ᠲᠦᠴᠢᠦᠸᠠᠨ ᠰᠢᠶᠠᠨ ᠰᠢᠭᠤᠳ ᠨᠡᠪᠲᠡᠷᠡᠬᠦ ᠮᠠᠶ᠋ᠢᠭ ᠤᠨ ᠤᠰᠤ ᠠᠷᠪᠢᠯᠠᠬᠤ ᠤᠰᠤᠯᠠᠯᠲᠠ ᠶᠢᠨ ᠴᠠᠭ ᠠᠭᠤᠷ ᠤᠨ ᠦᠶᠯᠡᠴᠢᠯᠡᠭᠡᠨ ᠤ ᠰᠢᠨ᠎ᠡ ᠵᠠᠭᠪᠤᠷ ᠢ ᠨᠡᠭᠡᠭᠡᠪᠡ
ᠨᠡᠶᠢᠲᠡᠯᠡᠭᠰᠡᠨ ᠴᠠᠭ᠄
2024/6/20
   ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠶᠢᠨ ᠵᠦ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠳᠣᠲᠣᠷ᠎ᠠ᠂ ᠠᠵᠢᠯᠲᠠᠳ ᠣᠶᠤᠨᠴᠢ ᠴᠠᠭ ᠠᠭᠤᠷ ᠤᠨ ᠲᠠᠷᠢᠮᠠᠯ ᠤᠨ ᠤᠷᠭᠤᠴᠠ ᠶᠢᠨ ᠪᠠᠶᠢᠳᠠᠯ ᠢ ᠠᠦ᠋ᠲ᠋ᠣ᠋ ᠪᠠᠷ ᠠᠵᠢᠭᠯᠠᠨ ᠬᠡᠮᠵᠢᠬᠦ ᠬᠡᠮᠵᠢᠭᠦᠷᠯᠢᠭ ᠪᠣᠯᠤᠨ ᠪᠠᠭ᠎ᠠ ᠠᠭᠤᠷ ᠠᠮᠢᠰᠬᠤᠯ ᠤᠨ ᠠᠵᠢᠭᠯᠠᠨ ᠬᠡᠮᠵᠢᠬᠦ ᠬᠡᠮᠵᠢᠭᠦᠷᠯᠢᠭ ᠲᠤ ᠡᠴᠦᠰ ᠤᠨ ᠲᠣᠬᠢᠷᠠᠭᠤᠯᠤᠯᠲᠠ ᠬᠢᠵᠦ ᠪᠠᠶᠢᠨ᠎ᠠ᠃
   2024 ᠣᠨ ᠳᠤ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠠᠴᠠ 400 ᠲᠦᠮᠡᠨ ᠲᠥᠭᠦᠷᠢᠭ  ᠤᠨ ᠥᠷᠲᠡᠭ ᠪᠥᠬᠦᠶ ᠲᠥᠬᠦᠭᠡᠷᠦᠮᠵᠢ ᠬᠠᠨᠳᠢᠪᠯᠠᠵᠤ᠂ ᠲᠦᠴᠢᠦᠸᠠᠨ ᠰᠢᠶᠠᠨ ᠳᠤ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ 4 ᠳᠡᠯᠭᠡᠷᠡᠭᠦᠯᠦᠨ ᠪᠥᠲᠥᠭᠡᠨ ᠪᠠᠶᠢᠭᠤᠯᠵᠤ᠂ ︽ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ + ᠬᠤᠷᠰᠢᠶ᠎ᠠ + ᠣᠯᠠᠨ ᠲᠠᠷᠢᠮᠠᠯ︾ ᠤᠨ ᠦᠶᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠵᠢᠱᠢᠶ᠎ᠡ ᠦᠵᠡᠭᠦᠯᠬᠦ ᠣᠷᠣᠨ ᠤ ᠲᠠᠯᠠᠪᠠᠶ ᠶᠢ 6485 ᠮᠥ ᠳᠤ ᠬᠦᠷᠦᠭᠦᠯᠵᠦ᠂ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠪᠡᠶᠡᠯᠡᠭᠦᠯᠪᠡ᠃
   ︽ ᠲᠠᠢ ᠫᠢᠩ ᠰᠢᠶᠠᠩ ᠤᠨ ᠶᠢᠨ ᠵᠦ ᠲᠠᠷᠢᠶᠠᠯᠠᠩ ᠤᠨ ᠲᠠᠯᠠᠪᠠᠢ ᠶᠢᠨ ᠤᠶᠤᠨᠲᠤ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠨ᠎ᠠ᠃ ᠲᠣᠰ ᠲᠥᠷᠥᠯ ᠵᠦᠶᠯ ᠨᠢ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠲᠥᠷᠥᠯ ᠵᠦᠶᠯ ᠲᠠᠢ ᠤᠶᠠᠯᠳᠤᠭᠤᠯᠤᠨ᠂ 3300 ᠮᠥ ᠡᠷᠳᠡᠨᠢ ᠰᠢᠰᠢ ᠬᠡᠷᠡᠭᠯᠡᠬᠦ ᠶᠢ ᠳᠡᠯᠭᠡᠷᠡᠭᠦᠯᠪᠡ᠃︾ ᠭᠡᠵᠦ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶᠠᠨ ᠤ ᠳᠠᠷᠤᠭ᠎ᠠ ᠵᠠᠩ ᠴᠤᠤ ᠴᠢᠶᠦ᠋ᠨ ᠲᠠᠨᠢᠯᠴᠠᠭᠤᠯᠪᠠ᠃
   ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠢ ᠬᠠᠶᠢᠨ ᠬᠡᠮᠵᠢᠬᠦ ᠲᠥᠪ ᠠᠴᠠ ᠲᠦᠴᠢᠦᠸᠠᠨ ᠰᠢᠶᠠᠨ ᠤ ᠤᠶᠤᠨᠲᠤ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ ᠳᠤ ᠲᠠᠷᠢᠶᠠᠨ ᠭᠠᠵᠠᠷ ᠤᠨ ᠵᠢᠵᠢᠭ ᠠᠭᠤᠷ ᠠᠮᠢᠰᠬᠤᠯ ᠤᠨ ᠠᠦ᠋ᠲ᠋ᠣ᠋ ᠠᠵᠢᠭᠯᠠᠨ ᠬᠡᠮᠵᠢᠬᠦ ᠬᠡᠮᠵᠢᠭᠦᠷᠯᠢᠭ ᠪᠠ ᠲᠠᠷᠢᠮᠠᠯ ᠤᠨ ᠤᠷᠭᠤᠯᠲᠠ ᠶᠢᠨ ᠪᠠᠶᠢᠳᠠᠯ ᠤᠨ ᠠᠦ᠋ᠲ᠋ᠣ᠋ ᠠᠵᠢᠭᠯᠠᠨ ᠬᠡᠮᠵᠢᠬᠦ ᠬᠡᠮᠵᠢᠭᠦᠷᠯᠢᠭ ᠢ ᠪᠠᠶᠢᠷᠢᠯᠠᠭᠤᠯᠵᠤ᠂ ᠡᠷᠳᠡᠨᠢ ᠰᠢᠰᠢ ᠶᠢᠨ ᠤᠷᠭᠤᠯᠲᠠ ᠶᠢᠨ ᠣᠷᠴᠢᠨ ᠲᠣᠭᠤᠷᠢᠨ ᠪᠠ ᠪᠣᠶᠢᠵᠢᠯᠲᠠ ᠶᠢᠨ ᠬᠤᠭᠤᠴᠠᠭ᠎ᠠ᠂ ᠲᠠᠷᠢᠶᠠᠨ ᠭᠠᠵᠠᠷ  ᠤᠨ ᠴᠠᠭ ᠠᠭᠤᠷ ᠤᠨ ᠬᠦᠴᠦᠨ ᠵᠦᠶᠯ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠵᠢᠴᠢ ᠴᠢᠬᠢ ᠶᠢᠨ ᠪᠠᠶᠢᠳᠠᠯ ᠪᠠ ᠭᠠᠮᠰᠢᠭ ᠤᠨ ᠪᠠᠶᠢᠳᠠᠯ ᠵᠡᠷᠭᠡ ᠪᠠᠶᠢᠳᠠᠯ ᠢ ᠶᠡᠷᠦᠩᠬᠡᠶᠢᠯᠡᠨ ᠠᠵᠢᠭᠯᠠᠨ ᠬᠡᠮᠵᠢᠬᠦ ᠶᠢ ᠥᠷᠨᠢᠭᠦᠯᠵᠦ᠂ ᠬᠥᠷᠥᠰᠥ ᠰᠢᠷᠣᠶ ᠶᠢᠨ ᠴᠢᠭᠢᠭ ᠤᠨ ᠬᠡᠮᠵᠢᠶ᠎ᠡ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠤᠭ᠎ᠠ ᠪᠠᠷᠢᠮᠲᠠ ᠶᠢ ᠰᠢᠯᠭᠠᠨ ᠪᠠᠲᠤᠯᠠᠬᠤ ᠪᠠ ᠬᠠᠮᠢᠶ᠎ᠠ ᠪᠥᠬᠦᠶ ᠭᠦᠶᠴᠡᠳᠬᠡᠯ ᠲᠤᠭ᠎ᠠ ᠶᠢ ᠲᠤᠬᠠᠶ ᠶᠢᠨ ᠭᠠᠵᠠᠷ ᠲᠤᠨᠢ ᠬᠡᠷᠡᠭᠯᠡᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃
   ᠡᠭᠦᠨ ᠤ ᠬᠠᠮᠲᠤ ᠣᠶᠤᠨᠴᠢ ᠲᠣᠤᠷᠵᠢᠯ ᠤᠨ ᠤᠷᠢᠳᠴᠢᠯᠠᠨ ᠮᠡᠳᠡᠭᠡᠯᠡᠬᠦ ᠲᠤᠭ᠎ᠠ ᠪᠠᠷᠢᠮᠲᠠ ᠪᠠ ᠲᠠᠷᠢᠶᠠᠨ ᠭᠠᠵᠠᠷ  ᠤᠨ ᠤᠰᠤᠨ ᠤ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠣᠭ ᠶᠣᠰᠣ ᠶᠢ ᠬᠡᠷᠡᠭᠯᠡᠵᠦ᠂ ᠡᠷᠳᠡᠨᠢ ᠰᠢᠰᠢ ᠶᠢᠨ ᠦᠷᠡᠵᠢᠯ ᠤᠨ ᠬᠤᠭᠤᠴᠠᠭᠠᠨ ᠳᠠᠬᠢ ᠤᠰᠤ ᠬᠡᠷᠡᠭᠰᠡᠬᠦ ᠵᠢᠮ᠎ᠡ ᠬᠠᠤᠯᠢ ᠳᠤ ᠰᠠᠭᠤᠷᠢᠯᠠᠨ᠂ ᠲᠠᠷᠢᠶᠠᠴᠢᠨ ᠡᠷᠦᠬᠡ ᠶᠢᠨ ᠪᠣᠳᠠᠲᠠᠶ ᠤᠰᠤᠯᠠᠯᠲᠠ᠂ ᠮᠠᠰᠢᠨ ᠬᠤᠳᠳᠤᠭ ᠤᠨ ᠪᠣᠯᠵᠣᠯᠲᠤ ᠲᠤᠭ᠎ᠠ ᠵᠡᠷᠭᠡ ᠮᠡᠳᠡᠭᠡ ᠵᠠᠩᠭᠢ ᠶᠢ ᠶᠡᠷᠦᠩᠬᠡᠶᠢᠯᠡᠵᠦ᠂ ᠢᠷᠡᠬᠦ 10 ᠡᠳᠦᠷ ᠲᠤ ᠤᠰᠤᠯᠠᠯᠲᠠ ᠶᠢᠨ ᠬᠤᠭᠤᠴᠠᠭ᠎ᠠ ᠪᠠ ᠤᠰᠤᠯᠠᠯᠲᠠ ᠶᠢᠨ ᠬᠡᠮᠵᠢᠶ᠎ᠡ ᠶᠢ ᠣᠨᠣᠪᠴᠢᠲᠠᠶ ᠤᠷᠢᠳᠴᠢᠯᠠᠨ ᠮᠡᠳᠡᠭᠡᠯᠡᠬᠦ ᠬᠡᠷᠡᠭᠲᠡᠶ᠃ ᠤᠶᠤᠨᠲᠤ ᠬᠥᠭᠡᠷᠭᠡ ᠶᠢᠨ ᠥᠷᠲᠡᠭᠡ ᠶᠢᠨ ᠬᠠᠮᠢᠶᠠᠷᠤᠯᠲᠠ ᠶᠢᠨ ᠲᠥᠪ ᠨᠡᠭᠡᠭᠡᠯᠭᠡ ᠶᠢᠨ ᠬᠠᠭᠠᠯᠲᠠ ᠶᠢᠨ ᠴᠠᠭ ᠢ ᠠᠦ᠋ᠲ᠋ᠣ᠋ ᠲᠣᠬᠢᠷᠠᠭᠤᠯᠵᠤ᠂ ᠲᠣᠭᠲᠠᠭᠰᠠᠨ ᠴᠠᠭ ᠲᠠᠢ᠂ ᠲᠣᠭᠲᠠᠭᠰᠠᠨ ᠬᠡᠮᠵᠢᠶ᠎ᠡ ᠲᠠᠢ ᠤᠰᠤᠯᠠᠬᠤ ᠶᠢ ᠪᠡᠶᠡᠯᠡᠭᠦᠯᠦᠨ᠎ᠡ᠃ ᠮᠦ ᠪᠦᠷᠢ ᠳᠤ 10 % ᠪᠠᠷ ᠤᠰᠤ ᠪᠠᠭᠠᠰᠬᠠᠬᠤ᠂ 10 % ᠪᠠᠷ ᠴᠠᠬᠢᠯᠭᠠᠨ ᠬᠡᠷᠡᠭᠯᠡᠬᠦ ᠶᠢ ᠪᠠᠭᠠᠰᠬᠠᠵᠤ᠂ ᠤᠰᠤ ᠠᠷᠪᠢᠯᠠᠬᠤ᠂ ᠴᠠᠬᠢᠯᠭᠠᠨ ᠠᠷᠪᠢᠯᠠᠬᠤ᠂ ᠮᠠᠷᠢᠶ᠎ᠠ ᠰᠢᠭᠤᠷᠠᠭᠤᠯᠬᠤ᠂ ᠡᠮ ᠬᠠᠰᠤᠬᠤ᠂ ᠤᠨᠠᠯᠲᠠ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃
   ︽ᠭᠠᠷ ᠤᠲᠠᠰᠤᠨ ᠤ ᠦᠵᠦᠭᠦᠷ ᠤᠨ ᠤᠰᠤ ᠠᠷᠪᠢᠯᠠᠬᠤ ᠤᠰᠤᠯᠠᠯᠲᠠ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠶᠯᠡᠴᠢᠯᠡᠭᠡᠨ ᠤ ᠰᠢᠰᠲ᠋ᠧᠮ ᠢ ᠰᠤᠳᠤᠯᠤᠨ ᠨᠡᠭᠡᠭᠡᠪᠡᠯ᠂ ᠣᠷᠣᠨ ᠪᠠᠶᠢᠷᠢ ᠳᠤ ᠰᠠᠭᠤᠷᠢᠯᠠᠭᠰᠠᠨ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠬᠦ᠂ ᠴᠠᠭ ᠲᠤᠬᠠᠶ ᠳᠤᠨᠢ ᠤᠰᠤᠯᠠᠬᠤ ᠰᠠᠨᠠᠭᠤᠯᠭ᠎ᠠ ᠬᠦᠷᠭᠡᠬᠦ ᠶᠢ ᠪᠡᠶᠡᠯᠡᠭᠦᠯᠵᠦ᠂ ᠠᠷᠠᠳ ᠣᠯᠠᠨ ᠳᠤ ᠨᠠᠩ ᠨᠠᠷᠢᠯᠢᠭ᠂ ᠨᠠᠩ ᠰᠢᠨᠵᠢᠯᠡᠬᠦ ᠤᠬᠠᠭᠠᠨᠴᠢ ᠤᠰᠤᠯᠠᠯᠲᠠ ᠶᠢᠨ ᠰᠠᠨᠠᠭᠤᠯᠭ᠎ᠠ ᠬᠠᠩᠭᠠᠵᠤ ᠪᠣᠯᠤᠨ᠎ᠠ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠡᠷᠳᠡᠨᠢ ᠰᠢᠰᠢ ᠶᠢᠨ ᠮᠥ ᠪᠦᠷᠢ ᠶᠢᠨ ᠤᠨᠠᠯᠲᠠ ᠶᠢ 400 ᠵᠢᠩ ᠠᠴᠠ ᠳᠡᠭᠡᠭᠰᠢ ᠨᠡᠮᠡᠭᠳᠡᠭᠦᠯᠵᠦ᠂ ᠮᠥ ᠪᠦᠷᠢ ᠶᠢᠨ ᠣᠷᠣᠯᠭ᠎ᠠ  ᠶᠢ 550 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠴᠠᠭ ᠠᠭᠤᠷ  ᠤᠨ ᠲᠣᠪᠴᠢᠶᠠᠨ ᠤ ᠳᠠᠷᠤᠭ᠎ᠠ ᠵᠠᠩ ᠴᠤᠤ ᠴᠢᠶᠦ᠋ᠨ ᠲᠠᠨᠢᠯᠴᠠᠭᠤᠯᠪᠠ᠃    ᠣᠶᠤᠨᠴᠢ ᠤᠰᠤ ᠠᠷᠪᠢᠯᠠᠬᠤ ᠤᠰᠤᠯᠠᠯᠲᠠ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠶᠯᠡᠴᠢᠯᠡᠭᠡᠨ ᠤ ᠮᠡᠷᠭᠡᠵᠢᠯ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠠᠭᠤᠰᠤᠯᠴᠠᠭᠤᠯᠵᠤ᠂ ᠨᠢᠭᠡᠳᠦᠯᠲᠡᠶ ᠲᠥᠯᠥᠪᠵᠢᠭᠦᠯᠦᠨ᠂ ᠨᠢᠭᠡᠳᠦᠯᠲᠡᠶ ᠵᠢᠷᠤᠵᠤ ᠲᠥᠯᠥᠪᠯᠡᠵᠦ᠂ ᠨᠢᠭᠡ ᠴᠣᠭᠴᠠᠵᠢᠭᠤᠯᠤᠨ ᠪᠥᠲᠥᠭᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ︽ᠴᠠᠭ ᠠᠭᠤᠷ ᠤᠨ ᠣᠶᠤᠨ ᠤᠬᠠᠭᠠᠨ︾ ᠢ ᠨᠡᠮᠡᠷᠢᠯᠡᠨ᠎ᠡ᠃    ᠣᠳᠣᠬᠠᠨ ᠪᠣᠯᠲᠠᠯ᠎ᠠ᠂ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠡᠯᠭᠡᠷᠡᠭᠦᠯᠦᠭᠰᠡᠨ ᠲᠠᠯᠠᠪᠠᠶ 59.6 ᠲᠦᠮᠡᠨ ᠮᠥ ᠳᠤ ᠬᠦᠷᠴᠦ᠂ 34.9 % ᠶᠢ ᠡᠵᠡᠯᠡᠪᠡ᠃ ᠰᠢᠭᠤᠳ ᠨᠡᠪᠲᠡᠷᠡᠬᠦ ᠮᠠᠶ᠋ᠢᠭ ᠤᠨ ᠤᠰᠤ ᠠᠷᠪᠢᠯᠠᠬᠤ ᠤᠰᠤᠯᠠᠯᠲᠠ ᠶᠢᠨ ᠴᠠᠭ ᠠᠭᠤᠷ ᠤᠨ ᠦᠶᠯᠡᠴᠢᠯᠡᠭᠡᠨ ᠤ ᠰᠢᠨ᠎ᠡ ᠵᠠᠭᠪᠤᠷ ᠨᠢ ᠲᠦᠴᠢᠦᠸᠠᠨ ᠰᠢᠶᠠᠨ  ᠤ ᠲᠠᠷᠢᠶᠠᠯᠠᠩ ᠤᠨ ︽ᠤᠰᠤᠨ ᠳᠠᠭᠠᠭᠤᠯᠤᠭᠴᠢ︾ ᠶᠢ ᠴᠢᠩᠭᠠᠷᠠᠭᠤᠯᠵᠤ᠂ ᠤᠰᠤ ᠠᠷᠪᠢᠯᠠᠵᠤ ᠠᠮᠤ ᠪᠤᠳᠠᠭ᠎ᠠ ᠶᠢ ᠲᠣᠭᠲᠠᠪᠤᠷᠢᠵᠢᠭᠤᠯᠬᠤ ᠬᠤᠤᠰ ᠢᠯᠠᠯᠲᠠ ᠶᠢ ᠪᠡᠶᠡᠯᠡᠭᠦᠯᠵᠦ᠂ ᠲᠠᠷᠢᠶᠠᠯᠠᠩ ᠤᠨ ᠴᠠᠭ ᠠᠭᠤᠷ ᠤᠨ ᠦᠶᠯᠡᠴᠢᠯᠡᠭᠡ ᠳᠤ ︽ᠲᠦᠴᠢᠦᠸᠠᠨ ᠤ ᠲᠤᠷᠰᠢᠯᠭ᠎ᠠ︾ ᠬᠠᠩᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号