6 ᠳ᠋ᠤᠭᠠᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ | ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠨᠠᠮ ᠤᠨ ᠰᠤᠷᠭᠠᠭᠤᠯᠢ ᠶᠢᠨ ᠠᠵᠢᠯ᠂ ᠠᠶᠤᠯᠭᠦᠶ | ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠵᠡᠷᠭᠡ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ | ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠨᠢᠭᠡ | ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ᠂ | ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠬᠡᠷᠡᠭᠵᠢᠭᠦᠯᠦᠨ ᠣᠯᠠᠨ ᠲᠦᠮᠡᠨ ᠢ ᠲᠡᠳᠡᠨ | ᠣᠷᠣᠯᠴᠠᠭᠤᠯᠵᠤ᠂ ᠨᠡᠶᠢᠳᠡᠮ ᠠᠰᠢᠭ ᠬᠦᠷᠲᠡᠭᠡᠬᠦ ᠡᠷᠬᠡ ᠲᠡᠭᠰᠢ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ᠂ ᠴᠢᠳᠠᠮᠵᠢ ᠨᠢ ᠡᠷᠴᠢᠮᠯᠢᠭ᠌ ᠲᠠᠷᠢᠶᠠᠯᠠᠬᠤ ᠮᠠᠯᠵᠢᠬᠤ | ᠣᠷᠣᠨ ᠤ ᠵᠠᠮ ᠤᠨ ᠲᠣᠤᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠡᡁᠧ ᠯᠢ ᠹᠧᠩ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ | ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠯ ᠤᠨ ᠡᠯᠡᠰᠦᠵᠢᠬᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯᠡᠰᠦᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠪᠦᠬᠦ | ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠬᠤᠶᠢᠰᠢᠳᠠ ᠶᠢᠨ ᠠᠰᠠᠷᠠᠨ ᠪᠤᠶᠢᠵᠢᠭᠤᠯᠵᠤ ᠬᠠᠮᠢᠶᠠᠷᠤᠨ | ᠬᠠᠮᠠᠭᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ | ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯᠤᠨ ᠬᠠᠮᠠᠭᠠᠯᠠᠯᠲᠠ ᠳᠤ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢᠨ᠎ᠡ ᠴᠠᠭ | ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠡᠭᠦᠷᠭᠡ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠵᠤ᠂ ᠰᠤᠷᠭᠠᠭᠤᠯᠢ ᠡᠷᠬᠢᠯᠡᠬᠦ ᠪᠠᠶᠢᠭᠤᠯᠤᠮᠵᠢ ᠪᠣᠯᠤᠨ ᠰᠤᠷᠭᠠᠭᠤᠯᠢ ᠡᠷᠬᠢᠯᠡᠬᠦ ᠵᠠᠭᠪᠤᠷ ᠤᠨ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠪᠣᠯᠪᠠᠰᠤᠷᠠᠯ ᠢ ᠪᠦᠬᠦ | ᠲᠠᠯ᠎ᠠ ᠪᠠᠷ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠶᠢᠨ ᠰᠤᠷᠲᠠᠯ ᠰᠤᠷᠭᠠᠨ ᠬᠥᠮᠦᠵᠢᠯ ᠤᠨ ᠰᠤᠷᠲᠠᠯ ᠰᠤᠷᠤᠯᠴᠠᠬᠤ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠦᠨ ᠱᠤᠤ ᠴᠧᠩ ᠱᠦᠵᠢ ᠶᠢᠨ ᠳᠥᠷᠪᠡᠳ ᠬᠤᠰᠢᠭᠤᠨ ᠤ | ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠳᠤᠯᠤᠭᠠᠨ ᠬᠡᠷᠬᠢᠨ︾ ᠤ ᠰᠡᠳᠦᠪ ᠢ ᠭᠦᠨᠵᠡᠭᠡᠢ ᠰᠤᠳᠤᠯᠬᠤ ᠪᠠ ᠰᠦᠪᠡᠭᠴᠢᠯᠡᠨ | ᠦᠢᠯᠡᠳᠦᠯᠭᠡᠵᠢᠭᠦᠯᠬᠦ ᠪᠠᠨ ᠴᠢᠨᠠᠭᠰᠢᠳᠠ ᠴᠢᠩᠭᠠᠳᠬᠠᠵᠤ᠂ ᠠᠷᠭ᠎ᠠ ᠬᠢᠳᠡᠯ ᠦᠷ᠎ᠡ ᠪᠦᠲᠦᠮᠵᠢ ᠪᠠᠨ ᠴᠠᠭ ᠲᠤᠬᠠᠢ ᠳᠤᠨᠢ | ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ | ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠳᠤ ᠨᠡᠩ ᠤᠯᠠᠨ ᠬᠢᠩᠭᠠᠨ ᠤ ᠵᠠᠭᠪᠤᠷ ᠢ ᠬᠠᠩᠭᠠᠬᠤ ᠪᠠᠷ | ᠴᠢᠷᠮᠠᠶᠢᠬᠤ ᠬᠡᠷᠡᠭᠲᠡᠢ᠃ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠣᠬᠤᠷ ᠮᠡᠳᠡᠭᠡ ᠪᠠᠷ ᠰᠠᠨᠠᠭᠤᠯᠬᠤ᠂ | ᠬᠠᠮᠲᠤ ᠳᠤᠨᠢ ᠵᠠᠷᠯᠠᠨ ᠨᠡᠶᠢᠲᠡᠯᠡᠬᠦ ᠵᠡᠷᠭᠡ ᠠᠷᠭ᠎ᠠ ᠬᠢᠳᠡᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠠᠴᠢ ᠶᠢ ᠨᠠᠩ ᠴᠢᠩ ᠰᠡᠳᠬᠢᠯ ᠠᠴᠠ ᠪᠠᠨ ᠮᠡᠳᠡᠷᠡᠭᠦᠯᠵᠦ | ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠨ | ᠬᠤᠷᠢᠭᠯᠠᠬᠤ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠪᠠᠶᠢᠭᠤᠯᠤᠨ | ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ︽ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢ ᠭᠦᠨᠵᠡᠭᠡᠶ ᠬᠡᠷᠡᠭᠵᠢᠭᠦᠯᠦᠨ᠂ ᠲᠥᠪ ᠤᠨ ᠨᠢᠭᠡᠴᠢ ᠶᠢᠨ | ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠵᠡᠷᠭᠡ ᠬᠦᠴᠦᠨ ᠢ | ᠭᠦᠢᠴᠡᠳ ᠪᠠᠳᠠᠷᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ | ᠬᠡᠷᠡᠭᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ | ᠠᠬᠢᠭᠤᠯᠬᠤ ᠬᠡᠷᠡᠭᠲᠡᠢ ᠭᠡᠪᠡ᠃ |