠯᠲᠠ᠂ ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ | ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ | ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ ︾ ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ | ᠲᠠᠯ᠎ᠠ ᠪᠠᠷ᠂ ︽ᠰᠠᠨᠠᠯ ︾ ᠳᠤ ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ | ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ | ᠦᠢᠯᠡᠳᠬᠦᠨ ᠢ ᠶᠡᠭᠡ ᠪᠠᠷ ᠬᠥᠭᠵᠢᠭᠦᠯᠬᠦ ︾ ︽ᠡᠮᠡᠭᠲᠡᠶᠢᠴᠦᠳ ᠤᠨ ︿ᠬᠤᠶᠠᠷ ᠥᠮᠡᠨ ﹀᠂ ᠬᠡᠤᠬᠡᠳ ᠤᠨ | ᠲᠥᠷᠥᠯᠬᠢ ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ | ᠴᠢᠩᠭᠠᠳᠬᠠᠬᠤ ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠥᠬᠡᠶ᠂ ᠪᠠᠰᠠ ᠪᠠᠷᠢᠯᠭ᠎ᠠ ᠶᠢᠨ | ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ | ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ | ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠴᠠᠩᠭᠤᠶ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ | ᠥᠬᠡᠶ ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ | ᠲᠠᠯ᠎ᠠ ᠪᠠᠷ᠂ ︽ᠰᠠᠨᠠᠯ ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ | ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ | ᠰᠦᠢᠳᠬᠡᠯ ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ ︾ ︽ᠡᠮᠴᠢᠯᠡᠭᠡᠨ ᠤ | ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ | ᠢᠳᠡᠪᠬᠢᠲᠡᠶ ᠬᠥᠭᠵᠢᠭᠦᠯᠬᠦ ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ ︾ ᠳᠤ | ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ | ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ | ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠬᠡᠷ ᠪᠦᠯᠢ ᠶᠢᠨ ᠡᠳ᠋ | ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ ﹀ ᠪᠠ ︿ᠨᠡᠶᠢᠭᠡᠮ ᠤᠨ ᠪᠠᠶᠢᠳᠠᠯ ᠢ | ᠲᠣᠭᠲᠠᠪᠤᠷᠢᠵᠢᠭᠤᠯᠬᠤ ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ | ᠴᠢᠬᠤᠯᠠ ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ ᠳᠦᠷᠬᠡᠨ | ᠲᠠᠪᠰᠢᠭᠰᠠᠨ ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ | ᠪᠠᠶᠢᠨ᠎ᠠ᠃ ᠡᠨᠡ ᠬᠦ ᠠᠬᠤᠶ ᠪᠠᠶᠢᠳᠠᠯ ᠳᠤ᠂ ︽ᠰᠠᠨᠠᠯ ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ ᠳᠠᠷᠦ᠋ᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ | ᠴᠢᠬᠤᠯᠠᠲᠠᠶ ᠶᠤᠮ᠃ ︾ ᠮᠥᠩᠭᠦᠨ ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ | ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ ︾ ᠨᠢ | ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ ︾ ᠤᠨ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ | ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ | ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠢᠳᠡᠪᠬᠢᠲᠡᠶ ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ | 100 ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ | ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ | ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢᠨ ᠲᠥᠯᠥᠭᠡ ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ | ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ | ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠦ᠂ 2023 ᠣᠨ ᠳᠤ ᠨᠠᠰᠤᠲᠠᠶᠢᠴᠤᠳ ᠵᠡᠷᠭᠡ ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 | ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ | ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ | ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ | ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ | ᠣᠷᠣᠭᠤᠯᠤᠨ᠎ᠠ ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ | ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠥᠯᠢ ᠶᠢᠨ ᠳᠠᠭᠠᠳᠬᠠᠯ ︾ ᠤᠨ | ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ ︾ ᠪᠣᠯ | ᠱᠠᠩᠬᠠᠶ ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ | ᠬᠠᠷᠠᠭᠠᠯᠵᠠᠯᠲᠤ ᠬᠡᠯᠪᠡᠷᠢ ᠶᠢᠨ ᠬᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ + | ᠦᠢᠯᠡᠴᠢᠯᠡᠭᠡ ︾ ᠶᠢᠨ ᠰᠢᠨ᠎ᠡ ᠶᠢ ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ | ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ | ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ ︾ ᠨᠢ ᠪᠠᠰᠠ ᠬᠤᠲᠠ ᠶᠢᠨ ᠠᠷᠠᠳ ᠲᠤ ᠬᠠᠤᠯᠢ | ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ | ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ | ᠨᠠᠩ ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ | ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠢ ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ | ᠤᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ | ᠪᠠᠰᠠ ᠳᠠᠭᠠᠳᠬᠠᠯ ᠬᠠᠷᠢᠭᠤᠴᠠᠬᠤ᠂ ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ | ᠦᠢᠯᠡᠴᠢᠯᠡᠭᠡᠨ ᠤ ᠳᠦᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ | ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠦᠯᠦᠵᠦ ᠳᠡᠶᠢᠯᠬᠦ ᠶᠢ ᠨᠢ ᠲᠦᠷᠭᠡᠨ ᠲᠥᠯᠥᠬᠦ ﹀ ᠶᠢ | ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ ︾ | ᠭᠡᠵᠦ ᠳ᠋ᠦᠩ ᠰᠢ ᠮᠢᠶᠣᠣ ᠬᠡᠯᠡᠪᠡ᠃ | |