ᠪᠤᠤ ᠱᠢ ᠪᠠᠯᠭᠠᠰᠤ ᠭᠤᠷᠪᠠᠨ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/6/24
   ᠦᠶᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠦᠶᠡᠷ ᠢ ᠠᠮᠤᠷ ᠲᠦᠪᠰᠢᠨ  ᠢᠶᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠃ ᠬᠡᠳᠦᠨ ᠡᠳᠦᠷ ᠤᠨ ᠲᠤᠷᠰᠢ᠂ ᠪᠤᠤ ᠱᠢ ᠪᠠᠯᠭᠠᠰᠤ ᠤᠷᠢᠳᠴᠢᠯᠠᠨ ᠰᠡᠷᠭᠡᠶᠢᠯᠡᠬᠦ ᠵᠠᠷᠴᠢᠮ ᠢᠶᠠᠷ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠪᠥᠬᠦ ᠪᠠᠯᠭᠠᠰᠤ ᠪᠠᠷ ᠢᠶᠠᠨ ᠪᠡᠯᠡᠳᠬᠡᠯ ᠠᠵᠢᠯ ᠢᠶᠠᠨ ᠴᠢᠩᠭᠠᠳᠬᠠᠵᠤ᠂ ᠡᠯ᠎ᠡ ᠵᠦᠶᠯ ᠤᠨ ᠦᠶᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠠ᠃
   ᠪᠣᠷᠣᠭᠠᠨ ᠠᠴᠠ ᠡᠮᠦᠨ᠎ᠡ ᠴᠤᠪᠠ ᠨᠦᠮᠦᠷᠴᠤ᠂ ᠦᠶᠡᠷ ᠢ ᠰᠡᠷᠭᠡᠶᠢᠯᠡᠬᠦ ︽ᠦᠵᠡᠯ ᠰᠠᠨᠠᠭᠠᠨ ᠤ ᠬᠥᠪᠴᠢ︾ ᠶᠢ ᠴᠢᠩᠭᠠᠯᠠᠪᠠ᠃ 6 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠪᠤᠤ ᠱᠢ ᠪᠠᠯᠭᠠᠰᠤ ᠦᠶᠡᠷ ᠢ ᠰᠡᠷᠭᠡᠶᠢᠯᠡᠬᠦ ᠠᠵᠢᠯ ᠤᠨ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠷᠢᠳᠴᠢᠯᠠᠨ ᠲᠣᠭᠲᠠᠭᠠᠭᠰᠠᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠦᠨᠳᠦᠰᠦᠯᠡᠨ᠂ ᠲᠦᠭᠰᠢᠭᠦᠷᠢ  ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠠᠭᠤᠯᠠᠨ ᠦᠶᠡᠷ ᠤᠨ ᠭᠠᠮᠰᠢᠭ ᠢ ᠲᠥᠯᠥᠪᠯᠡᠭᠡ ᠲᠠᠢ᠂ ᠪᠡᠯᠡᠳᠬᠡᠯ ᠲᠠᠢ ᠪᠠᠷ ᠰᠡᠷᠭᠡᠶᠢᠯᠡᠵᠦ᠂ ᠭᠡᠮᠲᠦᠯ ᠤᠨ ᠠᠳᠡᠯ ᠭᠠᠷᠬᠤ ᠠᠴᠠ ᠵᠠᠶᠢᠯᠠᠰᠬᠢᠪᠡ᠃ ᠪᠠᠯᠭᠠᠰᠤ᠂ ᠲᠣᠰᠬᠤᠨ ᠬᠤᠶᠠᠷ ᠱᠠᠲᠤᠨ ᠤ ᠬᠥᠮᠦᠰ ᠢ 24 ᠴᠠᠭ ᠢᠶᠠᠷ ᠠᠵᠢᠯ ᠤᠨ ᠪᠠᠶᠢᠷᠢ ᠳᠤ ᠵᠢᠵᠢᠭᠦᠷᠯᠡᠵᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠳᠡᠭᠡᠭᠰᠢ ᠳᠠᠮᠵᠢᠭᠤᠯᠵᠤ ᠲᠤᠷᠤᠭᠰᠢ ᠪᠠᠭᠤᠯᠭᠠᠬᠤ ᠠᠵᠢᠯ ᠢ ᠭᠦᠶᠴᠡᠳ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃
   ᠥᠷᠭᠡᠨ ᠳᠡᠯᠭᠡᠷ ᠤᠬᠠᠭᠤᠯᠵᠤ᠂ ᠦᠶᠡᠷ ᠢ ᠰᠡᠷᠭᠡᠶᠢᠯᠡᠬᠦ ︽ᠠᠩᠬᠠᠨ ᠤ ᠰᠢᠳᠠᠷ᠎ᠠ︾ ᠶᠢ ᠰᠠᠶᠢᠲᠤᠷ ᠲᠠᠯᠪᠢᠪᠠ᠃ ᠰᠦᠯᠵᠢᠶᠡᠨ ᠳᠡᠭᠡᠷ᠎ᠡ ︽ᠨᠠᠮ ᠪᠠ ᠣᠯᠠᠨ ᠲᠦᠮᠡᠨ ᠰᠡᠳᠬᠢᠯ ᠵᠢᠷᠦᠬᠡ ᠪᠠᠨ  ᠬᠤᠯᠪᠤᠬᠤ︾ ᠸᠢᠴᠠᠲ ᠤᠨ ᠴᠤᠭᠯᠠᠷᠠᠯ  ᠢ ᠠᠰᠢᠭᠯᠠᠨ ᠴᠠᠭ ᠠᠭᠤᠷ ᠤᠨ ᠰᠡᠷᠡᠮᠵᠢᠯᠡᠭᠦᠯᠦᠯ ᠤᠨ ᠮᠡᠳᠡᠭᠳᠡᠯ ᠬᠦᠷᠭᠡᠵᠦ᠂ ᠦᠶᠡᠷ ᠢ ᠰᠡᠷᠭᠡᠶᠢᠯᠡᠬᠦ ᠤᠲᠠᠰᠤ ᠶᠢ ᠢᠯᠡ ᠨᠡᠶᠢᠲᠡᠯᠡᠵᠦ᠂ ᠰᠦᠯᠵᠢᠶᠡᠨ ᠭᠠᠳᠠᠨ᠎ᠠ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ ︽ᠲᠣᠰᠬᠤᠨ ᠪᠣᠯᠭᠠᠨ ᠳᠤᠤᠭᠠᠷᠬᠤ︾ ᠲᠣᠮᠣ ᠪᠦᠷᠢᠶ᠎ᠡ ᠪᠠᠷ ᠳᠠᠮᠵᠢᠭᠤᠯᠤᠨ ᠨᠡᠪᠲᠡᠷᠡᠭᠦᠯᠦᠨ ᠤᠬᠠᠭᠤᠯᠵᠤ᠂ ᠣᠯᠠᠨ ᠲᠦᠮᠡᠨ ᠤ ᠮᠡᠳᠡᠬᠦ ᠨᠣᠷᠮ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠺᠠᠳᠠᠷ ᠡᠯ᠎ᠡ ᠲᠣᠰᠬᠤᠨ ᠤ ᠭᠠᠵᠠᠷ ᠤᠨ ᠭᠠᠮᠰᠢᠭ ᠤᠨ ᠲᠠᠯᠳᠠ ᠭᠡᠮ ᠤᠨ ᠴᠢᠭ᠂ ᠵᠢᠱᠢᠶᠡᠯᠡᠪᠡᠯ ᠤᠰᠤ ᠲᠠᠲᠠᠷᠠᠭᠤᠯᠬᠤ ᠰᠤᠪᠠᠭ᠂ ᠪᠡᠯ ᠶᠡᠭᠦᠷᠡᠬᠦ‍ ᠴᠢᠭ᠂ ᠠᠭᠤᠯᠠ ᠲᠦᠰᠢᠭᠰᠡᠨ ᠲᠠᠷᠢᠶᠠᠯᠠᠬᠤ ᠡᠷᠥᠭᠡ᠂ ᠰᠠᠭᠤᠭᠠᠯᠢ ᠠᠷᠠᠳ ᠤᠨ ᠴᠢᠭ ᠵᠡᠷᠭᠡ ᠭᠤᠣᠯᠳᠠᠯᠭ᠎ᠠ ᠲᠠᠢ ᠣᠷᠣᠨ ᠲᠤ ᠨᠢᠭᠡᠳ ᠨᠢᠭᠡ ᠪᠠᠷ ᠪᠠᠶᠢᠴᠠᠭᠠᠯᠲᠠ ᠬᠢᠵᠦ᠂ ᠡᠯ᠎ᠡ ᠲᠣᠰᠬᠤᠨ ᠤ ᠦᠶᠡᠷ ᠰᠡᠷᠭᠡᠶᠢᠯᠡᠭᠴᠢᠳ ᠭᠠᠵᠠᠷ ᠤᠨ ᠭᠠᠮᠰᠢᠭ ᠤᠨ ᠴᠢᠭ ᠢ ᠡᠭᠡᠯᠵᠢᠯᠡᠨ ᠴᠠᠭᠳᠠᠨ ᠲᠣᠭᠤᠷᠢᠵᠤ᠂ ᠠᠮᠤᠷ ᠲᠦᠪᠰᠢᠨ ᠪᠤᠰᠤ ᠲᠠᠯᠳᠠ ᠭᠡᠮ ᠢ ᠣᠯᠵᠤ ᠮᠡᠳᠡᠪᠡᠯ ᠴᠠᠭ ᠲᠤᠬᠠᠢ ᠲᠤᠨᠢ ᠮᠡᠳᠡᠭᠦᠯᠬᠦ ᠶᠢᠨ ᠬᠠᠮᠲᠤ ᠲᠣᠬᠢᠲᠠᠢ ᠰᠢᠢᠳᠪᠦᠷᠢᠯᠡᠵᠦ᠂ ᠦᠶᠡᠷ ᠢ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
   ᠦᠶᠡᠷ ᠢ ᠰᠣᠨᠣᠰᠤᠮᠠᠭᠴᠠ ᠬᠥᠳᠡᠯᠦᠯᠴᠡᠵᠦ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠬᠠᠰᠢᠯᠭ᠎ᠠ︾ ᠶᠢ ᠪᠠᠲᠤ ᠴᠣᠭᠴᠠᠯᠠᠪᠠ᠃ ᠰᠢᠷᠦᠭᠦᠨ ᠪᠣᠷᠣᠭᠠᠨ ᠤᠷᠤᠭᠰᠠᠨ ᠴᠠᠭ ᠠᠭᠤᠷ ᠲᠤ ᠴᠢᠭᠯᠡᠭᠦᠯᠦᠨ᠂ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠬᠤᠲᠣᠭᠤᠷ ᠭᠠᠵᠠᠷ ᠲᠤ ᠤᠰᠤ ᠲᠠᠲᠠᠷᠠᠭᠤᠯᠵᠤ ᠤᠰᠤᠲᠤᠯ ᠢ ᠵᠠᠯᠠᠨ᠎ᠠ︔ ᠵᠠᠮ ᠬᠠᠷᠢᠯᠴᠠᠭ᠎ᠠ ᠶᠢ ᠰᠢᠯᠤᠭᠤᠳᠬᠠᠬᠤ ᠶᠢ ᠰᠠᠶᠢᠲᠤᠷ ᠬᠢᠵᠦ᠂ ᠤᠰᠤ ᠬᠤᠷᠠᠭᠰᠠᠨ ᠬᠦᠨᠳᠦ ᠨᠣᠴᠢᠲᠠᠶ ᠵᠠᠮ ᠤᠨ ᠬᠡᠰᠡᠭ  ᠲᠤ ᠰᠡᠷᠡᠮᠵᠢ ᠶᠢᠨ ᠫᠠᠶᠢᠰᠠ᠂ ᠬᠥᠲᠥᠯᠥᠨ ᠵᠢᠯᠣᠭᠤᠳᠬᠤ ᠫᠠᠶᠢᠰᠠ ᠭᠠᠷᠭᠠᠵᠤ᠂ ᠠᠮᠤᠷ ᠲᠦᠪᠰᠢᠨ ᠤ ᠠᠳᠡᠯ ᠭᠠᠷᠬᠤ  ᠠᠴᠠ ᠵᠠᠶᠢᠯᠠᠰᠬᠢᠬᠦ ᠬᠡᠷᠡᠭᠲᠡᠶ᠃ ᠭᠠᠵᠠᠷ ᠤᠨ ᠭᠠᠮᠰᠢᠭ ᠤᠨ ᠴᠡᠭ᠂ ᠤᠰᠤᠨ ᠴᠥᠭᠦᠷᠥᠮ ᠤᠨ ᠠᠮᠤᠷ ᠲᠦᠪᠰᠢᠨ ᠤ ᠬᠢᠨᠠᠨ ᠬᠡᠮᠵᠢᠯᠲᠡ ᠪᠠ ᠨᠤᠷᠠᠬᠤ ᠠᠶᠤᠯᠲᠠᠶ ᠭᠡᠷ ᠪᠠᠶᠢᠰᠢᠩ ᠤᠨ ᠪᠠᠶᠢᠳᠠᠯ ᠢ ᠨᠢᠭᠲᠠ ᠠᠩᠬᠠᠷᠬᠤ ᠬᠡᠷᠡᠭᠲᠡᠶ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠪᠠ ᠬᠥᠷᠪᠡᠭᠦᠯᠬᠦ ᠲᠡᠷᠭᠡ᠂ ᠤᠳᠬᠤᠭᠤᠷ ᠲᠡᠷᠭᠡ᠂ ᠲᠤᠭᠤᠯᠭᠠᠨ ᠤᠲᠠᠰᠤ ᠵᠡᠷᠭᠡ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠶᠴᠡᠳ ᠪᠡᠯᠡᠳᠬᠡᠵᠦ᠂ ᠬᠡᠮ ᠰᠣᠭᠤᠭ ᠤᠨ ᠣᠷᠣᠨ ᠪᠠᠶᠢᠷᠢ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠠᠶᠤᠯ ᠲᠦᠭᠰᠢᠭᠦᠷᠢ ᠢᠯᠡᠷᠡᠪᠡᠯ ᠲᠡᠷᠡ ᠳᠠᠷᠤᠶ ᠳᠤᠨᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠦᠶᠡᠷ ᠤᠨ ᠬᠤᠭᠤᠴᠠᠭ᠎ᠠ ᠪᠣᠯ ᠵᠠᠷᠯᠢᠭ᠂ ᠦᠶᠡᠷ ᠢ ᠰᠡᠷᠭᠡᠶᠢᠯᠡᠬᠦ ᠪᠣᠯ ᠬᠠᠷᠢᠭᠤᠴᠠᠯᠭ᠎ᠠ᠃ ᠪᠤᠤ ᠱᠢ ᠪᠠᠯᠭᠠᠰᠤ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠦᠷᠭᠦᠯᠵᠢᠯᠡᠨ ᠲᠤᠭᠤᠰᠢᠯᠠᠭᠤᠯᠵᠤ᠂ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠡᠯ᠎ᠡ ᠵᠦᠶᠯ ᠤᠨ ᠠᠵᠢᠯ ᠢ ᠪᠥᠬᠦ ᠬᠦᠴᠦᠨ  ᠢᠶᠠᠷ ᠢᠶᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号