︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠭᠢᠯᠭᠠᠨ ᠮᠡᠳᠡᠭᠡ ︶ ᠬᠤᠸᠠᠩᠫᠦ᠋ ᠴᠡᠷᠢᠭ ᠤᠨ | ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠣᠶ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ | ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠸᠠᠩᠫᠦ᠋ ᠴᠡᠷᠢᠭ ᠤᠨ | ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ | ᠲᠥᠷᠥᠯ ᠰᠠᠳᠤᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠤᠸᠠᠩᠫᠦ᠋ ᠴᠡᠷᠢᠭ ᠤᠨ ᠰᠤᠷᠭᠠᠭᠤᠯᠢ ᠪᠣᠯ ᠭᠤᠮᠢᠨᠳᠠᠩ ᠡᠪ ᠬᠠᠮᠲᠤ | ᠨᠠᠮ ᠤᠨ ᠠᠩᠬᠠᠳᠤᠭᠠᠷ ᠤᠳᠠᠭ᠎ᠠ ᠶᠢᠨ ᠬᠠᠮᠲᠤᠷᠠᠯᠴᠠᠭᠠᠨ ᠤ ᠲᠥᠷᠥᠳᠡᠰᠦ ᠮᠥᠨ᠂ ᠮᠠᠨ ᠤ ᠤᠯᠤᠰ ᠤᠨ ᠠᠩᠬᠠᠳᠠᠭᠴᠢ | ᠬᠤᠪᠢᠰᠬᠠᠯᠲᠤ ᠴᠡᠷᠢᠭ ᠠᠩᠭᠢ ᠶᠢᠨ ᠺᠠᠳ᠋ᠷᠴᠤᠳ ᠢ ᠬᠥᠮᠥᠵᠢᠭᠦᠯᠦᠭᠰᠡᠨ ᠰᠤᠷᠭᠠᠭᠤᠯᠢ ᠮᠥᠨ᠃ ᠬᠤᠸᠠᠩᠫᠦ᠋ ᠴᠡᠷᠢᠭ ᠤᠨ | ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠣᠣᠷ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ | ᠰᠠᠳᠤᠨ ᠲᠠᠢ ᠬᠠᠷᠢᠯᠴᠠᠬᠤ ᠤᠯᠤᠰ ᠢᠶᠠᠨ ᠬᠠᠶᠢᠷᠠᠯᠠᠬᠤ ᠤᠯᠠᠨ ᠲᠦᠮᠡᠨ ᠤ ᠪᠦᠯᠭᠦᠮ ᠪᠣᠯᠣᠨ᠎ᠠ᠂ ᠪᠠᠶᠢᠭᠤᠯᠤᠭᠳᠠᠭᠰᠠᠨ ᠠᠴᠠ | ᠨᠠᠭᠠᠰᠢ ︽ᠬᠤᠸᠠᠩᠫᠦ᠋ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠠᠮᠲᠤ ᠰᠤᠷᠤᠯᠭᠠᠲᠠᠨ ᠤ ᠬᠠᠶᠢᠷ᠎ᠠ ᠰᠡᠳᠬᠢᠯᠭᠡ ᠪᠠᠨ | ᠨᠢᠭᠲᠠᠷᠠᠭᠤᠯᠬᠤ᠂ ᠡᠬᠡ ᠤᠯᠤᠰ ᠤᠨ ᠨᠢᠭᠡᠳᠦᠯ ᠢ ᠠᠬᠢᠭᠤᠯᠬᠤ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ ᠪᠠᠷ | ᠬᠦᠴᠦᠯᠡᠨ ᠴᠢᠷᠮᠠᠶᠢᠬᠤ ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ | ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠠᠭᠠᠴᠠᠭᠤᠯᠤᠯ ᠢ ᠡᠰᠡᠷᠭᠦᠴᠡᠬᠦ᠂ ᠡᠬᠡ ᠤᠯᠤᠰ ᠤᠨ ᠨᠢᠭᠡᠳᠦᠯ ᠢ | ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ | ᠡᠪᠯᠡᠯ ᠤᠨ ᠬᠢᠨ ᠡᠪᠯᠡᠯ ᠪᠠᠶᠢᠭᠤᠯᠤᠭᠰᠠᠨ ᠵᠣᠷᠢᠯᠲᠠ ᠪᠣᠯᠣᠨ ᠤᠯᠤᠰ ᠲᠦᠷᠦ ᠶᠢᠨ ᠡᠭᠦᠷᠭᠡ ᠶᠢ ᠪᠠᠲᠤ ᠴᠡᠭᠡᠵᠢᠯᠡᠵᠦ᠂ ︽ | ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ ︾ ᠬᠤᠸᠠᠩᠫᠦ᠋ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠦᠵᠡᠯ ᠰᠠᠨᠠᠭᠠᠨ ᠤ ᠵᠢᠯᠣᠭᠤᠳᠤᠯᠭ᠎ᠠ ᠪᠣᠯᠣᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠨᠠᠭᠰᠢᠳᠠ ᠴᠢᠩᠭᠠᠳᠬᠠᠵᠤ | ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ︽ᠲᠤᠰᠠᠭᠠᠷ ᠲᠣᠭᠲᠠᠨᠢᠭᠤᠯᠬᠤ ︾ ᠶᠢ ᠡᠰᠡᠷᠭᠦᠴᠡᠵᠦ ᠨᠢᠭᠡᠳᠦᠯ ᠢ | ᠠᠬᠢᠭᠤᠯᠬᠤ ᠶᠢ ᠪᠠᠲᠤᠳᠬᠠᠵᠤ᠂ ᠨᠢᠭᠡ ᠰᠡᠳᠬᠢᠯ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠡᠳᠬᠢᠯ | ᠰᠠᠨᠠᠭ᠎ᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ | ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠤ ᠬᠢᠨ ᠠᠬᠠᠮᠠᠳ ᠦᠶ᠎ᠡ ᠶᠢᠨ | ᠬᠦᠰᠡᠯ ᠵᠣᠷᠢᠭ ᠢᠶᠠᠨ ᠮᠠᠷᠲᠠᠯ ᠦᠭᠡᠢ ᠪᠠᠷ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠠᠬᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ | ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠶᠠᠷᠢᠯᠴᠠᠬᠤ | ᠬᠤᠷᠠᠯ 17 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ | ᠨᠡᠶᠢᠲᠡᠯᠡᠪᠡ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ | ᠃ | ᠸᠠᠩ ᠬᠤ᠋ ᠨᠢᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠲᠤᠨ ᠢ ᠢᠮᠠᠭᠲᠠ ᠰᠡᠳᠬᠢᠯ ᠳᠡᠭᠡᠨ ᠪᠤᠳᠤᠵᠤ᠂ | ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ | ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠲᠤᠰᠬᠠᠶᠢᠯᠠᠨ ᠪᠠᠶᠠᠷ ᠤᠨ | ᠵᠠᠬᠢᠳᠠᠯ ᠢᠯᠡᠭᠡᠵᠦ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠲᠡᠦᠬᠡᠲᠦ ᠭᠠᠪᠢᠶ᠎ᠠ ᠵᠢᠳᠬᠦᠯ ᠪᠣᠯᠣᠨ ᠬᠤᠸᠠᠩᠫᠦ᠋ | ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠵᠤ᠂ | ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠰᠢᠨᠵᠢ ᠴᠢᠨᠠᠷ ᠵᠣᠷᠢᠯᠲᠠ ᠪᠣᠯᠣᠨ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ | ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ | ᠴᠠᠭ ᠦᠶ᠎ᠡ ᠶᠢᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠠᠵᠢᠯ ᠢ ᠰᠠᠶᠢᠲᠤᠷ | ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ | ᠲᠡᠭᠦᠨ ᠤ ᠲᠦᠷᠦᠯ ᠰᠠᠳᠤᠨ ᠪᠣᠯ ᠤᠯᠤᠰ ᠢᠶᠠᠨ ᠬᠠᠶᠢᠷᠠᠯᠠᠬᠤ ᠬᠤᠪᠢᠰᠬᠠᠯ ᠤᠨ ᠢᠷᠠᠭᠤ ᠠᠯᠳᠠᠷᠲᠤ ᠲᠡᠦᠬᠡ ᠪᠠ ᠰᠢᠯᠢᠳᠡᠭ | ᠤᠯᠠᠮᠵᠢᠯᠠᠯ ᠲᠠᠢ ᠶᠤᠮ᠂ ᠡᠬᠡ ᠤᠯᠤᠰ ᠤᠨ ᠨᠢᠭᠡᠳᠦᠯ ᠪᠠ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠠᠬᠢᠭᠤᠯᠬᠤ | ᠴᠢᠬᠤᠯᠠ ᠬᠦᠴᠦᠨ ᠮᠥᠨ᠃ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ ︾ ᠬᠤᠸᠠᠩᠫᠦ᠋ ᠶᠢᠨ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠬᠠᠮᠲᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠢ᠃ ᠡᠬᠡ ᠤᠯᠤᠰ ᠤᠨ | ᠨᠢᠭᠡᠳᠦᠯ ᠤᠨ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠵᠠᠯᠠᠭᠤᠴᠤᠳ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ | ᠬᠠᠮᠲᠤ ᠪᠠᠷ ᠤᠯᠠᠮᠵᠢᠯᠠᠨ ᠪᠠᠳᠠᠷᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ | ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠳᠤᠮᠳᠠ ᠶᠠᠪᠤᠬᠤ ᠳᠤᠳᠤᠮ ᠣᠶᠢᠷᠠᠳᠴᠤ᠂ ᠶᠠᠪᠤᠬᠤ ᠳᠤᠳᠤᠮ ᠳᠣᠲᠣᠨᠣ | ᠪᠣᠯᠵᠤ᠂ ᠤᠯᠤᠰ ᠤᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ | ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠠᠭᠠᠴᠠᠭᠤᠯᠤᠯ ᠪᠠ ᠭᠠᠳᠠᠭᠠᠳᠤ ᠶᠢᠨ ᠬᠦᠴᠦᠨ ᠤ ᠭᠠᠷ | ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠡᠷᠡᠰ | ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠬᠤ ᠬᠡᠷᠡᠭᠲᠡᠢ᠃ | ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠨᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠥᠪ ᠴᠢᠭᠯᠡᠯ ᠢ ᠪᠠᠲᠤ ᠡᠵᠡᠮᠳᠡᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠨᠡᠩ ᠶᠡᠭᠡ ᠦᠢᠯᠡᠳᠦᠯ ᠢᠶᠠᠨ ᠴᠢᠷᠮᠠᠶᠢᠨ ᠪᠠᠳᠠᠷᠠᠭᠤᠯᠬᠤ ᠬᠡᠷᠡᠭᠲᠡᠢ ᠭᠡᠵᠦ | ᠢᠯᠡᠳᠬᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠱᠢ ᠲᠠᠢ ᠹᠧᠩ ᠶᠠᠷᠢᠯᠴᠠᠬᠤ ᠬᠤᠷᠠᠯ ᠢ ᠡᠷᠭᠢᠯᠡᠪᠡ᠃ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠡᠯ᠎ᠡ ᠠᠷᠠᠳᠴᠢᠯᠠᠭᠰᠠᠨ ᠨᠠᠮ | ᠪᠦᠯᠦᠭ ᠤᠨ ᠲᠥᠪ ᠬᠤᠷᠢᠶ᠎ᠠ᠂ ᠤᠯᠠᠨ ᠲᠦᠮᠡᠨ ᠤ ᠪᠦᠯᠭᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠳ᠋ᠦᠩ | ᠹᠧᠩ ᠶᠠᠷᠢᠯᠴᠠᠬᠤ ᠬᠤᠷᠠᠯ ᠳᠤ ᠣᠷᠣᠯᠴᠠᠪᠠ᠃ | ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ᠂ ᠲᠠᠶᠢᠸᠠᠨ ᠤ | ᠬᠤᠸᠠᠩᠫᠦ᠋ ᠶᠢᠨ ᠬᠠᠮᠲᠤ ᠰᠤᠷᠤᠯᠭᠠᠲᠠᠨ ᠤ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠪᠦᠯᠭᠦᠮ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶ᠎ᠠ ᠶᠢᠨ ᠬᠠᠷᠢᠭᠤᠴᠠᠯᠭᠠᠲᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ᠂ ᠰᠢᠶᠠᠩᠭᠠᠩ ᠣᠣᠮᠧᠨ ᠪᠣᠯᠣᠨ | ᠭᠠᠳᠠᠭᠠᠳᠤ ᠳᠠᠬᠢ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠦᠷᠦᠯ ᠰᠠᠳᠤᠨ ᠤ ᠲᠥᠯᠥᠭᠡᠯᠡᠭᠴᠢ᠂ ᠮᠤᠵᠢ ᠶᠢᠨ | ᠱᠠᠲᠤᠨ ᠤ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ ᠨᠠᠷ | ᠶᠠᠷᠢᠯᠴᠠᠬᠤ ᠬᠤᠷᠠᠯ ᠳᠤ ᠣᠷᠣᠯᠴᠠᠪᠠ᠃ | | |