ᠰᠣᠶᠣᠯ ᠤᠨ ᠭᠧᠨ ᠢ ᠤᠯᠠᠮᠵᠢᠯᠠᠵᠤ ᠤᠷᠤᠭᠰᠢᠯᠠᠨ ᠳᠠᠪᠰᠢᠬᠤ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2024/6/18
   ᠬᠤᠪᠢᠰᠬᠠᠯ ᠤᠨ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠢᠯᠡ ᠲᠣᠳᠣ ᠳᠡᠪᠢᠰᠬᠡᠷ ᠦᠩᠭᠡ ᠪᠠ ᠵᠣᠷᠢᠭ ᠰᠠᠨᠠᠭᠠᠨ ᠤ ᠲᠤᠭ ᠮᠥᠨ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ  ᠤ ᠰᠢᠤᠸᠠᠢ ᠲᠢᠶᠠᠨ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠤᠰ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠰᠣᠶᠣᠯ ᠤᠨ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠦᠨᠡᠨ ᠬᠦ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ  ᠤ ᠭᠡᠷ ᠣᠷᠣᠨ ᠢ ᠪᠠᠶᠢᠭᠤᠯᠪᠠ᠃
   ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠣᠨᠣᠯ ᠢ ᠤᠬᠠᠭᠤᠯᠤᠨ ᠲᠠᠶᠢᠯᠪᠦᠷᠢᠯᠠᠬᠤ ᠶᠢ ︽ᠰᠢᠨᠡᠴᠢᠯᠡᠵᠦ︾ ᠨᠠᠩ ︽ᠰᠡᠳᠭᠢᠯ ᠳᠡᠭᠡᠨ ᠲᠠᠯᠪᠢᠨ᠎ᠠ︾    ︽ᠨᠤᠲᠤᠭ ᠤᠨ ᠠᠬ᠎ᠠ ᠳᠡᠭᠦᠦ ᠨᠡᠷ ᠡ᠂ ᠬᠢᠩᠭᠠᠨ ᠠᠶᠢᠮᠠᠭ ᠤᠨ ᠬᠥᠮᠦᠨ ᠪᠣᠯᠤᠭᠰᠠᠨ ᠤ ᠬᠤᠪᠢ ᠳᠤ᠂ ᠪᠢᠳᠡ ᠮᠠᠰᠢ ᠣᠮᠣᠭᠰᠢᠭᠤᠰᠢᠲᠠᠶ ᠶᠤᠮ᠂ ᠤᠴᠢᠷ ᠨᠢ ᠮᠠᠨ ᠤ ᠬᠢᠩᠭᠠᠨ ᠠᠶᠢᠮᠠᠭ ᠪᠣᠯ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠮᠡᠨᠳᠦᠯᠡᠭᠰᠡᠨ ᠭᠠᠵᠠᠷ ᠮᠥᠨ᠂ ᠪᠠᠰᠠ ᠴᠤ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠥᠷᠥ ᠶᠢᠨ ᠪᠣᠳᠣᠯᠭ᠎ᠠ ᠶᠢ ᠬᠠᠮᠤᠭ ᠤᠨ ᠡᠷᠲᠡ ᠦᠶᠯᠡᠳᠦᠯᠭᠡᠵᠢᠭᠦᠯᠦᠭᠰᠡᠨ ᠭᠠᠵᠠᠷ ᠮᠥᠨ᠂︾ ᠬᠠᠷ᠎ᠠ ᠥᠷᠯᠥᠭᠡ ᠬᠤᠪᠢᠰᠬᠠᠯ ᠤᠨ ᠰᠣᠶᠣᠯ ᠢ ᠤᠬᠠᠭᠤᠯᠤᠨ ᠲᠠᠶᠢᠯᠪᠤᠷᠢᠯᠠᠭᠴᠢ ᠶᠢᠨ ︽ᠪᠦᠷᠢᠶ᠎ᠡ︾ ᠨᠢ ᠳᠠᠷᠤᠶ ᠰᠢᠤᠸᠠᠢ ᠲᠢᠶᠠᠨ ᠰᠢᠶᠠᠩ ᠤᠨ ᠰᠠᠨᠳᠠᠯᠢ ᠶᠢᠨ ᠰᠤᠷᠭᠠᠭᠤᠯᠢ ᠳᠤ ᠴᠤᠤᠷᠢᠶᠠᠲᠤᠵᠤ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ᠂ ᠤᠶᠢᠯᠠᠭᠠᠮᠵᠢᠳᠠᠢ ᠮᠠᠶ᠋ᠢᠭ ᠢᠶᠠᠷ ᠢᠯᠡᠳᠬᠡᠵᠦ᠂ ᠳᠡᠷᠭᠡᠳᠡᠬᠢ ᠥᠯᠢᠭᠡᠷ᠂ ᠠᠮᠢᠳᠤᠷᠠᠯ ᠤᠨ ᠵᠢᠵᠢᠭ ᠶᠠᠪᠤᠳᠠᠯ ᠠᠴᠠ ᠡᠬᠢᠯᠡᠨ ᠶᠠᠷᠢᠯᠴᠠᠵᠤ᠂ ᠴᠠᠭ ᠤᠨ ᠪᠠᠶᠢᠳᠠᠯ ᠲᠥᠷᠥ  ᠶᠢᠨ ᠪᠣᠳᠣᠯᠭ᠎ᠠ᠂ ᠬᠥᠭᠵᠢᠯᠲᠡ ᠶᠢᠨ ᠠᠮᠵᠢᠯᠲᠠ ᠪᠦᠲᠦᠮᠵᠢ ᠵᠢᠴᠢ ᠢᠷᠡᠭᠡᠳᠦᠶ ᠶᠢᠨ ᠲᠤᠬᠠᠶ ᠶᠠᠷᠢᠵᠤ᠂ ᠬᠠᠮᠤᠭ ᠤᠨ ᠰᠢᠨ᠎ᠡ ᠣᠨᠣᠯ ᠤᠨ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠭᠰᠡᠨ ᠪᠠᠶᠢᠨ᠎ᠠ︔ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠲᠠᠬᠢᠨ ᠢᠯᠡᠷᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ᠂ ᠴᠠᠭ ᠦᠶ᠎ᠡ ᠶᠢᠨ ᠠᠮᠢᠳᠤᠷᠠᠯ ᠤᠨ ᠬᠤᠪᠢᠷᠠᠯᠲᠠ ᠵᠡᠷᠭᠡ ᠶᠢ ᠨᠠᠮ  ᠤᠨ ᠲᠦᠷᠦ ᠶᠢᠨ ᠪᠤᠳᠤᠯᠭ᠎ᠠ ᠤᠨᠤᠯ ᠲᠠᠢ ᠠᠭᠤᠰᠤᠯᠴᠠᠭᠤᠯᠵᠤ᠂ ᠲᠣᠰᠬᠤᠨ ᠤ ᠠᠷᠠᠳ ᠤᠨ ᠴᠢᠰᠤ ᠮᠢᠬᠠᠨ ᠳᠤ ᠤᠷᠤᠰᠴᠤ ᠪᠠᠶᠢᠭ᠎ᠠ ᠬᠤᠪᠢᠰᠬᠠᠯ ᠤᠨ ᠭᠧᠨ ᠢ ︽ᠰᠡᠷᠭᠦᠭᠡᠨ᠎ᠡ︾
   ᠰᠣᠶᠣᠯ ᠢᠶᠠᠷ ᠬᠥᠮᠦᠨ ᠢ ᠤᠬᠠᠭᠠᠷᠠᠭᠤᠯᠵᠤ᠂ ᠪᠣᠯᠪᠠᠰᠤᠨ ᠲᠣᠰᠬᠤᠨ ᠤ ᠰᠤᠷᠲᠠᠯ ᠢ ︽ᠬᠥᠭᠵᠢᠭᠡᠵᠦ︾  ᠪᠠᠰᠠ ︽ᠬᠦᠴᠦᠯᠡᠨ᠎ᠡ︾    ︽ᠨᠥᠬᠦᠳ ᠡ᠂ ᠥᠨᠥᠳᠦᠷ ᠪᠢᠳᠡ ᠬᠠᠮᠲᠤ ᠪᠠᠷ ᠨᠢᠭᠡ ᠬᠤᠪᠢ ᠬᠤᠪᠢᠰᠬᠠᠯᠳᠤ ᠭᠡᠷ ᠤᠨ ᠵᠠᠬᠢᠳᠠᠯ ᠢ ᠬᠤᠪᠢᠶᠠᠯᠴᠠᠶ᠎ᠠ……︾ ᠰᠢᠤᠸᠠᠢ ᠲᠢᠶᠠᠨ ᠪᠠᠭ᠎ᠠ ᠰᠤᠷᠭᠠᠭᠤᠯᠢ ᠶᠢᠨ ᠬᠢᠴᠢᠶᠡᠯ ᠳᠡᠭᠡᠷ᠎ᠡ᠂ ᠨᠢᠭᠡᠨ ᠠᠮᠢᠳᠤᠯᠢᠭ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠠᠩᠭᠢ ᠶᠢᠨ ᠬᠤᠷᠠᠯ ᠶᠠᠭ ᠶᠠᠪᠤᠭᠳᠠᠵᠤ ᠪᠠᠶᠢᠨ᠎ᠠ᠃ ᠭᠡᠷ ᠤᠨ ᠵᠠᠬᠢᠳᠠᠯ ᠤᠨ ᠬᠠᠭᠤᠳᠠᠰᠦ ᠣᠬᠤᠷ᠂ ᠤᠯᠤᠰ ᠠᠴᠠ ᠰᠡᠳᠭᠢᠯ ᠦᠨᠳᠦᠷ᠃ ᠰᠢᠤᠸᠠᠢ ᠲᠢᠶᠠᠨ ᠰᠢᠶᠠᠩ ︽ᠤᠮᠠᠷᠠᠲᠤ ᠬᠢᠯᠢ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠬᠤᠪᠢᠰᠬᠠᠯᠲᠤ ᠭᠡᠷ ᠤᠨ ᠵᠠᠬᠢᠳᠠᠯ ᠢ ᠤᠩᠰᠢᠬᠤ᠂ ᠬᠤᠪᠢᠰᠬᠠᠯ ᠤᠨ ᠳᠤᠷᠠᠳᠬᠠᠯ ᠢ ᠡᠷᠭᠢᠴᠡᠭᠦᠯᠬᠦ᠂ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠴᠢᠩᠭᠠᠳᠬᠠᠪᠠ᠃ ᠲᠠᠷᠢᠶᠠᠴᠢᠨ ᠠᠶᠢᠯ ᠤᠨ ᠨᠣᠮ ᠤᠨ ᠥᠷᠥᠭᠡ᠂ ᠡᠮᠡᠭᠲᠡᠶᠢᠴᠦᠳ ᠤᠨ ᠥᠷᠥᠭᠡ ᠂ ᠰᠣᠶᠣᠯ ᠤᠨ ᠠᠭᠤᠳᠠᠮ ᠲᠠᠯᠠᠪᠠᠶ ᠵᠡᠷᠭᠡ ᠠᠵᠢᠯᠯᠠᠭᠠᠨ ᠤ ᠵᠢᠭᠰᠠᠭᠠᠯ ᠤᠨ ᠭᠠᠵᠠᠷ ᠲᠤ ᠲᠦᠰᠢᠭᠯᠡᠨ᠂ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠭᠤᠤᠯ ᠰᠡᠳᠦᠪ ᠪᠣᠯᠭᠠᠵᠤ᠂ ︽ᠮᠠᠨ ᠤ ᠪᠠᠶᠠᠷ ᠤᠨ ᠡᠳᠦᠷ︾ ᠤᠨ ᠣᠯᠠᠨ ᠲᠦᠮᠡᠨ ᠤ ᠦᠶᠯᠡᠳᠦᠯᠭᠡ ᠶᠢᠨ ᠠᠵᠢᠯᠯᠠᠭ᠎ᠠ᠂ ︽ᠬᠥᠳᠡᠭᠡ ᠲᠣᠰᠬᠤᠨ ᠤ ᠪᠢᠳᠡᠨ ᠤ ᠬᠦᠰᠡᠯ ᠡᠷᠡᠮᠡᠯᠵᠡᠯ ᠤᠨ ᠲᠠᠪᠴᠠᠩ︾ ᠤᠨ ᠲᠠᠷᠢᠶᠠᠴᠢᠳ ᠤᠨ ᠤᠳᠬ᠎ᠠ ᠤᠷᠠᠯᠢᠭ ᠤᠨ ᠠᠵᠢᠯᠯᠠᠭ᠎ᠠ᠂ ︽ᠠᠨᠠᠷ ᠤᠨ ᠦᠷ᠎ᠡ ᠶᠢ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠠᠵᠢᠯᠯᠠᠭ᠎ᠠ ᠵᠡᠷᠭᠡ ᠣᠯᠠᠨ ᠲᠦᠮᠡᠨ ᠤ ᠣᠷᠣᠯᠴᠠᠬᠤ ᠳᠤᠷᠠᠲᠠᠶ᠂ ᠣᠷᠣᠯᠴᠠᠬᠤ ᠳᠤ ᠲᠥᠬᠦᠮ ᠰᠣᠶᠣᠯ ᠤᠨ ᠠᠵᠢᠯᠯᠠᠭ᠎ᠠ ᠶᠢ 70 ᠭᠠᠷᠤᠶ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠤᠪᠢᠰᠬᠠᠯᠲᠤ ᠰᠣᠶᠣᠯ ᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠰᠢᠭᠢᠳᠬᠡᠨ ᠣᠷᠣᠭᠤᠯᠬᠤ ᠶᠢ ᠭᠦᠨᠵᠡᠭᠡᠶ ᠠᠬᠢᠭᠤᠯᠵᠤ᠂ ᠲᠣᠰᠬᠤᠨ ᠤ ᠠᠷᠠᠳ ᠲᠤ ᠥᠩᠭᠡ ᠢᠯᠭᠠᠷᠠᠭᠰᠠᠨ᠂ ᠦᠵᠡᠵᠦ ᠰᠣᠨᠢᠷᠬᠠᠬᠤ ᠳᠤᠷᠠᠲᠠᠶ ᠠᠵᠢᠯᠯᠠᠭ᠎ᠠ ᠳᠤ ᠣᠶᠤᠨ ᠰᠠᠨᠠᠭᠠᠨ ᠤ ᠰᠢᠮ᠎ᠡ ᠲᠡᠵᠢᠭᠡᠯ ᠬᠦᠷᠲᠡᠭᠡᠵᠦ᠂ ᠤᠷᠤᠭᠰᠢᠯᠠᠨ ᠳᠠᠪᠰᠢᠬᠤ ᠬᠦᠴᠦᠨ ᠢ ᠨᠡᠮᠡᠭᠳᠡᠭᠦᠯᠪᠡ᠃
   ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠰᠬᠠᠯᠲᠤ ᠰᠣᠶᠣᠯ  ᠢ ᠨᠡᠩ ᠢᠯᠡᠭᠦᠦ ︽ᠰᠣᠨᠢᠷᠬᠠᠭᠤᠰᠢᠲᠠᠢ︾ ᠪᠣᠯᠭᠠᠪᠠ    ︽ᠡᠨᠡ ᠵᠢᠯ ᠲᠣᠰᠬᠤᠨ ᠤ ᠬᠢᠨ ᠬᠦᠷᠢᠶ᠎ᠡ ᠬᠠᠰᠢᠶᠠᠨ ᠤ ᠠᠵᠤ ᠠᠬᠤᠢ ᠪᠠᠨ ᠬᠥᠭᠵᠢᠭᠦᠯᠬᠦ ᠳᠤ᠂ ᠪᠢ ᠪᠠᠰᠠ ᠭᠤᠸᠠ ᠶᠢᠨ ᠴᠢᠬᠢ ᠭᠤᠶᠤᠴᠢᠯᠠᠵᠤ᠂ ᠥᠪᠡᠷ ᠤᠨ ᠬᠡᠷ ᠲᠡᠭᠡᠨ ᠲᠣᠤᠷᠯᠢᠭ ᠬᠡᠮᠬᠡ ᠲᠠᠷᠢᠵᠥ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠪᠠᠷ ᠪᠠᠷᠠᠬᠤ ᠦᠬᠡᠢ ᠪᠠᠰᠠ ᠣᠷᠣᠯᠭ᠎ᠠ ᠪᠠᠨ ᠨᠡᠮᠡᠭᠳᠡᠭᠦᠯᠵᠦ ᠳᠡᠶᠢᠯᠬᠦ ᠨᠢ ᠬᠡᠳᠦᠢ ᠰᠠᠶᠢᠨ ᠪᠤᠢ᠂ ᠤᠳᠤ ᠠᠮᠢᠳᠤᠷᠠᠯ ᠰᠠᠶᠢᠵᠢᠷᠠᠵᠠᠢ᠂ ᠡᠶᠢᠮᠦ ᠠᠴᠠ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠢᠷᠠᠭᠤ ᠠᠯᠳᠠᠷᠲᠤ ᠤᠯᠠᠮᠵᠢᠯᠠᠯ ᠢᠶᠠᠨ ᠮᠠᠷᠲᠠᠵᠤ ᠪᠣᠯᠬᠤ ᠦᠬᠡᠢ︕︾ ᠬᠤᠪᠢᠰᠬᠠᠯ ᠤᠨ ᠰᠣᠶᠣᠯ ᠤᠨ ᠳᠠᠭᠠᠭᠤᠯᠭ᠎ᠠ ᠳᠣᠤᠷ᠎ᠠ᠂ ᠰᠢᠤᠸᠠᠢ ᠲᠢᠶᠠᠨ ᠰᠢᠶᠠᠩ ᠲᠤᠯᠭᠠᠭᠤᠷᠢ ᠠᠵᠤ ᠦᠶᠯᠡᠰ ᠢ ᠶᠡᠬᠡᠪᠡᠷ ᠬᠥᠭᠵᠢᠭᠦᠯᠵᠦ᠂ ᠤᠨᠴᠠᠯᠢᠭᠳᠤ ᠤᠰᠤᠨ ᠲᠤᠲᠤᠷᠭ᠎ᠠ ᠳᠠᠷᠢᠬᠤ ᠠᠵᠤ ᠦᠶᠯᠡᠰ᠂ ᠬᠦᠷᠢᠶ᠎ᠡ ᠬᠠᠰᠢᠶᠠᠨ ᠤ ᠠᠵᠤ ᠠᠬᠤᠶ  ᠶᠢᠨ ᠲᠣᠤᠷᠯᠢᠭ ᠬᠡᠮᠬᠡ ᠳᠠᠷᠢᠬᠤ᠂ ᠣᠶ ᠳᠣᠲᠣᠷᠠᠬᠢ ᠠᠵᠤ ᠠᠬᠤᠶ ᠶᠢᠨ ᠤᠯᠠᠭᠠᠨ ᠨᠠᠷᠠᠰᠤᠨ ᠤ ᠮᠦᠭᠦ᠂ ᠭᠠᠵᠠᠷ ᠬᠥᠷᠥᠩᠭᠡ ᠣᠶ ᠰᠢᠭᠤᠶ ᠶᠢᠨ ᠥᠭᠡᠷᠡᠴᠢᠯᠡᠯᠲᠡ ᠠᠯᠮᠤᠷᠠᠳ ᠠᠯᠢᠮ᠎ᠠ ᠵᠡᠷᠭᠡ ᠠᠯᠢ ᠣᠯᠠᠨ ᠨᠤᠲᠤᠭ ᠤᠨ ᠣᠨᠴᠠ ᠭᠠᠷᠤᠯᠲᠠ ᠶᠢᠨ ᠫᠠᠶᠢᠰᠠ ᠡᠳᠦᠷ ᠢᠷᠡᠬᠦᠶ᠎ᠡ ᠪᠣᠶ ᠪᠣᠯᠪᠠ᠃ ᠡᠭᠦᠨ ᠤ ᠬᠠᠮᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠠᠬᠢ ᠬᠤᠪᠢᠰᠬᠠᠯ ᠤᠨ ᠰᠣᠶᠣᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠮᠢ ᠠᠬᠤᠶ  ᠶᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ  ᠤ ᠪᠦᠲᠦᠮᠵᠢᠲᠡᠶ ᠵᠠᠰᠠᠯᠲᠠ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号