ᠵᠢᠤ ᠯᠦᠩ ᠰᠢᠶᠠᠩ᠄ ᠤᠳᠬ᠎ᠠ ᠤᠷᠠᠯᠢᠭ ᠬᠥᠳᠡᠭᠡ ᠪᠠᠭᠤᠵᠤ  ᠪᠠᠶᠠᠷ ᠬᠥᠷ ᠬᠦᠷᠭᠡᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠬᠥᠭᠵᠢᠯ ᠮᠠᠨᠳᠤᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/22
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠪᠣᠯᠪᠠᠰᠤᠨ ᠤ ᠦᠶᠯᠡᠳᠦᠯᠭᠡ ᠪᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠭᠡᠯ ᠢ ᠪᠠᠬᠢᠵᠢᠭᠦᠯᠦᠨ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠃ ᠣᠶᠢᠷ᠎ᠠ ᠳᠤ᠂ ᠵᠢᠦ ᠯᠦᠩ ᠰᠢᠶᠠᠩ ᠲᠦᠴᠢᠦᠸᠠᠨ ᠰᠢᠶᠠᠨ ᠤ ᠤᠷᠠᠯᠢᠭ ᠤᠨ ᠵᠡᠭᠦᠳᠦ ᠶᠢᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠢ ᠤᠷᠢᠵᠤ ᠬᠥᠳᠡᠭᠡ ᠲᠣᠰᠬᠤᠨ ᠳᠤ ᠬᠠᠤᠯᠢ ᠬᠦᠷᠭᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠣᠯᠠᠨ ᠲᠦᠮᠡᠨ ᠳᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃
   ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠪᠥᠵᠢᠭ ᠤᠨ ᠲᠣᠭᠯᠠᠯᠲᠠ᠂ ᠳᠠᠭᠤᠤ᠂ ᠬᠥᠭᠵᠢᠮ ᠤᠨ ᠠᠶ᠎ᠠ ᠵᠡᠷᠭᠡ ᠡᠭᠡᠯᠵᠢᠯᠡᠨ ᠲᠣᠭᠯᠠᠪᠠ᠃ ᠲᠣᠭᠯᠠᠭᠴᠢᠳ ᠬᠠᠤᠯᠢ ᠪᠠᠷ ᠵᠠᠰᠠᠬᠤ ᠮᠡᠳᠡᠯᠭᠡ ᠶᠢ ᠪᠥᠵᠢᠭ᠂ ᠱᠤᠭ ᠵᠦᠴᠦᠭᠡ᠂ ᠰᠢ ᠵᠦᠴᠦᠭᠡ᠂ ᠮᠣᠷᠢᠨ ᠬᠤᠭᠤᠷ ᠤᠨ ᠭᠤᠴᠣᠯᠠᠯ ᠬᠥᠭᠵᠢᠮ ᠵᠡᠷᠭᠡ ᠤᠷᠠᠯᠢᠭ ᠤᠨ ᠬᠡᠯᠪᠡᠷᠢ ᠳᠤ ᠠᠭᠤᠰᠬᠠᠨ ᠣᠷᠣᠭᠤᠯᠵᠤ᠂ ᠠᠭᠤᠯᠭ᠎ᠠ ᠨᠢ ᠪᠠᠶᠠᠯᠢᠭ ᠣᠯᠠᠨ ᠶᠠᠩᠵᠤ ᠶᠢᠨ ᠪᠠᠶᠢᠳᠠᠭ᠃ ᠳᠠᠭᠤᠤ ᠪᠥᠵᠢᠭ ᠲᠣᠭᠯᠠᠵᠤ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠳᠠᠭᠤᠯᠠᠨ᠎ᠠ︔ ᠰᠢ ᠵᠦᠴᠦᠭᠡ ᠨᠢ ᠬᠠᠤᠯᠢᠵᠢᠯ ᠤᠨ ᠨᠡᠶᠢᠭᠡᠮ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠪᠡ︔ ᠬᠥᠳᠡᠭᠡ ᠲᠣᠰᠬᠤᠨ ᠤ ᠬᠠᠤᠯᠢᠵᠢᠯ ᠤᠨ ᠤᠬᠠᠭᠤᠯᠭ᠎ᠠ ᠶᠢᠨ ᠰᠢᠨ᠎ᠡ ᠲᠠᠪᠴᠠᠩ ᠢ ᠰᠢᠯᠵᠢᠭᠦᠯᠦᠨ ᠭᠠᠷᠭᠠᠪᠠ︔ ︽ᠴᠠᠷᠭᠢᠯ ᠬᠤᠯᠪᠣᠭ᠎ᠠ︾ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ ᠣᠶᠢᠯᠠᠭᠠᠮᠵᠢᠲᠠᠶ ᠮᠥᠷᠲᠡᠭᠡᠨ ᠣᠯᠠᠨ ᠲᠦᠮᠡᠨ ᠲᠠᠢ ᠣᠶᠢᠷᠠᠲᠤᠵᠤ᠂ ᠥᠷᠭᠡᠨ ᠣᠯᠠᠨ ᠲᠦᠮᠡᠨ ᠤ ᠬᠦᠷᠢᠶᠡᠯᠡᠯ ᠢ ᠣᠯᠵᠤ ᠪᠠᠶᠢᠨ᠎ᠠ᠃ ᠲᠣᠭᠯᠠᠯᠲᠠ ᠨᠢᠭᠡᠪᠦᠷᠢ ᠨᠢ ᠴᠥᠮ ᠬᠠᠤᠯᠢᠵᠢᠯ ᠤᠨ ᠰᠣᠶᠣᠯ  ᠤᠨ ᠬᠦᠴᠦᠨ ᠢ ᠳᠠᠮᠵᠢᠭᠤᠯᠵᠤ᠂ ᠲᠠᠶᠢᠰᠠᠨ ᠳᠡᠭᠡᠷ᠎ᠡ ᠳᠠᠭᠤᠯᠠᠨ ᠪᠥᠵᠢᠭᠯᠡᠵᠦ᠂ ᠰᠠᠶᠢᠨ ᠵᠦᠴᠦᠭᠡ ᠵᠠᠯᠭᠠᠪᠡᠷ ᠲᠣᠭᠯᠠᠵᠤ᠂ ᠲᠠᠶᠢᠰᠠᠨ ᠳᠣᠣᠷᠠᠬᠢ ᠦᠵᠡᠭᠴᠢᠳ ᠲᠡᠭᠦᠨ ᠤ ᠳᠤᠮᠳᠠ ᠰᠣᠭᠲᠣᠭᠤᠷᠠᠵᠤ᠂ ᠮᠠᠭᠲᠠᠨ ᠰᠠᠶᠢᠰᠢᠶᠠᠬᠤ ᠲᠠᠭᠤᠨ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠴᠤᠤᠷᠢᠶᠠᠲᠤᠨ᠎ᠠ᠃
   ᠲᠣᠭᠯᠠᠯᠲᠠ ᠭᠠᠷᠭᠠᠬᠤ ᠶᠢᠨ ᠬᠠᠮᠲᠤ᠂ ᠰᠠᠶᠢᠨ ᠳᠤᠷᠠᠴᠤᠳ ᠨᠤᠲᠤᠭ ᠤᠨ ᠠᠬ᠎ᠠ ᠳᠡᠭᠦᠦ ᠨᠡᠷ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠪᠠ ᠵᠠᠩ ᠳᠠᠳᠬᠠᠯ ᠢ ᠥᠭᠡᠷᠡᠴᠢᠯᠡᠬᠦ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠣᠯᠠᠨ ᠲᠦᠮᠡᠨ ᠳᠤ ᠵᠠᠩ ᠳᠠᠳᠬᠠᠯ ᠢ ᠥᠭᠡᠷᠡᠴᠢᠯᠡᠬᠦ ᠶᠢᠨ ᠠᠭᠤᠯᠤᠭᠳᠠᠬᠤᠨ ᠪᠠ ᠠᠮᠢᠳᠤᠷᠠᠯ  ᠤᠨ ᠳᠤᠮᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠦᠨᠡᠨ ᠬᠦ ᠲᠠᠶᠢᠯᠪᠤᠷᠢᠯᠠᠨ ᠥᠭᠴᠦ᠂ ᠣᠯᠠᠨ ᠲᠦᠮᠡᠨ  ᠤ ︽ᠣᠷᠤᠭ ᠬᠤᠷᠢᠮ ᠢ ᠰᠢᠨ᠎ᠡ ᠪᠠᠷ ᠬᠢᠬᠦ᠂ ᠣᠷᠣᠰᠢᠭᠤᠯᠭ᠎ᠠ ᠶᠢᠨ ᠶᠠᠪᠤᠳᠠᠯ ᠢ ᠳᠥᠭᠦᠮ ᠬᠢᠬᠦ᠂ ᠪᠠᠶᠠᠷᠲᠤ ᠶᠠᠪᠤᠳᠠᠯ  ᠢ ᠥᠯᠥ ᠬᠢᠬᠦ᠂ ᠮᠠᠭᠤ ᠳᠠᠳᠬᠠᠯ ᠢ ᠴᠠᠭᠠᠵᠠᠯᠠᠬᠤ︾ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠠᠳᠠᠷᠠᠭᠤᠯᠪᠠ᠃    ᠣᠯᠠᠨ ᠢᠶᠠᠷ ᠢᠶᠠᠨ ᠨᠢᠭᠡ ᠲᠠᠯ᠎ᠠ ᠪᠠᠷ ᠲᠣᠭᠯᠠᠭᠴᠢᠳ ᠢᠶᠠᠨ ᠲᠠᠭᠠᠨ ᠳᠠᠭᠤᠯᠠᠵᠤ᠂ ᠨᠥᠭᠦᠭᠡ ᠲᠠᠯ᠎ᠠ ᠪᠠᠷ ᠪᠠᠶᠠᠷᠲᠠᠶ ᠪᠠᠷ ᠭᠠᠷ ᠢᠶᠠᠨ ᠠᠯᠠᠭᠠᠳᠠᠵᠤ᠂ ᠨᠢᠭᠤᠷ ᠳᠡᠭᠡᠷ᠎ᠡ ᠨᠢ ᠵᠣᠯ ᠵᠢᠷᠭᠠᠯᠲᠤ ᠢᠨᠢᠶᠡᠮᠰᠦᠭᠯᠡᠯ ᠲᠣᠳᠣᠷᠠᠨ᠎ᠠ᠃ ︽ᠥᠩᠭᠡᠷᠡᠭᠡᠭᠰᠡᠨ ᠳᠤ ᠪᠢᠳᠡ ᠲᠣᠭᠯᠠᠯᠲᠠ ᠦᠵᠡᠬᠦ ᠳᠤ ᠮᠠᠰᠢ ᠬᠤᠯᠠ ᠵᠠᠮ ᠶᠠᠪᠤᠵᠤ᠂ ᠵᠢᠯ ᠲᠤᠷᠰᠢ ᠨᠢᠭᠡ ᠤᠳᠠᠭ᠎ᠠ ᠴᠤ ᠣᠯᠵᠤ ᠦᠵᠡᠬᠦ ᠦᠭᠡᠢ᠃ ᠣᠲᠣ ᠰᠠᠶᠢᠨ ᠪᠣᠯᠤᠭᠰᠠᠨ᠂ ᠲᠣᠭᠯᠠᠯᠲᠠ ᠮᠠᠨ ᠤ ᠬᠡᠷ ᠤᠨ ᠡᠭᠦᠳᠡᠨ ᠳᠤ ᠢᠷᠡᠴᠢᠬᠡᠭᠰᠡᠨ᠂ ᠥᠨᠥ ᠥᠷᠯᠥᠭᠡ ᠪᠢ ᠡᠭᠡᠴᠢ ᠳᠡᠭᠦᠦ ᠨᠡᠷ ᠢᠶᠠᠨ ᠲᠣᠭᠯᠠᠯᠲᠠ ᠦᠵᠡᠬᠦ ᠪᠠᠷ ᠶᠠᠪᠤᠶ᠎ᠠ ᠭᠡᠵᠦ ᠬᠠᠰᠬᠢᠷᠤᠭᠰᠠᠨ᠂ ᠡᠨᠡ ᠰᠠᠶ᠋ᠢ ᠮᠠᠨ ᠤ ᠠᠷᠠᠳ ᠲᠦᠮᠡᠨ ᠤ ᠲᠣᠮᠣ ᠲᠠᠶᠢᠰᠠ᠂ ᠪᠢᠳᠡ ᠬᠠᠮᠲᠤ ᠪᠠᠷ ᠠᠮᠢᠳᠤᠷᠠᠯ ᠢᠶᠠᠨ ᠳᠠᠭᠤᠯᠠᠶ᠎ᠠ᠂ ᠡᠬᠡ ᠤᠯᠤᠰ ᠢᠶᠠᠨ ᠳᠠᠭᠤᠯᠠᠶ᠎ᠠ᠂ ᠢᠷᠡᠭᠡᠳᠦᠶ ᠪᠠᠨ ᠳᠠᠭᠤᠯᠠᠶ᠎ᠠ︕︾ ᠭᠡᠵᠦ ᠵᠢᠦ ᠯᠦᠩ ᠰᠢᠶᠠᠩ ᠤᠨ ᠵᠢᠦ ᠹᠦ᠋ ᠲᠣᠰᠬᠤᠨ ᠤ ᠸᠠᠩ ᠡᠵᠢ ᠢᠨᠢᠶᠡᠨ ᠬᠡᠯᠡᠪᠡ᠃    ᠲᠤᠰ ᠤᠳᠠᠭᠠᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠨᠢ ᠤᠯᠠᠨ ᠲᠦᠮᠡᠨ ᠤ ᠰᠣᠶᠣᠯ ᠵᠤᠭ᠎ᠠ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠠᠮ ᠤᠨ ᠳᠠᠭᠤᠨ ᠪᠣᠯᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠵᠡᠢ᠃ ᠲᠠᠷᠠᠭᠠᠴᠢ ᠶᠢᠨ ᠠᠯᠬᠤᠮ ᠳᠤ᠂ ᠵᠢᠦ ᠯᠦᠩ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠳᠡᠪᠬᠢᠲᠡᠶ ᠪᠥᠭᠡᠳ ᠡᠷᠡᠭᠦᠯ ᠠᠵᠢᠯᠯᠠᠭ᠎ᠠ ᠶᠢ ᠥᠷᠨᠢᠭᠦᠯᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号