ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ︽ᠠᠯᠪᠠᠨ ᠵᠠᠷᠤᠴᠠ ᠬᠤᠨᠳᠠᠭᠠᠲᠤ︾ ᠠᠯᠠᠭᠠᠳᠠᠬᠤ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/6/22
   6 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠬᠤᠷᠢᠶ᠎ᠠ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ︽ᠠᠯᠪᠠᠨ ᠵᠠᠷᠤᠴᠠ ᠬᠤᠨᠳᠠᠭᠠᠲᠤ︾ ᠠᠯᠠᠭᠠᠳᠠᠬᠤ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ᠃
   ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃    ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ ᠤᠷᠤᠯᠳᠤᠭᠠᠨ ᠡᠬᠢᠯᠡᠪᠡ᠃ ᠬᠤᠶᠠᠷ ᠲᠠᠯ᠎ᠠ ᠶᠢᠨ ᠲᠠᠮᠢᠷᠴᠢᠨ ᠪᠥᠮᠪᠥᠭᠡᠨ ᠲᠠᠯᠠᠪᠠᠢ ᠳᠤ ᠬᠥᠯᠥᠰᠥ ᠠᠰᠬᠠᠷᠠᠭᠤᠯᠤᠨ᠂ ᠬᠦᠴᠦᠯᠡᠨ ᠲᠡᠮᠡᠴᠡᠵᠦ᠂ ᠠᠯᠠᠭᠠᠳᠠᠬᠤ ᠪᠥᠮᠪᠦᠭᠡ  ᠶᠢᠨ ᠬᠥᠳᠡᠯᠭᠡᠭᠡᠨ ᠤ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠤᠷᠤᠯᠳᠤᠭᠠᠨ ᠤ ᠲᠠᠯᠠᠪᠤᠷ ᠲᠤ ᠬᠥᠷ ᠬᠥᠭᠵᠢᠶᠡᠨ ᠢᠶᠠᠷ ᠪᠢᠯᠬᠠᠵᠤ᠂ ᠲᠠᠮᠢᠷᠴᠢᠳ ᠤᠬᠠᠭᠠᠨ ᠢᠶᠠᠨ ᠣᠯᠣᠯᠴᠠᠵᠤ᠂ ᠳᠠᠭᠠᠷᠢᠵᠤ ᠰᠠᠬᠢᠬᠤ ᠪᠠᠨ ᠴᠢᠯᠥᠭᠡᠲᠡᠶ ᠰᠣᠯᠢᠵᠤ᠂ ᠤᠷᠤᠯᠳᠤᠭᠠᠨ ᠤ ᠲᠠᠯᠠᠪᠤᠷ ᠤᠨ ᠬᠠᠵᠠᠭᠤ ᠳᠠᠬᠢ ᠦᠵᠡᠭᠴᠢᠳ ᠤᠨ ᠤᠷᠠᠶᠢᠯᠠᠬᠤ ᠳᠠᠭᠤᠨ ᠠᠳᠡ ᠲᠡᠨᠳᠡ ᠥᠬᠡᠶ ᠴᠤᠤᠷᠢᠶᠠᠲᠤᠵᠤ᠂ ᠠᠭᠤᠷ ᠠᠮᠢᠰᠬᠤᠯ ᠪᠠᠴᠢᠮ ᠬᠥᠭᠵᠢᠶᠡᠨᠲᠡᠶ ᠪᠠᠶᠢᠯ᠎ᠠ᠃
   ︽ᠶᠠᠭᠠᠷᠠᠯᠲᠠᠶ ᠠᠵᠢᠯᠯᠠᠭᠰᠠᠨ ᠤ ᠳᠠᠷᠠᠭ᠎ᠠ ᠡᠨᠡ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠤᠨ ᠳᠤ ᠣᠷᠣᠯᠴᠠᠭᠰᠠᠨ ᠨᠢ ᠮᠠᠰᠢ ᠪᠠᠶᠠᠷᠲᠠᠶ᠂ ᠤᠷᠤᠯᠳᠤᠭᠠᠨ ᠢᠶᠠᠷ ᠳᠠᠮᠵᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠭ᠋ᠠᠳᠤᠯ ᠪᠠ ᠣᠷᠭᠢᠯᠤᠮ᠎ᠠ ᠰᠡᠳᠬᠢᠯᠭᠡ ᠶᠢ ᠮᠡᠳᠡᠷᠡᠵᠡᠶ᠃ ᠡᠨᠡ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠮᠠᠨ ᠤ ᠺᠠᠳᠠᠷ ᠠᠵᠢᠯᠲᠠᠨ ᠳᠤ ᠨᠢᠭᠡ ᠤᠳᠠᠭᠠᠨ ᠤ ᠮᠠᠰᠢ ᠰᠠᠶᠢᠨ ᠰᠣᠯᠢᠯᠴᠠᠭᠠᠨ ᠤ ᠲᠠᠪᠴᠠᠩ ᠬᠠᠩᠭᠠᠵᠤ᠂ ᠡᠨᠡ ᠤᠳᠠᠭᠠᠨ ᠤ ᠤᠷᠤᠯᠳᠤᠭᠠᠨ ᠢᠶᠠᠷ ᠳᠠᠮᠵᠢᠨ ᠣᠯᠠᠨ ᠢᠶᠠᠷ ᠢᠶᠠᠨ ᠪᠥᠮᠪᠥᠭᠡᠨ ᠮᠡᠷᠭᠡᠵᠢᠯ ᠢᠶᠠᠨ ᠰᠣᠯᠢᠯᠴᠠᠵᠤ᠂ ᠬᠠᠶᠢᠷ᠎ᠠ ᠰᠡᠳᠬᠢᠯᠭᠡ ᠪᠠᠨ ᠰᠣᠯᠢᠯᠴᠠᠭᠰᠠᠨ ᠪᠠᠶᠢᠨ᠎ᠠ᠂ ᠪᠢᠳᠡ ᠪᠠᠰᠠ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠠᠵᠢᠯ ᠤᠨ ᠳᠤᠮᠳᠠ ᠪᠠᠨ ᠣᠷᠣᠭᠤᠯᠵᠤ᠂ ᠥᠷᠭᠡᠨ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠪᠣᠯᠤᠨ᠎ᠠ᠃︾ ᠭᠡᠵᠦ ᠳᠥᠷᠪᠡᠨ ᠶᠡᠭᠡ ᠠᠯᠪᠠᠨ ᠬᠡᠷ ᠤᠨ ᠨᠢᠭᠡᠳᠦᠭᠡᠷ ᠠᠩᠭᠢ ᠶᠢᠨ ᠭᠡᠰᠢᠭᠦᠨ ᠯᠢᠦ ᠢᠤᠢ ᠪᠠᠶᠠᠷᠲᠠᠶ ᠬᠡᠯᠡᠨ᠎ᠡ᠃    ᠲᠤᠰ ᠤᠳᠠᠭᠠᠨ ᠤ ᠤᠷᠤᠯᠳᠤᠭᠠᠨ ᠳᠤ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ 40 ᠰᠠᠯᠠᠭ᠎ᠠ ᠠᠩᠭᠢ ᠶᠢᠨ 400 ᠭᠠᠷᠤᠶ ᠠᠵᠢᠯᠲᠠᠨ ᠤᠷᠤᠯᠴᠠᠵᠠᠢ᠃
   ᠤᠬᠠᠭᠤᠯᠬᠤ ᠬᠡᠯᠲᠡᠰ ᠤᠨ ᠲᠥᠯᠥᠭᠡᠯᠡᠭᠴᠢ ᠠᠩᠭᠢ ᠶᠢᠨ ᠭᠡᠰᠢᠭᠦᠨ ᠯᠠᠶ ᠸᠧᠨ ᠳ᠋ᠢ᠄ ︽ᠲᠤᠰ ᠤᠳᠠᠭᠠᠨ ᠤ ᠤᠷᠤᠯᠳᠤᠭᠠᠨ ᠳᠤ ᠪᠢ ᠰᠢᠷᠭᠠᠭᠤ ᠬᠠᠲᠠᠭᠤᠵᠢᠯᠲᠠᠶ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠪᠥᠭᠡᠳ ᠤᠯᠤᠰ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠡᠨᠡ ᠤᠳᠠᠭᠠᠨ ᠤ ᠤᠷᠤᠯᠳᠤᠭᠠᠨ ᠢᠶᠠᠷ ᠳᠠᠮᠵᠢᠨ ᠨᠠᠩ ᠣᠯᠠᠨ ᠠᠯᠠᠭᠠᠳᠠᠬᠤ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠢ ᠲᠠᠨᠢᠵᠤ᠂ ᠡᠭᠦᠨ ᠤ ᠤᠯᠠᠮ ᠠᠴᠠ ᠪᠥᠮᠪᠥᠭᠡᠨ ᠮᠡᠷᠭᠡᠵᠢᠯ ᠢᠶᠠᠨ ᠳᠡᠭᠡᠭᠰᠢᠯᠡᠭᠦᠯᠬᠦ ᠶᠢ ᠬᠦᠰᠡᠵᠦ᠂ ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠳᠠᠭᠠᠨ ᠮᠠᠰᠢ ᠠᠵᠠ ᠲᠠᠢ ᠪᠠᠶᠢᠨ᠎ᠠ᠃︾ ᠭᠡᠵᠡᠢ᠃    ᠲᠤᠰ ᠤᠳᠠᠭᠠᠨ ᠤ ᠤᠷᠤᠯᠳᠤᠭᠠᠨ ᠨᠢ ᠪᠦᠬᠦ ᠰᠢᠶᠠᠨ ᠤ ᠺᠠᠳ᠋ᠷ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ︔ ᠡᠭᠦᠨ ᠤ ᠵᠣᠷᠢᠯᠭ᠎ᠠ ᠨᠢ ᠪᠦᠬᠦ ᠰᠢᠶᠠᠨ ᠤ ᠺᠠᠳ᠋ᠷᠴᠤᠳ  ᠤᠨ ᠡᠷᠴᠢ ᠵᠣᠷᠢᠭ ᠲᠡᠮᠡᠴᠡᠯ ᠤᠨ ᠵᠣᠷᠢᠭ ᠢ ᠴᠢᠨᠠᠭᠰᠢᠳᠠ ᠬᠥᠪᠴᠢᠯᠡᠵᠦ᠂ ᠠᠷᠠᠳ ᠲᠦᠮᠡᠨ ᠳᠤ ᠦᠢᠯᠡᠴᠢᠯᠡᠬᠦ ᠴᠢᠩ ᠦᠨᠡᠨᠴᠢ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠶᠤᠮ︔ ᠡᠭᠦᠨ ᠤ ᠵᠣᠷᠢᠯᠭ᠎ᠠ ᠨᠢ ᠪᠦᠬᠦ ᠰᠢᠶᠠᠨ ᠤ ᠠᠵᠢᠯ ᠦᠢᠯᠡᠰ ᠤᠨ ᠥᠷᠨᠢᠩᠭᠦᠶ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠦᠷᠭᠦᠯᠵᠢᠯᠡᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠬᠦ ᠶᠢᠨ ᠲᠥᠯᠥᠭᠡ ᠶᠤᠮ᠃ ᠺᠠᠳ᠋ᠷ ᠠᠵᠢᠯᠲᠠᠨ ᠤ ᠤᠷᠤᠯᠳᠤᠭᠠᠨ ᠤ ᠲᠠᠯᠠᠪᠤᠷ  ᠲᠠᠬᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠠᠵᠢᠯ ᠬᠢᠵᠦ ᠠᠳᠠᠯ ᠦᠶᠯᠡᠰ ᠴᠣᠭᠴᠠᠯᠠᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠵᠤ᠂ ᠡᠷᠡᠯᠬᠡᠭᠯᠡᠨ ᠲᠡᠮᠡᠴᠡᠬᠦ ᠪᠡᠶ᠎ᠡ ᠶᠢᠨ ᠲᠠᠮᠢᠷ  ᠤᠨ ᠵᠣᠷᠢᠭ ᠰᠠᠨᠠᠭ᠎ᠠ ᠶᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号