6 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠨᠢ ᠳᠤᠮᠳᠠᠳᠤ ᠤᠯᠤᠰ ᠤᠨ | ᠭᠤᠸᠠᠩᠳᠦ᠋ᠩ ᠤᠨ ᠴᠥᠮ᠎ᠡ ᠶᠢᠨ ᠰᠢᠨ᠎ᠡ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠲᠠᠢ ᠶᠠᠷᠢᠯᠴᠠᠬᠤ | ᠬᠤᠷᠠᠯ ᠬᠢᠪᠠ᠃ ᠠᠶᠢᠮᠠᠭ ᠤᠨ ᠤᠳᠤᠷᠢᠳᠤᠯᠭ᠎ᠠ ᠰᠦᠬᠡ᠂ ᠴᠢᠨ ᠬᠤᠸᠠ ᠵᠧᠨ᠂ ᠯᠢᠶᠠᠩ ᠶᠠᠨ ᠵᠢᠶᠦ᠋ᠨ᠂ ᠰᠦᠨ ᠱᠦ | ᠲᠤᠤ ᠬᠤᠷᠠᠯ ᠳᠤ ᠣᠷᠣᠯᠴᠠᠵᠠᠶ᠃ | ᠰᠦᠬᠡ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠰᠢᠨ᠎ᠡ ᠡᠨᠧᠷᠭᠢ ᠶᠢᠨ ᠬᠤᠪᠢ ᠡᠵᠡᠮᠳᠡᠬᠦ | ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠵᠢᠢ ᠸᠧᠨ ᠪᠥᠸᠧ | ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ | ᠭᠤᠸᠠᠩᠳᠦ᠋ᠩ ᠤᠨ ᠴᠥᠮ᠎ᠡ ᠶᠢᠨ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠲᠡᠷᠡ᠂ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠪᠣᠯᠤᠨ ᠳᠤᠮᠳᠠᠳᠤ ᠤᠯᠤᠰ ᠤᠨ ᠭᠤᠸᠠᠩᠳᠦ᠋ᠩ ᠤᠨ | ᠴᠥᠮ᠎ᠡ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ᠂ ᠣᠷᠣᠨ ᠨᠤᠲᠤᠭ | ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃ ᠬᠤᠶᠠᠷ | ᠲᠠᠯ᠎ᠠ ᠪᠠᠷ ᠢᠶᠠᠨ ᠤᠯᠠᠮ ᠴᠢᠨᠠᠭᠰᠢᠳᠠ ᠨᠢᠭᠲᠠ ᠬᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠤᠯᠠᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠬᠤ ᠶᠢ ᠬᠦᠰᠡᠵᠦ ᠪᠠᠶᠢᠨ᠎ᠠ᠃ ᠬᠢᠩᠭᠠᠨ | ᠠᠶᠢᠮᠠᠭ ᠤᠨ ᠬᠢᠨ ᠦᠢᠯᠡᠴᠢᠯᠡᠭᠡᠨ ᠤ ᠪᠠᠲᠤᠯᠠᠪᠤᠷᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ | ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ | ᠪᠠᠲᠤᠯᠠᠬᠤ ᠪᠠᠷ ᠪᠠᠶᠢᠨ᠎ᠠ ᠭᠡᠵᠦ ᠵᠢᠭᠠᠵᠤ ᠭᠠᠷᠭᠠᠪᠠ᠃ | ᠵᠢᠶ ᠸᠧᠨ ᠪᠥᠸᠧ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠠᠵᠤ ᠦᠢᠯᠡᠳᠪᠦᠷᠢ ᠶᠢᠨ ᠬᠢᠩᠭᠠᠨ | ᠠᠶᠢᠮᠠᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ | ᠲᠡᠷᠡ᠂ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠠᠵᠤ ᠠᠬᠤᠶᠢᠯᠠᠯ ᠤᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠬᠢᠩᠭᠠᠨ ᠠᠶᠢᠮᠠᠭ ᠯᠤᠭ᠎ᠠ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠢᠩᠭᠠᠨ ᠲᠦᠮᠡᠨ ᠺᠢᠯᠣᠸᠠᠲ ᠤᠨ ᠲᠡᠰ ᠤᠨ | ᠴᠡᠪᠡᠷ ᠡᠨᠧᠷᠭᠢ ᠶᠢᠨ ᠰᠠᠭᠤᠷᠢᠨ ᠢ ᠬᠠᠮᠲᠤᠪᠠᠷ ᠪᠠᠶᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ |