ᠵᠡᠭᠦᠨ ᠲᠦᠷᠦᠯᠵᠢ ᠪᠠᠯᠭᠠᠰᠤ᠄ ᠦᠶᠡᠷ ᠢ ᠰᠡᠷᠭᠡᠶᠢᠯᠡᠬᠦ ᠤᠬᠠᠭᠤᠯᠭ᠎ᠠ ᠶᠢᠨ ︽ᠤᠷᠤᠭᠰᠢᠯᠠᠯᠲᠠ ᠶᠢᠨ ᠳᠠᠭᠤᠤ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/6/25
   ᠵᠢᠷᠭᠤᠳᠤᠭᠠᠷ ᠰᠠᠷ᠎ᠠ ᠪᠣᠯ ᠦᠶᠡᠷ ᠤᠰᠤᠲᠤᠯ ᠣᠯᠠᠨ ᠡᠭᠦᠰᠬᠦ ᠤᠯᠠᠷᠢᠯ᠂ ᠦᠶᠡᠷ ᠤᠰᠤᠲᠤᠯ ᠤᠨ ᠭᠠᠮᠰᠢᠭ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠵᠡᠭᠦᠨ ᠲᠦᠷᠦᠯᠵᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ  ᠤ ᠦᠶᠯᠡᠳᠦᠯᠭᠡ ᠶᠢᠨ ᠭᠠᠵᠠᠷ ᠠᠴᠠ 20 ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢ ᠵᠣᠬᠢᠶᠠᠨ ᠪᠠᠶᠢᠭᠤᠯᠵᠦ ᠡᠯ᠎ᠡ ᠡᠷᠦᠬᠡ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠠᠮ ᠤᠨ ᠲᠤᠭ ᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ᠃
   ︽ᠪᠣᠷᠣᠭᠠᠨ ᠲᠠᠢ ᠡᠳᠦᠷ ᠵᠠᠮ ᠬᠠᠯᠲᠤᠷᠢᠭ᠎ᠠ ᠲᠠᠢ ᠭᠠᠳᠠᠭᠰᠢ ᠭᠠᠷᠴᠤ ᠪᠣᠯᠬᠤ ᠥᠬᠡᠶ᠂ ᠡᠭᠦᠳᠡ ᠴᠣᠩᠬᠤ ᠪᠠᠨ ᠬᠠᠭᠠᠬᠤ ᠪᠠᠨ ᠪᠢᠲᠡᠭᠡᠶ ᠮᠠᠷᠲᠠᠭᠠᠷᠠᠶ᠂ ᠴᠠᠬᠢᠯᠭᠠᠨ ᠬᠡᠷᠡᠭᠯᠡᠬᠦ ᠰᠢᠲᠠᠮᠠᠬᠠᠶ ᠬᠡᠶ ᠶᠢᠨ ᠠᠮᠤᠷ ᠲᠦᠪᠰᠢᠨ ᠢ ᠠᠩᠬᠠᠷᠴᠤ᠂ ᠬᠦᠴᠢᠷᠳᠡᠯ ᠲᠤᠯᠭᠠᠷᠠᠪᠠᠯ ᠴᠠᠭ ᠲᠤᠬᠠᠶ ᠳᠤᠨᠢ ᠲᠣᠰᠬᠤᠨ ᠳᠠᠭᠠᠭᠠᠴᠢᠯᠠᠭᠰᠠᠨ ᠺᠠᠳ᠋ᠷ ᠲᠠᠢ ᠬᠠᠷᠢᠯᠴᠠᠬᠤ ᠬᠡᠷᠡᠭᠲᠡᠶ᠃︾ ᠭᠡᠵᠦ ᠵᠢᠯᠠᠭ᠎ᠠ ᠲᠣᠰᠬᠤᠨ ᠤ ᠯᠢᠦ ᠯᠢ ᠵᠢᠤᠸᠠᠨ ᠪᠠᠯᠭᠠᠰᠤ᠂ ᠲᠣᠰᠬᠤᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠡᠷᠦᠬᠡ ᠳᠠᠷᠠᠭᠠᠯᠠᠨ ᠰᠤᠷᠪᠤᠯᠵᠢᠯᠠᠨ ᠤᠬᠠᠭᠤᠯᠬᠤ ᠠᠵᠢᠯᠯᠠᠭ᠎ᠠ ᠥᠷᠨᠢᠭᠦᠯᠪᠡ ᠃ ᠭᠠᠭᠴᠠᠭᠠᠷ ᠰᠠᠭᠤᠭ᠎ᠠ ᠨᠠᠰᠤᠲᠠᠨ᠂ ᠶᠠᠳᠠᠭᠤ ᠬᠦᠴᠢᠷᠳᠡᠯᠲᠡᠶ ᠡᠷᠦᠬᠡ᠂ ᠵᠡᠮᠳᠡᠭᠴᠦᠳ ᠵᠡᠷᠭᠡ ᠣᠨᠴᠠᠭᠠᠶ ᠬᠥᠮᠦᠰ  ᠲᠤ ᠭᠤᠤᠯᠳᠠᠯᠭ᠎ᠠ ᠲᠠᠢ ᠴᠢᠭᠯᠡᠭᠦᠯᠦᠨ᠂ ᠪᠠᠰᠠ ᠣᠯᠠᠨ ᠲᠦᠮᠡᠨ ᠳᠤ ᠦᠶᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ ᠂ ᠰᠢᠷᠦᠭᠦᠨ ᠪᠣᠷᠣᠭᠠᠨ ᠤᠷᠤᠭᠰᠠᠨ ᠴᠠᠭ ᠠᠭᠤᠷ ᠤᠨ ᠳᠤᠮᠳᠠ ᠠᠩᠬᠠᠷᠬᠤ ᠴᠢᠬᠤᠯᠠᠲᠠᠶ ᠵᠦᠶᠯᠡᠰ ᠢ ᠰᠠᠨᠠᠭᠤᠯᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠶ᠃
   ᠪᠣᠯᠪᠠᠰᠤᠨ ᠦᠶᠯᠡᠳᠦᠯᠭᠡ ᠶᠢᠨ ᠰᠠᠶᠢᠨ ᠲᠤᠷᠠᠴᠤᠳ ᠲᠣᠰᠬᠤᠨ ᠡᠷᠦᠬᠡ ᠳᠤ ᠬᠦᠷᠴᠦ ᠲᠣᠰᠬᠤᠨ ᠤ ᠠᠷᠠᠳ ᠲᠤ ᠦᠶᠡᠷ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠠᠶᠤᠯ  ᠠᠴᠠ ᠵᠠᠶᠢᠯᠠᠵᠤ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠲᠠᠶᠢᠯᠪᠤᠷᠢᠯᠠᠵᠤ ᠥᠭᠭᠦᠨ᠎ᠡ᠃ ︽ᠬᠡᠷᠪᠡ ᠰᠢᠪᠠᠷ ᠴᠢᠯᠠᠭᠤᠨ ᠤ ᠤᠷᠤᠰᠬᠠᠯ ᠲᠣᠬᠢᠶᠠᠯᠳᠤᠪᠠᠯ᠂ ᠠᠭᠤᠯᠠ ᠶᠢᠨ ᠬᠤᠶᠠᠷ ᠲᠡᠶᠢᠰᠢ ᠭᠦᠶᠦᠨ᠎ᠡ᠂ ᠭᠤᠣᠯ ᠤᠨ ᠬᠥᠪᠡᠭᠡᠨ ᠳᠤ ᠪᠠᠶᠢᠬᠤ ᠦᠶ᠎ᠡ ᠳᠤ᠂ ᠭᠤᠣᠯ ᠤᠨ ᠬᠤᠶᠠᠷ ᠲᠡᠶᠢᠰᠢ ᠭᠦᠶᠦᠨ᠎ᠡ᠂ ᠠᠭᠤᠯᠠᠨ ᠬᠥᠨᠳᠡᠢ ᠳᠤ ᠶᠠᠪᠠᠭᠠᠨ ᠶᠠᠪᠤᠬᠤ ᠦᠶ᠎ᠡ  ᠳᠤ᠂ ᠰᠢᠪᠠᠷ ᠴᠢᠯᠠᠭᠤᠨ ᠤ ᠤᠷᠤᠰᠬᠠᠯ ᠲᠠᠢ ᠡᠭᠴᠡ ᠴᠢᠭᠯᠡᠯ ᠲᠠᠢ ᠬᠤᠶᠠᠷ ᠲᠠᠯ᠎ᠠ ᠶᠢᠨ ᠠᠭᠤᠯᠠᠨ ᠬᠥᠲᠥᠯ ᠳᠡᠭᠡᠷ᠎ᠡ ᠠᠪᠠᠷᠢᠨ᠎ᠠ᠃︾ ᠭᠡᠵᠦ ᠰᠠᠶᠢᠨ ᠲᠤᠷᠠᠴᠤᠳ ᠸᠠᠩ ᠡᠪᠦᠭᠡ ᠳᠤ ᠬᠡᠯᠡᠪᠡ᠃
   ᠵᠠᠯᠭᠠᠭᠠᠳ᠂ ᠵᠡᠭᠦᠨ ᠳᠥᠷᠥᠯᠵᠢ ᠪᠠᠯᠭᠠᠰᠤ ᠨᠢ ᠡᠷᠦᠬᠡ ᠳᠤ ᠣᠷᠣᠵᠤ ᠰᠤᠷᠪᠤᠯᠵᠢᠯᠠᠬᠤ ᠪᠠ ᠦᠶᠡᠷ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠡᠮᠦᠨ᠎ᠡ ᠹᠷᠣᠨᠲ ᠲᠤ ᠭᠠᠪᠰᠢᠭᠠᠶᠢᠯᠠᠨ᠂ ᠡᠮᠦᠨ᠎ᠡ ᠹᠷᠣᠨᠲ ᠢ ᠰᠠᠬᠢᠵᠤ᠂ ᠡᠮᠦᠨ᠎ᠡ ᠹᠷᠣᠨᠲ ᠲᠤ ᠠᠵᠢᠯᠯᠠᠨ᠂ ᠨᠢᠳᠦᠨ ᠳᠤ ᠦᠵᠡᠭᠳᠡᠵᠦ ᠭᠠᠷ  ᠲᠤ ᠪᠠᠷᠢᠭᠳᠠᠮ᠎ᠠ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠵᠣᠪᠠᠨᠢᠯ ᠢ ᠠᠷᠢᠯᠭᠠᠨ᠂ ᠠᠷᠠᠳ ᠤᠨ ᠠᠮᠤᠷ ᠲᠦᠪᠰᠢᠨ ᠢ ᠪᠠᠲᠤᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号