ᠥᠪᠥᠷ ᠮᠣᠩᠭᠤᠯ ᠤᠨ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠮᠡᠷᠭᠡᠵᠢᠯ ᠤᠨ ᠵᠠᠭᠪᠤᠷ ︵ᠳᠥᠷᠪᠡ︶
ᠨᠡᠶᠢᠲᠡᠯᠡᠭᠰᠡᠨ ᠴᠠᠭ᠄
2024/6/22
   ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠳᠣᠣᠷ᠎ᠠ ᠠᠭᠤᠯᠠ ᠳᠣᠪᠣᠷᠬᠠᠭ ᠣᠷᠣᠨ᠂ ᠨᠠᠯᠠᠤ ᠶᠢᠨ ᠬᠠᠯᠴᠠᠭᠠᠢ ᠳᠣᠪᠣᠴᠠᠭ ᠤᠨ ᠣᠷᠣᠨ ᠪᠠ ᠲᠣᠰ ᠣᠷᠣᠨ ᠪᠦᠰᠡ ᠶᠢᠨ ᠠᠮᠢ ᠠᠬᠤᠢ ᠶᠢᠨ ᠨᠥᠬᠦᠴᠡᠯ ᠲᠠᠢ ᠠᠳᠠᠯᠢᠪᠲᠤᠷ ᠬᠥᠷᠥᠰᠥᠨ ᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠨᠢ 50cm ᠠᠴᠠ ᠪᠠᠭ᠎ᠠ ᠪᠠᠶᠢᠬᠤ ᠨᠠᠯᠠᠤ ᠶᠢᠨ ᠲᠠᠷᠢᠶᠠᠨ ᠭᠠᠵᠠᠷ ᠤᠨ ᠬᠥᠷᠥᠰᠥᠨ ᠤ ᠳᠠᠪᠬᠤᠷᠭ᠎ᠠ ᠨᠢᠮᠭᠡᠨ᠂ ᠬᠥᠷᠥᠰᠥ ᠰᠢᠷᠣᠢ ᠢᠳᠡᠭᠳᠡᠵᠦ᠂ ᠬᠥᠷᠥᠰᠥ ᠰᠢᠷᠣᠢ ᠲᠠᠴᠢᠷ ᠨᠢᠮᠭᠡᠨ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠳᠣᠪᠣᠷᠬᠠᠭ ᠤᠨ ᠬᠠᠯᠴᠠᠭᠠᠢ ᠳᠣᠪᠣᠴᠠᠭ ᠤᠨ ᠲᠠᠷᠢᠶᠠᠨ ᠭᠠᠵᠠᠷ ᠤᠨ ᠠᠮᠤ ᠪᠤᠷᠴᠠᠭ ᠤᠨ ᠡᠭᠡᠯᠵᠢᠯᠡᠨ ᠳᠠᠷᠢᠬᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠪᠦᠷᠬᠦᠨ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃    ᠡᠭᠦᠨ ᠤ ᠭᠤᠣᠯ ᠦᠨᠳᠦᠰᠦᠯᠡᠯ ᠨᠢ᠄ ᠤᠢ ᠰᠢᠭᠤᠢ ᠡᠪᠡᠰᠦ ᠪᠡᠯᠴᠢᠭᠡᠷ ᠤᠨ ᠰᠠᠷᠠᠪᠴᠢ + ᠴᠠᠭᠠᠷᠢᠭᠯᠠᠨ ᠲᠠᠷᠢᠬᠤ ᠬᠥᠨᠳᠡᠯᠡᠨ ᠳᠠᠯᠠᠩ ᠢᠶᠠᠷ ᠲᠠᠷᠢᠬᠤ + ᠤᠰᠤ ᠵᠠᠯᠠᠬᠤ ᠰᠤᠪᠠᠭ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠵᠤ᠂ ᠠᠮᠤ ᠪᠤᠷᠴᠠᠭ ᠢ ᠡᠭᠡᠯᠵᠢᠯᠡᠨ ᠲᠠᠷᠢᠬᠤ᠂ ᠡᠰᠢ ᠰᠦᠷᠡᠯ ᠢ ᠬᠡᠮᠬᠡᠯᠦᠨ ᠪᠦᠷᠬᠦᠭᠦᠯᠵᠦ ᠲᠠᠷᠢᠶᠠᠨ ᠭᠠᠵᠠᠷ ᠲᠤ ᠪᠤᠴᠠᠭᠠᠬᠤ ᠪᠠ ᠬᠠᠭᠠᠯᠪᠤᠷᠢᠯᠠᠬᠤ ᠦᠭᠡᠢ ᠪᠠᠷ ᠲᠠᠷᠢᠬᠤ ᠮᠡᠷᠭᠡᠵᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠬᠥᠷᠥᠰᠥ ᠰᠢᠷᠣᠢ ᠶᠢ ᠢᠳᠡᠭ ᠢᠳᠡᠭ ᠢᠶᠠᠷ ᠰᠢᠮᠡᠵᠢᠭᠦᠯᠦᠨ᠂ ᠤᠰᠤ ᠨᠢ ᠬᠡᠶᠢᠰᠳᠡᠭ᠂ ᠰᠢᠷᠣᠢ ᠨᠢ ᠬᠡᠶᠢᠰᠳᠡᠭ᠂ ᠪᠣᠷᠳᠣᠭᠤᠷ ᠨᠢ ᠬᠡᠶᠢᠰᠳᠡᠭ ︽ᠭᠤᠷᠪᠠ ᠬᠡᠶᠢᠰᠳᠡᠭ ᠲᠠᠷᠢᠶ᠎ᠠ ︾ ᠶᠢ ᠤᠰᠤ ᠶᠢ ᠪᠠᠲᠤᠯᠠᠬᠤ᠂ ᠰᠢᠷᠣᠢ ᠶᠢ ᠪᠠᠲᠤᠯᠠᠬᠤ ᠪᠠ ᠪᠣᠷᠳᠣᠭᠤᠷ ᠢ ᠪᠠᠲᠤᠯᠠᠬᠤ ︽ᠭᠤᠷᠪᠠ ᠶᠢ ᠪᠠᠲᠤᠯᠠᠬᠤ ︾ ᠲᠠᠷᠢᠶ᠎ᠠ ᠪᠣᠯᠭᠠᠨ ᠬᠤᠪᠢᠷᠠᠭᠤᠯᠤᠨ᠎ᠠ᠃ ᠲᠣᠰ ᠵᠠᠭᠪᠤᠷ ᠤᠨ ᠮᠦ ᠪᠦᠷᠢ ᠳᠤ ᠴᠥᠮ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 2.5 kg ᠪᠠᠭᠠᠰᠬᠠᠵᠤ᠂ ᠰᠠᠯᠬᠢᠨ ᠳᠤ ᠢᠳᠡᠭᠳᠡᠬᠦ᠂ ᠤᠰᠤᠨ ᠳᠤ ᠢᠳᠡᠭᠳᠡᠬᠦ ᠶᠢ ᠡᠰᠡᠷᠭᠦᠴᠡᠬᠦ ᠴᠢᠳᠠᠪᠤᠷᠢ ᠶᠢ ᠪᠠᠷᠤᠭ 50% ᠪᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠤᠰᠤᠨ ᠤ ᠠᠰᠢᠭᠯᠠᠯᠲᠠ ᠶᠢᠨ ᠨᠣᠷᠮ᠎ᠠ ᠶᠢ 30% ᠪᠠᠷ ᠳᠡᠭᠡᠭᠰᠢᠯᠡᠭᠦᠯᠵᠦ ᠪᠣᠯᠣᠨ᠎ᠠ᠃ ᠲᠤᠰ ᠮᠡᠷᠭᠡᠵᠢᠯ ᠤᠨ ᠵᠠᠭᠪᠤᠷ ᠢ ᠨᠢᠭᠡᠨᠲᠡ ᠵᠠᠯᠠᠨ ᠠᠶᠢᠯ ᠬᠤᠳᠠ᠂ ᠠᠷᠤᠨ ᠬᠤᠰᠢᠭᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠭᠠᠵᠠᠷ ᠣᠷᠣᠨ ᠳᠤ ᠳᠡᠯᠭᠡᠷᠡᠭᠦᠯᠦᠨ ᠵᠢᠱᠢᠶ᠎ᠡ ᠦᠵᠡᠭᠦᠯᠪᠡ᠃    ᠮᠡᠷᠭᠡᠵᠢᠯ ᠤᠨ ᠭᠤᠣᠯᠳᠠᠯᠭ᠎ᠠ ᠨᠢ᠄ ᠤᠰᠤ ᠶᠢ ᠰᠡᠷᠭᠡᠶᠢᠯᠡᠵᠦ ᠬᠥᠷᠥᠰᠥ ᠶᠢ ᠲᠣᠭᠲᠠᠪᠤᠷᠢᠵᠢᠭᠤᠯᠬᠤ ᠰᠠᠭᠤᠷᠢᠨ ᠳᠡᠭᠡᠷ᠎ᠡ᠂ ᠡᠰᠢ ᠰᠦᠷᠡᠯ ᠢ ᠬᠡᠮᠬᠡᠯᠦᠨ ᠪᠦᠷᠬᠦᠭᠦᠯᠵᠦ ᠲᠠᠷᠢᠶᠠᠨ ᠭᠠᠵᠠᠷ ᠲᠤ ᠪᠣᠴᠠᠭᠠᠬᠤ᠂ ᠡᠷᠳᠡᠨᠢ ᠰᠢᠰᠢ ᠪᠠ ᠰᠢᠷ᠎ᠠ ᠪᠤᠷᠴᠠᠭ ᠢ ᠡᠭᠡᠯᠵᠢᠯᠡᠨ ᠳᠠᠷᠢᠬᠤ᠂ ᠰᠢᠷ᠎ᠠ ᠪᠤᠷᠴᠠᠭ ᠤᠨ ᠭᠤᠤᠷᠰᠤ ᠶᠢ ᠭᠦᠨ ᠤᠷᠪᠠᠭᠤᠯᠵᠤ ᠭᠠᠵᠠᠷ ᠲᠡᠭᠰᠢᠯᠡᠬᠦ ᠶᠢ ᠤᠶᠠᠯᠳᠤᠭᠤᠯᠤᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠂ ᠭᠦᠨ ᠵᠤᠵᠠᠭᠠᠨ ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢ ᠪᠠᠶᠢᠭᠤᠯᠤᠨ᠎ᠠ᠃ ᠨᠢᠭᠡᠳᠦᠭᠡᠷ ᠵᠢᠯ ᠳᠤ ᠬᠠᠭᠠᠯᠪᠤᠷᠢᠯᠠᠬᠤ ᠦᠭᠡᠢ ᠪᠠᠷ ᠡᠷᠳᠡᠨᠢ ᠰᠢᠰᠢ ᠳᠠᠷᠢᠵᠤ᠂ ᠨᠠᠮᠤᠷ ᠤᠨ ᠤᠯᠠᠷᠢᠯ ᠳᠤ ᠡᠷᠳᠡᠨᠢ ᠰᠢᠰᠢ ᠶᠢᠨ ᠡᠰᠢ ᠰᠦᠷᠡᠯ ᠢ ᠬᠡᠮᠬᠡᠯᠵᠦ ᠲᠠᠷᠢᠶᠠᠨ ᠭᠠᠵᠠᠷ ᠲᠤ ᠪᠤᠴᠠᠭᠠᠬᠤ ᠶᠢ ᠬᠡᠷᠡᠭᠵᠢᠭᠦᠯᠦᠨ᠎ᠡ᠃ ᠬᠤᠶᠠᠳᠤᠭᠠᠷ ᠵᠢᠯ ᠳᠤ ᠬᠠᠭᠠᠯᠪᠤᠷᠢᠯᠠᠬᠤ ᠦᠭᠡᠢ ᠪᠠᠷ ᠰᠢᠷ᠎ᠠ ᠪᠤᠷᠴᠠᠭ ᠳᠠᠷᠢᠵᠤ᠂ ᠨᠠᠮᠤᠷ ᠤᠨ ᠤᠯᠠᠷᠢᠯ ᠳᠤ ᠰᠢᠷ᠎ᠠ ᠪᠤᠷᠴᠠᠭ ᠤᠨ ᠭᠤᠤᠷᠰᠤ ᠶᠢ ᠭᠦᠨ ᠤᠷᠪᠠᠭᠤᠯᠤᠨ ᠭᠠᠵᠠᠷ ᠲᠡᠭᠰᠢᠯᠡᠵᠦ᠂ ᠮᠦ ᠪᠦᠷᠢ ᠳᠤ 3m3 ᠶᠢᠨ ᠢᠯᠵᠠᠷᠠᠨ ᠪᠣᠯᠪᠠᠰᠤᠷᠠᠭᠤᠯᠬᠤ ᠣᠷᠭᠠᠨᠢᠭ ᠪᠣᠷᠳᠣᠭᠤᠷ ᠣᠷᠣᠭᠤᠯᠤᠨ᠎ᠠ᠃ ᠭᠤᠷᠪᠠᠳᠤᠭᠠᠷ ᠵᠢᠯ ᠳᠤ ᠡᠷᠳᠡᠨᠢ ᠰᠢᠰᠢ ᠳᠠᠷᠢᠵᠤ᠂ ᠨᠠᠮᠤᠷ ᠤᠨ ᠤᠯᠠᠷᠢᠯ ᠳᠤ ᠡᠷᠳᠡᠨᠢ ᠰᠢᠰᠢ ᠶᠢᠨ ᠡᠰᠢ ᠰᠦᠷᠡᠯ ᠢ ᠬᠡᠮᠬᠡᠯᠵᠦ ᠲᠠᠷᠢᠶᠠᠨ ᠭᠠᠵᠠᠷ ᠲᠤ ᠪᠤᠴᠠᠭᠠᠬᠤ ᠶᠢ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号