ᠰᠦᠨ ᠱᠤᠤ ᠴᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠢ ᠰᠤᠳᠤᠯᠤᠨ ᠠᠬᠢᠭᠤᠯᠪᠠ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/6/22
   6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ ︾ ᠪᠠ ︽ᠵᠢᠷᠭᠤᠭᠠᠨ ᠢᠨᠵᠧᠨᠧᠷᠢᠩ ︾ ᠢ ᠠᠬᠢᠭᠤᠯᠵᠤ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠲᠤᠰᠬᠠᠢ ᠰᠡᠳᠦᠪᠲᠦ ᠬᠤᠷᠠᠯ ᠳᠡᠭᠡᠷ᠎ᠡ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠨᠥᠬᠦᠳ ᠤᠨ ᠬᠠᠷᠢᠭᠤ ᠮᠡᠳᠡᠭᠦᠯᠦᠭᠰᠡᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠯᠠᠨ ᠲᠠᠢ ᠬᠠᠮᠲᠤ ᠨᠢᠭᠡᠳ ᠨᠢᠭᠡ ᠪᠠᠷ ᠰᠤᠳᠤᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠶᠢ ᠵᠥᠪᠳᠡᠯᠴᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃    ᠰᠦᠨ ᠱᠤᠤ ᠴᠧᠩ᠂ ᠵᠢᠯ ᠤᠨ ᠡᠬᠢᠨ ᠠᠴᠠ ᠨᠠᠭᠠᠰᠢ᠂ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠳᠡᠪᠬᠢᠲᠡᠢ ᠬᠥᠳᠡᠯᠦᠯᠴᠡᠨ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ︽ᠲᠠᠪᠤᠨ ᠶᠡᠭᠡ ᠡᠭᠦᠷᠭᠡ ︾ ᠶᠢᠨ ᠣᠨ ᠤ ᠡᠭᠦᠷᠭᠡ ᠶᠢ ᠬᠦᠴᠦᠲᠡᠢ ᠠᠬᠢᠭᠤᠯᠤᠨ᠂ ︽ᠵᠢᠷᠭᠤᠭᠠᠨ ᠢᠨᠵᠧᠨᠧᠷᠢᠩ ︾ ᠢ ᠡᠮᠬᠢ ᠵᠢᠷᠤᠮ ᠲᠠᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠴᠢᠬᠤᠯᠠ ᠠᠬᠢᠴᠠ ᠲᠠᠢ ᠪᠣᠯᠤᠭᠰᠠᠨ ᠪᠥᠭᠡᠳ ᠢᠳᠡᠪᠬᠢᠲᠡᠢ ᠦᠷ᠎ᠡ ᠪᠦᠲᠦᠭᠡᠯ ᠣᠯᠵᠠᠢ᠃ ︽ᠲᠠᠪᠤᠨ ᠶᠡᠭᠡ ᠡᠭᠦᠷᠭᠡ ︾ ᠪᠠ ︽ᠵᠢᠷᠭᠤᠭᠠᠨ ᠢᠨᠵᠧᠨᠧᠷᠢᠩ ︾ ᠪᠣᠯ ᠣᠷᠭᠠᠨᠢᠭ ᠪᠦᠬᠦᠯᠢ ᠴᠣᠭᠴᠠ ᠮᠥᠨ᠂ ᠮᠠᠰᠢ ᠤᠯᠠᠨ ᠠᠵᠢᠯ ᠨᠢ ᠳᠣᠲᠣᠭᠠᠳᠤ ᠳᠠᠭᠠᠨ ᠬᠤᠯᠪᠣᠯᠳᠤᠵᠤ᠂ ᠬᠠᠷᠢᠯᠴᠠᠨ ᠨᠥᠯᠥᠭᠡᠯᠡᠵᠦ ᠪᠠᠶᠢᠳᠠᠭ᠂ ᠠᠬᠢᠭᠤᠯᠬᠤ ᠳᠤᠮᠳᠠ ᠪᠠᠨ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠭᠦᠢᠴᠡᠳᠬᠡᠬᠦ ᠶᠢ ᠠᠬᠢᠭᠤᠯᠵᠤ᠂ ᠳᠠᠩ ᠭᠠᠭᠴᠠ ᠪᠠᠷ ᠬᠢᠬᠦ ᠶᠢ ᠰᠡᠷᠭᠡᠶᠢᠯᠡᠬᠦ ᠬᠡᠷᠡᠭᠲᠡᠢ᠃ ᠬᠤᠷᠳᠤᠴᠠ ᠶᠢ ᠲᠦᠷᠭᠡᠳᠬᠡᠨ ᠠᠬᠢᠭᠤᠯᠵᠤ᠂ ᠪᠦᠭᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠶᠢ ᠠᠳᠬᠤᠵᠤ᠂ ᠲᠦᠷᠭᠡᠨ ᠬᠢᠵᠦ ᠴᠢᠳᠠᠪᠠᠯ ᠲᠦᠷᠭᠡᠨ ᠬᠢᠵᠦ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ᠃ ᠠᠬᠢᠴᠠ ᠤᠳᠠᠭᠠᠨ ᠪᠠᠶᠢᠬᠤ ᠡᠭᠦᠷᠭᠡ ᠶᠢ ᠭᠦᠨᠵᠡᠭᠡᠢ ᠰᠤᠳᠤᠯᠤᠨ ᠵᠠᠳᠠᠯᠵᠤ᠂ ᠰᠢᠯᠲᠠᠭᠠᠨ ᠨᠢ ᠶᠠᠭᠤ ᠪᠤᠯᠬᠤ᠂ ᠠᠷᠬᠠᠭ ᠨᠢ ᠬᠠᠮᠢᠭ᠎ᠠ ᠪᠠᠶᠢᠬᠤ ᠶᠢ ᠲᠣᠳᠣᠷᠬᠠᠶᠢᠯᠠᠵᠤ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ ᠠᠵᠢᠯ ᠤᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠬᠠᠷᠢᠭᠤᠴᠠᠯᠭ᠎ᠠ ᠪᠠ ᠳᠠᠷᠤᠯᠲᠠ ᠶᠢ ᠳᠣᠷᠣᠭᠰᠢ ᠳᠠᠮᠵᠢᠭᠤᠯᠵᠤ᠂ ᠬᠤᠰᠢᠭᠤ ᠰᠢᠶᠠᠨ ᠤ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠵᠣᠷᠢᠭᠲᠠᠢ ᠬᠢᠬᠦ ᠶᠢ ᠵᠣᠷᠢᠭᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ︽ᠬᠦᠴᠢᠷ ᠠᠰᠠᠭᠤᠳᠠᠯ ︾ ᠢ ᠡᠷᠡᠰ ᠰᠢᠢᠳᠪᠦᠷᠢᠯᠡᠬᠦ ᠬᠡᠷᠡᠭᠲᠡᠢ᠃ ᠦᠷ᠎ᠡ ᠳ᠋ᠦᠩ ᠤᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠡᠷᠲᠡ ᠦᠷ᠎ᠡ ᠪᠦᠲᠦᠮᠵᠢ ᠭᠠᠷᠭᠠᠬᠤ᠂ ᠲᠦᠷᠭᠡᠨ ᠦᠷ᠎ᠡ ᠪᠦᠲᠦᠮᠵᠢ ᠭᠠᠷᠭᠠᠬᠤ᠂ ᠣᠯᠠᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠣᠨ ᠤ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ ︾ ᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠮᠠᠰᠢ ᠤᠯᠠᠨ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠰᠠᠭᠤᠳᠠᠯ ᠢ ᠴᠢᠷᠮᠠᠶᠢᠨ ᠢᠯᠡᠷᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠂ ᠢᠯᠠᠩᠭᠤᠶ᠎ᠠ ᠥᠭᠡᠷᠡᠴᠢᠯᠡᠯᠲᠡ ᠶᠢᠨ ᠠᠷᠭ᠎ᠠ ᠪᠠ ᠲᠣᠭᠲᠠᠴᠠ ᠶᠢᠨ ᠬᠦᠴᠦᠨ ᠢ ᠬᠡᠷᠡᠭᠯᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠰᠤᠷᠴᠤ᠂ ᠥᠪᠡᠷ ᠢᠶᠠᠨ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠲᠤᠰᠬᠠᠬᠤ ᠬᠡᠷᠡᠭᠲᠡᠢ᠂ ᠠᠰᠠᠭᠤᠳᠠᠯ ᠢ ᠬᠠᠷᠠᠵᠤ ᠪᠠᠶᠢᠭᠠᠳ ᠬᠠᠶᠢᠬᠤᠷᠬᠤ ᠦᠭᠡᠢ ᠪᠠᠶᠢᠵᠤ ᠶᠠᠭᠠᠬᠢᠭᠰᠠᠨ ᠴᠤ ᠪᠤᠯᠬᠤ ᠦᠭᠡᠢ ᠭᠡᠵᠦ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠱᠤᠸᠠᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ᠂ ᠪᠦ᠋ᠦ ᠰᠢᠶᠠᠨ ᠬᠤᠸᠠ᠂ ᠵᠧᠩ ᠭᠤᠸᠠᠩ ᠵᠣᠣ᠂ ᠶᠣᠣ ᠶᠦᠩ ᠪᠦᠸᠧ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号