ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠶᠴᠡᠳᠬᠡᠬᠦ ᠨᠢ ᠠᠷᠠᠳ ᠲᠦᠮᠡᠨ ᠳᠤ ᠦᠶᠯᠡᠴᠢᠯᠡᠬᠦ ᠬᠤᠷᠳᠤᠴᠠ  ᠶᠢ ᠲᠦᠷᠭᠡᠳᠬᠡᠪᠡ
ᠨᠡᠶᠢᠲᠡᠯᠡᠭᠰᠡᠨ ᠴᠠᠭ᠄
2024/6/19
   ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠲᠦᠴᠢᠦᠸᠠᠨ ᠰᠢᠶᠠᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠬᠦ ᠲᠦᠷᠢᠮ ᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠬᠦ ᠲᠦᠷᠢᠮ ᠤᠨ ᠠᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠳᠤ ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠳᠤᠮᠳᠠᠬᠢ ᠰᠡᠷᠭᠡᠶᠢᠯᠡᠨ ᠠᠷᠢᠯᠭᠠᠬᠤ ᠴᠢᠳᠠᠮᠵᠢ ᠶᠢ ᠭᠦᠶᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃    ᠡᠨᠡ ᠬᠤᠶᠠᠷ ᠡᠳᠦᠷ᠂ ᠲᠦᠴᠢᠦᠸᠠᠨ ᠰᠢᠶᠠᠨ ᠤ ᠲᠢᠶᠠᠨ ᠶᠤᠸᠠᠨ ᠨᠢᠭᠡᠳᠦᠭᠡᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠤᠨ ᠤᠰᠤ ᠪᠠᠭᠤᠬᠤ ᠬᠤᠳᠳᠤᠭ ᠭᠠᠳᠠᠭᠰᠢ ᠪᠢᠯᠬᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠨᠥᠯᠥᠭᠡᠯᠡᠪᠡ᠃ ᠲᠤᠰ ᠰᠠᠭᠤᠭᠠᠯᠢ ᠲᠣᠭᠤᠷᠢᠭ ᠪᠣᠯ ᠥᠪᠡᠷᠲᠡᠭᠡᠨ ᠵᠠᠰᠠᠬᠤ ᠬᠠᠮᠢᠶᠠᠷᠤᠯᠲᠠ ᠪᠣᠯᠬᠤᠷ ᠬᠠᠮᠲᠤ ᠪᠠᠷ ᠪᠠᠯᠠ ᠮᠥᠩᠭᠦ ᠴᠤᠭᠯᠠᠭᠤᠯᠵᠤ ᠵᠠᠰᠠᠬᠤ ᠴᠢᠬᠤᠯᠠᠲᠠᠶ᠂ ᠭᠡᠪᠡᠴᠦ ᠣᠨᠴᠠ ᠵᠠᠷᠢᠮ ᠰᠠᠭᠤᠭᠠᠯᠢ ᠠᠷᠠᠳ ᠬᠠᠮᠵᠢᠯᠴᠠᠬᠤ ᠥᠬᠡᠶ ᠠᠴᠠ ᠪᠣᠯᠵᠣ ᠬᠡᠷᠡᠭᠵᠢᠭᠦᠯᠬᠦ ᠶᠢᠨ ᠠᠷᠭ᠎ᠠ ᠥᠬᠡᠶ ᠪᠣᠯᠵᠠᠶ᠃ ᠰᠠᠭᠤᠭᠠᠯᠢ ᠠᠷᠠᠳ ᠤᠨ ᠲᠥᠯᠥᠭᠡᠯᠡᠭᠴᠢ ᠪᠠᠶ ᠯᠢ ᠵᠥᠩ ᠲᠤᠷᠰᠢᠨ ᠦᠵᠡᠬᠦ ᠰᠡᠳᠬᠢᠯ ᠤᠨ ᠪᠠᠶᠢᠳᠠᠯ ᠢᠶᠠᠷ᠂ ᠭᠤᠸᠠᠩ ᠮᠢᠩ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠭᠴᠢ ᠳᠤ ᠲᠤᠰᠠᠯᠠᠮᠵᠢ ᠭᠤᠶᠤᠴᠢᠯᠠᠬᠤ ᠮᠡᠳᠡᠭᠡ ᠵᠠᠩᠭᠢ ᠶᠠᠪᠤᠭᠤᠯᠤᠭᠰᠠᠨ ᠳᠤ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠭᠴᠢ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠢᠷᠡᠵᠦ ᠲᠡᠭᠦᠨ ᠲᠠᠢ ᠪᠠᠶᠢᠳᠠᠯ ᠢ ᠨᠡᠪᠲᠡᠷᠡᠯᠴᠡᠵᠦ᠂ ᠣᠷᠣᠯᠠᠨ ᠭᠦᠶᠴᠡᠳᠬᠡᠭᠴᠢ ᠶᠢᠨ ᠣᠯᠠᠨ ᠤᠳᠠᠭᠠᠨ ᠤ ᠵᠣᠬᠢᠴᠠᠭᠤᠯᠭ᠎ᠠ ᠪᠠᠷ ᠳᠡᠮᠵᠢᠨ᠂ ᠡᠴᠦᠰ  ᠲᠡᠭᠡᠨ ᠪᠠᠯᠠ ᠮᠥᠩᠭᠦ ᠴᠤᠭᠯᠠᠭᠤᠯᠬᠤ ᠪᠠ ᠤᠰᠤ ᠭᠠᠳᠠᠭᠰᠢᠯᠠᠭᠤᠯᠬᠤ ᠬᠤᠳᠳᠤᠭ ᠢ ᠰᠡᠯᠪᠢᠨ ᠵᠠᠰᠠᠭᠰᠠᠨ ᠪᠠᠶᠢᠨ᠎ᠠ᠃    ︽ᠨᠡᠶᠢᠭᠡᠮ ᠲᠣᠭᠤᠷᠢᠭ ᠲᠤ ᠮᠠᠰᠢ ᠲᠠᠯᠠᠷᠬᠠᠵᠤ ᠪᠠᠶᠢᠨ᠎ᠠ᠂ ᠤᠳᠤ ᠲᠣᠭᠤᠷᠢᠭ ᠤᠨ ᠤᠰᠤ ᠭᠠᠳᠠᠭᠰᠢᠯᠠᠭᠤᠯᠬᠤ ᠬᠤᠳᠳᠤᠭ ᠢ ᠰᠡᠯᠪᠢᠨ ᠵᠠᠰᠠᠭᠰᠠᠨ ᠪᠠᠶᠢᠨ᠎ᠠ︕ ᠥᠩᠭᠡᠷᠡᠭᠡᠭᠰᠡᠨ ᠳᠤ ᠪᠢᠳᠡ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠠᠪᠤᠳᠠᠯ ᠢ ᠮᠡᠳᠡᠬᠦ ᠦᠭᠡᠢ᠂ ᠦᠷᠭᠦᠯᠵᠢ ᠵᠥᠪᠬᠡᠨ ᠬᠡᠯᠪᠡᠷᠢ ᠶᠢᠨ ᠲᠡᠳᠦᠢ ᠬᠢᠵᠦ ᠪᠠᠶᠢᠨ᠎ᠠ ᠭᠡᠵᠦ ᠪᠣᠳᠣᠵᠤ ᠪᠠᠶᠢᠵᠠᠢ᠂ ᠭᠡᠪᠡᠴᠦ ᠨᠡᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠪᠠᠷ ᠳᠠᠮᠵᠢᠨ ᠪᠢᠳᠡᠨ ᠤ ᠰᠡᠳᠬᠢᠯ ᠪᠤᠬᠢᠨᠢᠳᠤᠵᠤ ᠪᠠᠶᠭ᠎ᠠ ᠤᠴᠢᠷ ᠢ ᠰᠢᠢᠳᠪᠦᠷᠢᠯᠡᠵᠦ ᠥᠭᠴᠡᠢ᠂ ᠤᠳᠤ ᠣᠷᠴᠢᠨ ᠲᠣᠭᠤᠷᠢᠨ ᠪᠠᠰᠠ ᠰᠠᠶᠢᠨ ᠪᠣᠯᠵᠠᠢ᠃︾ ᠭᠡᠵᠦ ᠰᠠᠭᠤᠭᠠᠯᠢ ᠠᠷᠠᠳ ᠪᠠᠢ ᠯᠢ ᠵᠦᠩ ᠬᠡᠯᠡᠪᠡ᠃    ︽ᠵᠥᠷᠢᠴᠡᠯ ᠡᠭᠦᠰᠬᠦ ᠦᠭᠡᠢ ᠵᠠᠬᠢᠳᠠᠯ ᠰᠤᠷᠪᠤᠯᠵᠢᠯᠠᠭ᠎ᠠ ᠶᠠᠪᠤᠭᠳᠠᠬᠤ ᠦᠭᠡᠢ︾ ᠪᠣᠯ ᠵᠠᠬᠢᠳᠠᠯ ᠰᠤᠷᠪᠤᠯᠵᠢᠯᠠᠭ᠎ᠠ  ᠶᠢ ᠣᠷᠣᠯᠠᠨ ᠭᠦᠢᠴᠡᠳᠬᠡᠬᠦ ᠠᠵᠢᠯ ᠤᠨ ᠵᠣᠷᠢᠯᠲᠠ ᠮᠥᠨ᠃ ᠦᠨᠳᠦᠰᠦᠨ ᠱᠠᠲᠤᠨ ᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠪᠠᠳᠠᠷᠠᠭᠤᠯᠬᠤ ᠪᠠᠷ ᠳᠠᠮᠵᠢᠭᠤᠯᠤᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠡᠷᠭᠡᠶᠢᠯᠡᠬᠦ᠂ ᠡᠷᠲᠡᠬᠡᠨ ᠠᠷᠢᠯᠭᠠᠬᠤ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠤᠨ ᠬᠦᠴᠢᠷ ᠵᠣᠪᠠᠯᠠᠩ ᠢ ᠦᠨᠡᠨᠬᠦ ᠰᠢᠶᠳᠪᠦᠷᠢᠯᠡᠨ ᠥᠭᠴᠦ᠂ ︽ᠪᠠᠭ᠎ᠠ ᠶᠠᠪᠤᠳᠠᠯ ᠢ ᠲᠣᠤᠷᠴᠢᠯᠠᠭᠰᠠᠨ ᠪᠠᠶᠢᠳᠠᠯ ᠠᠴᠠ ᠭᠠᠷᠭᠠᠬᠤ ᠦᠭᠡᠶ᠂ ᠶᠡᠭᠡ ᠶᠠᠪᠤᠳᠠᠯ ᠢ ᠨᠡᠶᠢᠭᠡᠮ ᠲᠣᠭᠤᠷᠢᠭ  ᠠᠴᠠ ᠭᠠᠷᠭᠠᠬᠤ ᠦᠭᠡᠶ︾ ᠪᠠᠶᠢᠬᠤ ᠶᠢ ᠠᠯᠢ ᠴᠢᠳᠠᠬᠤ ᠪᠠᠷ ᠪᠡᠶᠡᠯᠡᠭᠦᠯᠦᠨ᠎ᠡ᠃    ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠭᠴᠢ ᠪᠠ ᠨᠡᠶᠢᠭᠡᠮ ᠲᠣᠭᠤᠷᠢᠭ ᠤᠨ ᠲᠣᠤᠷᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠠᠷᠢᠯᠭᠠᠨ ᠥᠭᠴᠦ᠂ ᠰᠠᠭᠤᠭᠠᠯᠢ ᠠᠷᠠᠳ ᠤᠨ ᠵᠥᠷᠢᠴᠡᠯ ᠢ ᠰᠢᠶᠳᠪᠦᠷᠢᠯᠡᠬᠦ ᠪᠣᠯ ᠪᠢᠳᠡᠨ ᠤ ᠬᠠᠷᠢᠭᠤᠴᠠᠯᠭ᠎ᠠ ᠪᠠ ᠡᠭᠦᠷᠭᠡ ᠮᠥᠨ᠂ ᠪᠢᠳᠡ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠰᠠᠭᠤᠭᠠᠯᠢ ᠠᠷᠠᠳ  ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠵᠠᠬᠢᠳᠠᠯ ᠰᠤᠷᠪᠤᠯᠵᠢᠯᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ︿ᠡᠴᠦᠰ ᠤᠨ ᠨᠢᠭᠡ ᠺᠢᠯᠣᠮᠧᠲᠷ﹀ ᠢ ᠨᠡᠪᠲᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠦᠨᠳᠦᠰᠦᠨ ᠱᠠᠲᠤᠨ ᠳᠤ ᠴᠠᠭ ᠲᠤᠬᠠᠶ ᠳᠤᠨᠢ ᠰᠢᠶᠳᠪᠦᠷᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃︾ ᠭᠡᠵᠦ ᠭᠤᠸᠠᠩ ᠮᠢᠩ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠵᠠᠩ ᠳ᠋ᠦᠩ ᠸᠧᠢ ᠬᠡᠯᠡᠪᠡ᠃    ︽ᠡᠨᠡ ᠵᠢᠯ ᠠᠴᠠ ᠨᠠᠰᠢ᠂ ᠮᠠᠨ ᠤ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠨᠡᠶᠢᠲᠡ 21 ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠬᠦ ᠬᠡᠷᠡᠭ ᠢ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ 21 ᠠᠰᠠᠭᠤᠳᠠᠯ ᠢ ᠰᠢᠶᠳᠪᠦᠷᠢᠯᠡᠵᠦ᠂ ᠣᠯᠠᠨ ᠲᠦᠮᠡᠨ ᠢ ᠦᠭᠡ ᠬᠡᠯᠡᠭᠦᠯᠬᠦ᠂ ᠣᠷᠣᠯᠠᠨ ᠭᠦᠶᠴᠡᠳᠬᠡᠭᠴᠢ ᠶᠢ ᠭᠦᠶᠦᠯᠭᠡᠬᠦ  ᠶᠢ ᠪᠡᠶᠡᠯᠡᠭᠦᠯᠵᠦ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠪᠤᠬᠢᠨᠢᠳᠤᠯ ᠲᠠᠢ ᠶᠠᠪᠤᠳᠠᠯ᠂ ᠵᠣᠪᠠᠨᠢᠯ  ᠲᠠᠢ ᠶᠠᠪᠤᠳᠠᠯ ᠪᠠ ᠪᠤᠬᠢᠨᠢᠳᠤᠯ ᠲᠠᠢ ᠶᠠᠪᠤᠳᠠᠯ ᠢ ᠰᠢᠶᠳᠪᠦᠷᠢᠯᠡᠵᠦ ᠴᠢᠳᠠᠬᠤ ᠪᠣᠯᠭᠠᠪᠠ᠃︾ ᠭᠡᠵᠦ ᠲᠦᠴᠢᠦᠸᠠᠨ ᠰᠢᠶᠠᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠲᠢᠶᠠᠨ ᠴᠠᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号