ᠴᠡᠴᠡᠷᠯᠢᠭ ᠮᠡᠲᠦ ᠲᠦᠴᠢᠦᠸᠠᠨ ᠢᠶᠠᠷ ᠵᠤᠭᠠᠴᠠᠵᠤ ᠷᠣᠮᠠᠨᠲ᠋ᠢᠭ ᠰᠢᠭ ᠭᠤᠶᠤ ᠰᠠᠶᠢᠬᠠᠨ ᠳᠤ ᠰᠤᠭᠳᠤᠭᠤᠷᠠᠨ᠎ᠠ
ᠨᠡᠶᠢᠲᠡᠯᠡᠭᠰᠡᠨ ᠴᠠᠭ᠄
2024/6/25
   ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠰᠠᠭᠤᠭᠠᠯᠢ ᠠᠷᠠᠳ ᠲᠤ ᠠᠪᠴᠤ ᠬᠡᠯᠡᠪᠡᠯ᠂ ᠨᠢᠭᠡ ᠵᠦᠢᠯ ᠤᠨ ᠵᠣᠯ ᠵᠢᠷᠭᠠᠯ ᠪᠤᠢ᠂ ᠳᠠᠷᠤᠢ ︽ᠴᠡᠴᠡᠷᠯᠢᠩ ᠤᠨ ᠬᠤᠳᠠ︾ ᠬᠡᠮᠡᠭᠳᠡᠭᠰᠡᠨ ᠭᠡᠷ ᠣᠷᠣᠨ ᠪᠣᠯᠤᠨ᠎ᠠ᠃ ᠣᠶᠢᠷ᠎ᠠ ᠶᠢᠨ ᠵᠢᠯ ᠳᠤ᠂ ᠰᠠᠭᠤᠭᠠᠯᠢ ᠠᠷᠠᠳ ᠪᠣᠯᠤᠨ ᠵᠤᠭᠠᠴᠠᠭᠰᠠᠳ ᠲᠦᠴᠢᠦᠸᠠᠨ ᠰᠢᠶᠠᠨ ᠳᠤ ︽ᠨᠣᠭᠤᠭᠠᠷᠠᠭᠤᠯᠤᠯᠲᠠ ᠶᠢ ᠡᠳ᠋ᠯᠡᠬᠦ︾ ᠪᠠ ︽ᠴᠡᠴᠡᠭ ᠰᠣᠨᠢᠷᠬᠠᠬᠤ︾ ᠠᠵᠢᠯᠯᠠᠭ᠎ᠠ ᠲᠠᠰᠤᠷᠠᠯᠲᠠ ᠥᠬᠡᠶ ᠲᠠᠰ ᠳᠡᠪᠰᠢᠪᠡ᠃ ᠬᠥᠭᠵᠢᠶᠡᠨ ᠨᠠᠷᠭᠢᠶᠠᠨᠲᠤ ᠬᠤᠲᠠ ᠶᠢᠨ ᠲᠥᠪ ᠲᠤ ᠪᠠᠶᠢᠭᠰᠠᠨ ᠴᠤ ᠲᠡᠷᠡ᠂ ᠬᠥᠳᠡᠭᠡ ᠲᠣᠰᠬᠤᠨ ᠤ ᠨᠠᠮ ᠰᠡᠯᠡᠭᠦᠨ ᠬᠥᠳᠡᠭᠡ ᠬᠡᠭᠡᠷ᠎ᠡ ᠪᠠᠶᠢᠭᠰᠠᠨ ᠴᠤ ᠲᠡᠷᠡ᠂ ᠡᠰᠡᠬᠦᠯ᠎ᠡ ᠰᠢᠯᠦᠭ ᠵᠢᠷᠤᠭ ᠰᠢᠭ ᠥᠩᠭᠡ ᠦᠵᠡᠮᠵᠢ ᠲᠠᠢ ᠲᠡᠳᠡᠭᠡᠷ ᠵᠢᠭᠤᠯᠴᠢᠯᠠᠯ  ᠤᠨ ᠦᠵᠡᠮᠵᠢ ᠶᠢᠨ ᠣᠷᠣᠨ ᠪᠠᠶᠢᠭᠰᠠᠨ ᠴᠤ ᠲᠡᠷᠡ᠂ ᠴᠥᠮ ᠴᠡᠴᠡᠷᠯᠢᠭ ᠳᠣᠲᠣᠷ᠎ᠠ ᠪᠠᠶᠢᠬᠤ ᠰᠢᠭ᠂ ᠥᠩᠭᠡ ᠦᠵᠡᠮᠵᠢ ᠪᠠᠨ ᠰᠢᠯᠵᠢᠭᠦᠯᠦᠨ ᠰᠣᠯᠢᠵᠤ᠂ ᠭᠠᠵᠠᠷ ᠪᠣᠯᠭᠠᠨ ᠳᠤ ᠭᠤᠶᠣ ᠰᠠᠶᠢᠬᠠᠨ ᠪᠠᠶᠢᠳᠠᠭ᠃    ᠬᠤᠲᠠ ᠶᠢ ᠴᠡᠴᠡᠷᠯᠢᠭ ᠳᠣᠲᠣᠷ᠎ᠠ ᠪᠠᠶᠢᠭᠤᠯᠤᠨ᠎ᠠ    ᠵᠣᠨ ᠤ ᠳᠤᠮᠳᠠ ᠰᠠᠷ᠎ᠠ ᠶᠢᠨ ᠦᠶ᠎ᠡ ᠪᠠᠷ᠂ ᠲᠦᠴᠢᠦᠸᠠᠨ ᠰᠢᠶᠠᠨ ᠤ ᠬᠤᠲᠠ ᠳᠤ ᠤᠷᠤᠬᠤ ᠳᠤ᠂ ᠶᠠᠭ ᠯᠠ ᠨᠠᠷᠢᠨ ᠨᠢᠮᠪᠠᠶ᠂ ᠥᠩᠭᠡ ᠢᠯᠭᠠᠷᠠᠮ᠎ᠠ ᠵᠢᠷᠤᠭ ᠲᠤ ᠣᠷᠣᠭᠰᠠᠨ ᠰᠢᠭ ᠪᠠᠶᠢᠯ᠎ᠠ᠃ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠨᠣᠭᠤᠭᠠᠨ ᠥᠩᠭᠡ ᠪᠢᠯᠬᠠᠵᠤ᠂ ᠣᠶ ᠮᠣᠳᠣ ᠬᠥᠬᠡᠷᠡᠨ ᠨᠣᠭᠤᠭᠠᠷᠠᠵᠤ᠂ ᠥᠩᠭᠡ ᠪᠦᠷᠢ ᠶᠢᠨ ᠴᠡᠴᠡᠭ ᠬᠤᠸᠠᠷ ᠥᠩᠭᠡ ᠢᠯᠭᠠᠷᠠᠨ ᠳᠡᠯᠭᠡᠷᠡᠵᠦ᠂ ᠥᠩᠭᠡ ᠪᠦᠷᠢ ᠶᠢᠨ ᠴᠡᠴᠡᠭ ᠮᠢᠷᠠᠯᠵᠠᠨ ᠳᠡᠯᠭᠡᠷᠡᠵᠦ᠂ ᠬᠥᠮᠦᠰ ᠤᠨ ᠨᠢᠳᠦ  ᠶᠢ ᠪᠠᠶᠠᠰᠬᠠᠨ᠎ᠠ᠃ ᠴᠡᠴᠡᠷᠯᠢᠭ ᠤᠨ ᠳᠣᠲᠣᠷ᠎ᠠ ᠨᠠᠩ ᠴᠤ ᠴᠡᠴᠡᠭ ᠬᠤᠸᠠᠷ ᠮᠢᠷᠠᠯᠵᠠᠨ ᠳᠡᠯᠭᠡᠷᠡᠵᠦ᠂ ᠥᠩᠭᠡ ᠦᠵᠡᠮᠵᠢ ᠰᠣᠯᠣᠩᠭᠠᠷᠠᠨ ᠮᠢᠷᠠᠯᠵᠠᠵᠤ᠂ ᠲᠢᠩ ᠲᠠᠢ ᠠᠰᠠᠷ ᠲᠠᠭᠲᠤ ᠵᠢᠭᠳᠡᠷᠡᠨ ᠰᠦᠨᠳᠡᠷᠯᠡᠵᠦ᠂ ᠨᠠᠭᠤᠷ ᠤᠨ ᠥᠩᠭᠡ ᠠᠭᠤᠯᠠ ᠯᠤᠭ᠎ᠠ ᠥᠩᠭᠡ ᠢᠯᠭᠠᠷᠠᠨ ᠭᠡᠷᠡᠯᠲᠦᠵᠦ᠂ ᠰᠡᠳᠬᠢᠯ ᠬᠥᠳᠡᠯᠭᠡᠮ᠎ᠡ ᠵᠢᠷᠤᠭ ᠤᠳ ᠪᠣᠶ ᠪᠣᠯᠵᠣ᠂ ᠬᠥᠮᠦᠰ ᠢ ᠰᠣᠭᠲᠣᠭᠤᠷᠠᠭᠤᠯᠤᠮ᠎ᠠ ᠭᠤᠶᠣ ᠰᠠᠶᠢᠬᠠᠨ ᠪᠠᠶᠢᠳᠠᠭ᠃    ᠡᠨᠡ ᠬᠦ ᠬᠦᠷᠢᠶ᠎ᠡ ᠬᠠᠰᠢᠶ᠎ᠠ ᠥᠬᠡᠶ ᠴᠡᠴᠡᠷᠯᠢᠭ ᠲᠦᠴᠢᠦᠸᠠᠨ ᠰᠢᠶᠠᠨ ᠤ ᠲᠥᠪ ᠴᠡᠴᠡᠷᠯᠢᠭ ᠲᠤ —ᠺᠠᠩ ᠯᠧ ᠵᠡᠭᠡᠯᠢ ᠶᠢᠨ ᠰᠠᠭᠤᠭᠠᠯᠢ ᠠᠷᠠᠳ ᠵᠠᠩ ᠴᠤᠤ ᠶᠠᠭ ᠲᠠᠪᠠᠲᠠᠶᠢᠬᠠᠨ ᠠᠯᠬᠤᠵᠤ ᠪᠠᠶᠢᠯ᠎ᠠ᠃ ᠠᠭᠤᠵᠢᠷᠠᠲᠠᠯ᠎ᠠ ᠠᠮᠢᠰᠬᠤᠵᠤ ᠂ ᠲᠡᠭᠦᠨ ᠤ ᠴᠡᠴᠡᠭ ᠤᠨ ᠠᠩᠬᠢᠯᠤᠮ᠎ᠠ ᠦᠨᠦᠷ᠂ ᠮᠣᠳᠣᠨ ᠤ ᠰᠢᠨ᠎ᠡ ᠰᠣᠷᠭᠤᠭ ᠵᠢᠴᠢ ᠠᠩᠬᠢᠯᠤᠮ᠎ᠠ ᠡᠪᠡᠰᠦᠨ ᠤ ᠠᠩᠬᠢᠯᠤᠮ᠎ᠠ ᠦᠨᠦᠷ ᠢ ᠬᠠᠨᠲᠠᠯ᠎ᠠ ᠮᠡᠳᠡᠷᠡᠭᠦᠯᠵᠦ᠂ ᠬᠠᠴᠠᠷ ᠳᠡᠭᠡᠷ᠎ᠡ ᠨᠢ ᠬᠠᠨᠤᠮᠵᠢᠲᠠᠢ ᠪᠠ ᠪᠠᠶᠠᠰᠤᠯ ᠪᠢᠯᠬᠠᠨ᠎ᠠ᠃ ᠲᠡᠷᠡ᠄ ︽ᠲᠥᠪ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠦᠨᠡᠬᠡᠷ ᠰᠠᠶᠢᠨ᠂ ᠨᠣᠭᠤᠭᠠᠷᠠᠭᠤᠯᠤᠯᠲᠠ ᠶᠢᠨ ᠠᠵᠢᠯ  ᠢ ᠮᠠᠰᠢ ᠰᠠᠶᠢᠨ ᠬᠢᠵᠡᠶ᠃ ᠪᠢ ᠦᠷᠭᠦᠯᠵᠢ ᠠᠳᠡ ᠢᠷᠡᠵᠦ ᠰᠡᠯᠡᠭᠦᠴᠡᠨ ᠠᠯᠬᠤᠵᠤ᠂ ᠲᠠᠢ ᠵᠢᠶ ᠴᠣᠬᠢᠳᠠᠭ᠂ ᠤᠳᠠᠭ᠎ᠠ ᠪᠣᠯᠭᠠᠨ ᠪᠣᠯᠪᠠᠰᠤᠷᠠᠵᠤ ᠪᠠᠷᠠᠬᠤ ᠳᠤ ᠰᠡᠳᠬᠢᠯ ᠮᠠᠰᠢ ᠠᠭᠤᠵᠢᠷᠠᠳᠠᠭ︾᠃ ᠠᠳᠡ᠂ ᠲᠦᠴᠢᠦᠸᠠᠨ ᠰᠢᠶᠠᠨ ᠤ ᠰᠠᠭᠤᠭᠠᠯᠢ ᠠᠷᠠᠳ ᠶᠠᠭ ᠰᠢᠯᠦᠭ ᠵᠢᠷᠤᠭ ᠮᠡᠲᠦ ᠬᠤᠲᠠ ᠶᠢᠨ ᠠᠮᠢᠳᠤᠷᠠᠯ ᠢ ᠡᠳ᠋ᠯᠡᠵᠦ᠂ ᠡᠬᠡ ᠪᠠᠶᠢᠭᠠᠯᠢ ᠶᠢᠨ ᠬᠡᠰᠢᠭ ᠬᠦᠷᠲᠡᠭᠡᠯ ᠪᠠ ᠰᠠᠶᠢᠨ ᠰᠠᠶᠢᠬᠠᠨ ᠢ ᠮᠡᠳᠡᠷᠡᠵᠦ ᠪᠠᠶᠢᠨ᠎ᠠ᠃    ᠨᠣᠭᠤᠭᠠᠨ ᠥᠩᠭᠡ ᠪᠣᠯ ᠲᠦᠴᠢᠦᠸᠠᠨ ᠰᠢᠶᠠᠨ ᠤ ᠬᠠᠮᠤᠭ ᠤᠨ ᠢᠯᠡ ᠲᠣᠳᠣ ᠵᠣᠯ ᠵᠢᠷᠭᠠᠯ ᠤᠨ ᠳᠡᠪᠢᠰᠬᠡᠷ ᠥᠩᠭᠡ ᠪᠣᠯᠬᠤ ᠨᠢ ᠳᠠᠮᠵᠢᠭ ᠥᠬᠡᠶ᠃ ᠡᠨᠡᠬᠦ ᠨᠤᠲᠤᠭ ᠳᠡᠪᠢᠰᠬᠡᠷ ᠳᠡᠭᠡᠷ᠎ᠡ᠂ ᠨᠣᠭᠤᠭᠠᠷᠠᠭᠤᠯᠤᠭᠰᠠᠨ᠂ ᠭᠤᠶᠤᠵᠢᠭᠤᠯᠤᠭᠰᠠᠨ᠂ ᠬᠡᠷᠡᠯᠳᠤᠬᠦᠯᠭᠰᠡᠡ ︽ᠬᠡᠪ ᠲᠠᠭᠤᠷᠢᠶᠠᠯ ᠮᠡᠳᠤ ᠶᠢᠨ ᠴᠡᠴᠡᠷᠯᠢᠭ︾ ᠨᠢ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠴᠣᠯᠭᠤᠷᠠᠨ ᠭᠠᠷᠪᠠ᠄ ᠢᠷᠠᠭᠤ ᠰᠠᠶᠢᠬᠠᠨ ᠯᠢᠴᠢᠤᠸᠠᠨ ᠠᠭᠤᠳᠠᠮ ᠲᠠᠯᠠᠪᠠᠢ᠂ ᠤᠷᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠵᠠᠯᠠᠭᠤᠴᠤᠳ ᠤᠨ ᠵᠤᠭᠠᠴᠠᠯ ᠤᠨ ᠬᠦᠷᠢᠶᠡᠯᠡᠩ᠂ ᠨᠠᠮ ᠰᠡᠯᠡᠭᠦᠨ ᠵᠣᠬᠢᠶᠠᠮᠠᠯ ᠨᠠᠭᠤᠷ ᠤᠨ ᠴᠡᠴᠡᠷᠯᠢᠭ ᠵᠡᠷᠭᠡ ᠨᠢ ᠰᠠᠭᠤᠭᠠᠯᠢ ᠠᠷᠠᠳ ᠲᠤ ᠡᠬᠡ ᠪᠠᠶᠢᠭᠠᠯᠢ  ᠲᠠᠢ ᠤᠢᠢᠷᠠᠲᠤᠭᠰᠠᠠ᠂ ᠵᠣᠯ ᠵᠢᠷᠭᠠᠯᠲᠤ ᠲᠦᠷᠦᠭᠳᠡᠯ ᠲᠠᠢ ᠭᠤᠴᠣ ᠰᠠᠶᠢᠬᠠᠨ ᠲᠠᠯᠠᠪᠤᠷ ᠢ ᠬᠠᠩᠭᠠᠵᠤ ᠥᠭᠴᠡᠢ᠃    ᠲᠦᠴᠢᠦᠸᠠᠨ ᠰᠢᠶᠠᠨ ᠤ ᠵᠠᠯᠠᠭᠤᠴᠤᠳ ᠤᠨ ᠵᠤᠭᠠᠴᠠᠯ ᠤᠨ ᠬᠦᠷᠢᠶᠡᠯᠡᠩ ᠳᠤ ᠣᠷᠣᠪᠠᠯ᠂ ᠡᠨᠡᠬᠦ ᠨᠣᠮᠢᠨ ᠨᠣᠭᠤᠭᠠᠨ ᠡᠬᠡ ᠭᠠᠵᠠᠷ ᠤᠨ ᠨᠣᠭᠤᠭᠠᠷᠠᠭᠤᠯᠤᠯᠲᠠ ᠶᠢᠨ ᠪᠦᠷᠬᠦᠴᠡ ᠨᠢ 85 % ᠠᠴᠠ ᠳᠡᠭᠡᠭᠰᠢ ᠳᠤ ᠬᠦᠷᠴᠦ᠂ ᠶᠠᠭ ᠯᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠢ ᠰᠢᠭᠤᠢ ᠶᠢᠨ ᠳᠤᠮᠳᠠ ᠪᠠᠶᠢᠬᠤ ᠮᠡᠲᠦ᠃ ᠭᠠᠴᠤᠷ᠎ᠠ ᠰᠡᠬᠦᠶᠢᠨ ᠰᠦᠨᠳᠡᠷᠯᠡᠵᠦ᠂ ᠬᠠᠶᠢᠯᠠᠷ ᠨᠠᠷᠠᠰᠤ ᠬᠥᠬᠡᠷᠡᠨ ᠨᠣᠭᠤᠭᠠᠷᠠᠵᠤ᠂ ᠮᠠᠶᠢᠯᠠᠰᠤ ᠶᠢᠨ ᠬᠠᠵᠠᠭᠤ ᠪᠠᠷ ᠰᠡᠬᠦᠶᠢᠨ ᠰᠦᠨᠳᠡᠷᠯᠡᠵᠦ᠂ ᠬᠠᠶᠢᠯᠠᠰᠤᠨ ᠮᠣᠳᠣᠨ ᠤ ᠨᠠᠪᠴᠢ ᠲᠡᠷᠢᠭᠦᠯᠡᠭᠴᠢ ᠴᠡᠴᠡᠭ ᠮᠢᠷᠠᠯᠵᠠᠨ ᠳᠡᠯᠭᠡᠷᠡᠵᠦ᠂ ᠭᠤᠣᠯᠲᠤ ᠪᠣᠷᠣ  ᠶᠢᠨ ᠠᠩᠬᠢᠯᠤᠮ᠎ᠠ ᠦᠨᠦᠷ  ᠬᠠᠩᠬᠤᠯᠤᠵᠦ᠂ ᠲᠠᠪᠢ ᠭᠠᠷᠤᠢ ᠵᠦᠢᠯ ᠤᠨ ᠮᠣᠳᠣ ᠥᠩᠭᠡ ᠢᠯᠭᠠᠷᠠᠭᠰᠠᠨ ᠠᠮᠢ ᠠᠬᠤᠢ  ᠶᠢᠨ ᠵᠢᠷᠤᠭ ᠢ ᠪᠦᠲᠦᠭᠡᠪᠡ᠃ ᠮᠣᠳᠣᠨ ᠤ ᠰᠡᠭᠦᠳᠡᠷ ᠲᠤ ᠬᠡᠯᠬᠢᠭᠰᠡᠨ ᠤᠯᠠᠭᠠᠨ᠂ ᠲᠠᠬᠢᠶᠠᠨ ᠰᠡᠴᠢᠭ᠂ ᠥᠯᠵᠡᠶᠢᠲᠦ ᠤᠳᠪᠠᠯᠠ᠂ ᠬᠤᠨᠳᠠᠭᠠᠨ ᠴᠡᠴᠡᠭ ᠵᠡᠷᠭᠡ ᠡᠯᠳᠡᠪ ᠥᠩᠭᠡ ᠶᠢᠨ ᠴᠡᠴᠡᠭ ᠮᠢᠷᠠᠯᠵᠠᠨ ᠳᠡᠯᠭᠡᠷᠡᠵᠦ᠂ ᠨᠣᠭᠤᠭᠠᠨ ᠥᠩᠭᠡ  ᠳᠤ ᠥᠩᠭᠡ ᠪᠤᠳᠤᠭ ᠨᠡᠮᠡᠷᠢᠯᠡᠭᠰᠡᠨ ᠪᠠᠶᠢᠯ᠎ᠠ᠃    ᠣᠶ ᠶᠢᠨ ᠳᠤᠮᠳᠠᠬᠢ ᠵᠥᠷᠢᠭ ᠵᠠᠮ ᠳᠡᠭᠡᠷ᠎ᠡ ᠰᠡᠯᠡᠭᠦᠴᠡᠨ ᠠᠯᠬᠤᠯᠠᠬᠤ ᠳᠤ᠂ ᠳᠡᠪᠬᠡᠷᠦᠨ ᠦᠰᠦᠷᠴᠦ ᠪᠠᠶᠢᠭ᠎ᠠ ᠬᠡᠷᠡᠮᠦ ᠮᠣᠳᠣᠨ ᠰᠠᠯᠠᠭᠠᠨ ᠳᠤᠮᠳᠠᠭᠤᠷ ᠲᠡᠨᠦᠵᠦ ᠪᠠᠶᠢᠬᠤ ᠨᠢ ᠬᠠᠶᠠ ᠬᠠᠷᠠᠭᠳᠠᠳᠠᠭ᠂ ᠲᠡᠳᠡᠨ ᠤ ᠬᠤᠷᠴᠠ ᠱᠠᠯᠠᠮᠠᠭᠠᠶ ᠳᠦᠷᠢ ᠨᠢ ᠡᠨᠡᠬᠦ ᠨᠠᠮ ᠰᠡᠯᠡᠭᠦᠨ ᠴᠡᠴᠡᠷᠯᠢᠭ ᠲᠤ ᠠᠮᠢᠳᠤ ᠴᠣᠪᠣᠭᠤᠯᠢᠭ ᠳᠦᠷᠢ ᠨᠡᠮᠡᠷᠢᠯᠡᠵᠡᠶ᠃ ᠰᠠᠭᠤᠭᠠᠯᠢ ᠠᠷᠠᠳ ᠠᠳᠡ ᠪᠠᠶᠢᠭᠠᠯᠢ ᠶᠢᠨ ᠡᠪᠦᠷ ᠲᠤ ᠰᠠᠭᠠᠲᠠᠵᠤ᠂ ᠰᠡᠷᠢᠭᠦᠨ ᠰᠠᠯᠬᠢ ᠬᠠᠴᠠᠷ ᠢ ᠢᠯᠪᠢᠵᠦ᠂ ᠴᠡᠴᠡᠭ ᠤᠨ ᠠᠩᠬᠢᠯᠤᠮ᠎ᠠ ᠦᠨᠦᠷ ᠬᠠᠮᠠᠷ ᠴᠣᠷᠭᠢᠮ᠎ᠠ ᠰᠠᠶᠢᠬᠠᠨ ᠢ ᠮᠡᠳᠡᠷᠡᠵᠦ᠂ ᠵᠣᠯ ᠵᠢᠷᠭᠠᠯᠲᠤ ᠴᠠᠭ ᠮᠥᠴᠡ ᠶᠢ ᠬᠠᠨᠲᠠᠯ᠎ᠠ ᠡᠳ᠋ᠯᠡᠨ᠎ᠡ᠃    ︽ᠵᠠᠯᠠᠭᠤᠴᠤᠳ ᠤᠨ ᠵᠤᠭᠠᠴᠠᠯ ᠤᠨ ᠬᠦᠷᠢᠶᠡᠯᠡᠩ᠂ ᠡᠨᠡᠬᠦ ᠠᠭᠤᠳᠠᠮ ᠲᠠᠯᠠᠪᠠᠢ ᠲᠠᠢ ᠠᠮᠢ ᠠᠬᠤᠢ ᠶᠢᠨ ᠴᠡᠴᠡᠷᠯᠢᠭ ᠤᠨ ᠶᠡᠷᠦᠩᠬᠡᠢ ᠲᠠᠯᠠᠪᠠᠢ ᠨᠢ 6.18 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠴᠡᠴᠡᠷᠯᠢᠭ  ᠲᠤ 50 ᠭᠠᠷᠤᠶ ᠵᠦᠶᠯ ᠤᠨ ᠲᠤᠷᠤᠭ ᠪᠤᠳᠠ ᠮᠣᠳᠣ ᠳᠠᠷᠢᠵᠤ᠂ ᠮᠣᠳᠣᠨ ᠤ ᠶᠡᠷᠦᠩᠬᠡᠶ ᠲᠤᠭ᠎ᠠ ᠨᠢ ᠨᠠᠩ ᠴᠤ 20 ᠲᠦᠮᠡ ᠶᠢ ᠳᠠᠪᠠᠵᠤ᠂ ᠲᠦᠴᠢᠦᠸᠠᠨ ᠰᠢᠶᠠᠨ ᠤ ᠰᠠᠭᠤᠭᠠᠯᠢ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠨ ᠰᠡᠯᠡᠭᠦᠴᠡᠵᠦ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ ᠬᠦᠰᠡᠯᠡᠩ ᠤᠨ ᠣᠷᠣᠨ ᠪᠣᠯᠤᠭᠰᠠᠨ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠴᠡᠴᠡᠷᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠤᠨ ᠴᠡᠴᠡᠷᠯᠢᠭ ᠲᠠᠯᠠᠪᠠᠶ  ᠶᠢᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠳ᠋ᠦ᠋ ᠰᠢᠦ ᠶᠠᠨ ᠲᠠᠨᠢᠯᠴᠠᠭᠤᠯᠪᠠ᠃    ᠲᠦᠴᠢᠦᠸᠠᠨ ᠰᠢᠶᠠᠨ ᠤ ᠰᠠᠭᠤᠭᠠᠯᠢ ᠠᠷᠠᠳ ᠯᠢᠦ ᠶᠠᠨ ᠴᠤ ᠵᠠᠯᠠᠭᠤᠴᠤᠳ ᠤᠨ ᠵᠤᠭᠠᠴᠠᠯ ᠤᠨ ᠬᠦᠷᠢᠶᠡᠯᠡᠩ ᠢ ᠮᠠᠭᠲᠠᠨ ᠰᠠᠶᠢᠰᠢᠶᠠᠵᠤ᠄ ︽ᠵᠠᠯᠠᠭᠤᠴᠤᠳ ᠤᠨ ᠵᠤᠭᠠᠴᠠᠯ ᠤᠨ ᠬᠦᠷᠢᠶᠡᠯᠡᠩ ᠴᠡᠴᠡᠭ ᠬᠤᠸᠠᠷ ᠤᠯᠠᠨ᠂ ᠤᠢ ᠮᠣᠳᠣ ᠢᠭ᠍ᠴᠤ ᠰᠠᠬᠤᠯᠢᠭ᠂ ᠠᠭᠤᠷ ᠠᠮᠢᠰᠬᠤᠯ ᠴᠡᠪᠡᠷ ᠲᠣᠬᠢᠯᠢᠭ᠂ ᠣᠷᠴᠢᠨ ᠲᠣᠭᠤᠷᠢᠨ ᠴᠡᠪᠡᠷ ᠴᠡᠮᠴᠡᠭᠡᠷ᠃ ᠠᠳᠡ ᠶᠠᠭ ᠬᠡᠦᠬᠡᠳ ᠤᠨ ᠦᠯᠢᠭᠡᠷ ᠳᠣᠲᠣᠷᠠᠬᠢ ᠭᠤᠶᠤ ᠴᠡᠴᠡᠷᠯᠢᠭ ᠰᠢᠭ᠂ ᠪᠢ ᠦᠷᠭᠦᠯᠵᠢ ᠬᠡᠦᠬᠡᠨ ᠢᠶᠠᠨ ᠳᠠᠭᠠᠭᠤᠯᠤᠨ ᠠᠳᠡ ᠢᠷᠡᠵᠦ ᠵᠤᠭᠠᠴᠠᠨ᠂ ᠦᠷ᠎ᠡ ᠬᠡᠦᠬᠡᠳ ᠤᠨ ᠢᠶᠠᠨ ᠴᠠᠭ ᠮᠥᠴᠡ ᠶᠢ ᠡᠳ᠋ᠯᠡᠳᠡᠭ᠃︾ ᠭᠡᠵᠦ ᠬᠡᠯᠡᠨ᠎ᠡ᠃    2023 ᠣᠨ ᠳᠤ᠂ ᠲᠦᠴᠢᠦᠸᠠᠨ ᠰᠢᠶᠠᠨ 60 ᠲᠦᠮᠡᠨ ᠰᠠᠭᠤᠷᠢ ᠴᠡᠴᠡᠭ ᠡᠪᠡᠰᠦ ᠪᠣᠶᠢᠵᠢᠭᠤᠯᠵᠤ᠂ 4 ᠲᠦᠮᠡᠨ ᠲᠡᠭᠰᠢ ᠳᠥᠷᠪᠡᠯᠵᠢᠨ ᠮᠧᠲᠷ ᠵᠦᠯᠭᠡ ᠲᠠᠷᠢᠪᠠ᠃ ᠡᠭᠦᠨ ᠠᠴᠠ ᠭᠠᠳᠠᠨ᠎ᠠ᠂ ᠲᠦᠴᠢᠦᠸᠠᠨ ᠰᠢᠶᠠᠨ ᠪᠠᠰᠠ 5.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠢ ᠢᠳᠡᠪᠬᠢᠲᠡᠢ ᠪᠠᠶᠢᠭᠤᠯᠵᠤ᠂ 30 ᠲᠦᠮᠡᠨ ᠰᠠᠭᠤᠷᠢ ᠴᠢᠬᠢ ᠮᠣᠳᠣ ᠲᠠᠷᠢᠪᠠ᠃ ᠥᠨᠥᠳᠦᠷ ᠤᠨ ᠲᠦᠴᠢᠦᠸᠠᠨ ᠰᠢᠶᠠᠨ  ᠳᠤ᠂ ᠭᠠᠵᠠᠷ ᠪᠣᠯᠭᠠᠨ ᠳᠤ ᠦᠩᠭᠡ ᠶᠢᠨ ᠴᠡᠴᠡᠭ ᠮᠢᠷᠠᠯᠵᠠᠨ ᠳᠡᠯᠭᠡᠷᠡᠵᠦ᠂ ᠪᠦᠬᠦ ᠣᠷᠣᠨ ᠪᠦᠰᠡ ᠪᠠᠷ ᠢᠶᠠᠨ ᠨᠢᠭᠡᠨ ᠦᠵᠡᠰᠬᠦᠯᠡᠩᠲᠦ ᠰᠠᠶᠢᠬᠠᠨ ᠲᠤᠮᠤ ᠴᠡᠴᠡᠷᠯᠢᠭ ᠰᠢᠭ ᠪᠠᠶᠢᠵᠤ᠂ ᠰᠠᠭᠤᠭᠠᠯᠢ ᠠᠷᠠᠳ ᠲᠤ ᠬᠢᠵᠠᠭᠠᠯᠠᠰᠢ ᠦᠭᠡᠢ ᠨᠣᠭᠤᠭᠠᠨ ᠰᠠᠨᠠᠭ᠎ᠠ ᠪᠠ ᠪᠠᠶᠠᠷ ᠪᠠᠶᠠᠰᠤᠯ ᠢ ᠠᠪᠴᠢᠷᠠᠵᠤ ᠥᠭᠴᠡᠢ᠃    ᠦᠵᠡᠮᠵᠢ ᠶᠢᠨ ᠣᠷᠣᠨ ᠨᠢ ᠬᠤᠸᠠᠷ ᠴᠡᠴᠡᠭ ᠢᠶᠠᠷ ᠪᠢᠯᠬᠠᠨ᠎ᠠ    ᠣᠶᠢᠷ᠎ᠠ ᠳᠤ᠂ ᠲᠦᠴᠢᠦᠸᠠᠨ ᠰᠢᠶᠠᠨ ᠤ ᠱᠤ᠋ ᠭᠤᠸᠠᠩ ᠣᠳᠣ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ ᠰᠢᠯᠢᠮᠳᠡᠭ ᠤᠨ ᠴᠡᠴᠡᠭ ᠮᠢᠷᠠᠯᠵᠠᠨ ᠳᠡᠯᠭᠡᠷᠡᠬᠦ ᠰᠠᠶᠢᠨ ᠰᠠᠶᠢᠬᠠᠨ ᠴᠠᠭ ᠮᠥᠴᠡ  ᠪᠠᠨ ᠤᠭᠲᠤᠨ ᠠᠪᠤᠯ᠎ᠠ᠃    ᠬᠦᠷᠢᠶᠡᠯᠡᠩ ᠲᠣᠭᠤᠷᠢᠭ ᠢᠶᠠᠷ ᠠᠯᠬᠤᠯᠠᠬᠤ ᠳᠤ᠂ ᠬᠡᠰᠡᠭ ᠬᠡᠰᠡᠭ ᠠᠯᠲᠠᠨ ᠰᠢᠷᠭᠠᠯ ᠰᠢᠯᠢᠮᠳᠡᠭ ᠴᠡᠴᠡᠭ ᠤᠨ ᠳᠠᠯᠠᠢ ᠬᠠᠷᠠᠭᠳᠠᠵᠤ᠂ ᠲᠡᠳᠡᠭᠡᠷ ᠨᠢ ᠶᠠᠭ ᠨᠠᠷᠢᠯᠢᠭ ᠰᠦᠯᠵᠢᠭᠰᠡᠨ ᠠᠯᠲᠠᠨ ᠰᠢᠷᠭᠠᠯ ᠬᠡᠪᠢᠰ ᠰᠢᠭ᠂ ᠡᠬᠡ ᠭᠠᠵᠠᠷ ᠢ ᠳᠦᠭᠦᠷᠲᠡᠯ᠎ᠡ ᠳᠡᠪᠢᠰᠴᠦ᠂ ᠬᠥᠮᠦᠨ ᠤ ᠰᠡᠳᠬᠢᠯ ᠢ ᠲᠠᠲᠠᠨ᠎ᠠ᠃ ᠵᠥᠭᠡᠯᠡᠨ ᠰᠠᠯᠬᠢ ᠦᠯᠢᠶᠡᠬᠦ ᠳᠤ᠂ ᠰᠢᠯᠢᠮᠳᠡᠭ ᠤᠨ ᠴᠡᠴᠡᠭ ᠰᠠᠯᠬᠢᠨ ᠤ ᠠᠶ᠎ᠠ ᠪᠠᠷ ᠨᠠᠶᠢᠭᠤᠵᠤ᠂ ᠶᠠᠭ ᠯᠠ ᠠᠯᠲᠠᠨ ᠰᠢᠷᠭᠠᠯ ᠳᠠᠪᠠᠯᠭᠠᠨ ᠮᠡᠲᠦ ᠳᠠᠪᠠᠯᠭᠠᠯᠠᠵᠤ᠂ ᠬᠥᠮᠦᠨ  ᠢ ᠰᠣᠭᠲᠣᠷᠠᠭᠤᠯᠤᠮ᠎ᠠ ᠠᠩᠬᠢᠯᠤᠮ᠎ᠠ ᠦᠨᠦᠷ ᠬᠠᠩᠬᠤᠯᠤᠨ᠎ᠠ᠃    ᠡᠨᠡ ᠬᠦ ᠠᠯᠲᠠᠨ ᠰᠢᠷᠭᠠᠯ ᠲᠡᠯᠡᠶ ᠲᠠᠩᠭᠢᠰ ᠲᠤ᠂ ᠪᠣᠷᠣᠭᠵᠢᠭᠤᠨ ᠢᠷᠠᠭᠤ ᠱᠤ᠋ ᠭᠤᠸᠠᠩ ᠠᠰᠠᠷ᠂ ᠮᠤᠷᠤᠶ ᠰᠠᠷᠤᠶ ᠮᠣᠳᠣᠨ ᠬᠥᠭᠦᠷᠭᠡᠨ ᠵᠠᠮ ᠵᠢᠴᠢ ᠥᠪᠡᠷᠮᠢᠴᠡ ᠰᠠᠶᠢᠬᠠᠨ ᠰᠡᠷᠢᠭᠦᠨ ᠲᠢᠩᠰᠡ ᠵᠡᠷᠭᠡ ᠦᠵᠡᠮᠵᠢ ᠨᠢ ᠰᠢᠯᠢᠮᠳᠡᠭ  ᠤᠨ ᠴᠡᠴᠡᠭ ᠤᠨ ᠲᠡᠯᠡᠶ ᠲᠠᠢ ᠰᠣᠯᠪᠢᠴᠠᠨ ᠭᠡᠷᠡᠯᠲᠦᠵᠦ᠂ ᠬᠥᠳᠡᠭᠡ ᠨᠤᠲᠤᠭ ᠤᠨ ᠨᠠᠮ ᠰᠡᠯᠡᠭᠦᠨ ᠠᠭᠤᠯᠠ ᠤᠰᠤᠨ  ᠤ ᠵᠢᠷᠤᠭ ᠢ ᠬᠠᠮᠲᠤ ᠪᠠᠷ ᠵᠢᠷᠤᠭᠯᠠᠭᠰᠠᠨ ᠪᠠᠶᠢᠨ᠎ᠠ᠃    ︽ᠬᠤᠷᠳᠤᠨ ᠢᠷᠡᠵᠦ ᠦᠵᠡᠭᠡᠴᠢ᠂ ᠠᠯᠲᠠᠨ ᠰᠢᠷᠭᠠᠯ ᠰᠢᠯᠢᠮᠳᠡᠭ ᠴᠡᠴᠡᠭ ᠦᠨᠡᠬᠡᠷ ᠭᠤᠶᠤ᠂ ᠥᠨᠥᠳᠦᠷ ᠵᠠᠪᠠᠯ ᠨᠢᠭᠡ ᠵᠢᠢᠷᠤᠭ ᠠᠪᠴᠤ ᠣᠯᠠᠨ ᠳᠤ ᠬᠤᠪᠢᠶᠠᠯᠴᠠᠶ᠎ᠠ᠃︾ ᠭᠤᠶᠢᠳᠠ ᠰᠠᠶᠢᠬᠠᠨ ᠰᠢᠯᠢᠮᠳᠡᠭ ᠤᠨ ᠲᠠᠷᠢᠶᠠᠨ ᠳᠤ᠂ ᠵᠤᠭᠠᠴᠠᠭᠰᠠᠳ ᠲᠠᠪᠤ ᠭᠤᠷᠪᠠ ᠪᠠᠷ ᠰᠦᠷᠦᠭᠯᠡᠵᠦ᠂ ᠭᠠᠷ ᠤᠲᠠᠰᠤ ᠪᠠᠷ ᠬᠡᠷᠡᠯ ᠵᠢᠷᠤᠭ ᠲᠠᠲᠠᠬᠤ ᠪᠤᠶᠤ ᠬᠥᠳᠡᠭᠡ ᠬᠡᠭᠡᠷ᠎ᠡ ᠵᠤᠭᠠᠴᠠᠵᠤ᠂ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠨ᠎ᠠ᠃    ᠰᠢᠯᠢᠮᠳᠡᠭ ᠴᠡᠴᠡᠭ ᠳᠡᠯᠭᠡᠷᠡᠭᠰᠡᠨ ᠨᠢ ᠵᠢᠭᠤᠯᠴᠢᠯᠠᠯ ᠤᠨ ᠬᠠᠯᠠᠭᠤᠨ ᠢ ᠠᠪᠴᠢᠷᠠᠵᠠᠶ᠃ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠮᠦᠨ᠎ᠡ ᠬᠤᠶᠢᠨ᠎ᠠ᠂ ᠮᠠᠨ ᠤ ᠬᠦᠷᠢᠶᠡᠯᠡᠩ ᠲᠣᠭᠤᠷᠢᠭ 2000 ᠭᠠᠷᠤᠶ ᠵᠤᠭᠠᠴᠠᠭᠰᠠᠳ ᠢ ᠭᠥᠯᠢᠶᠡᠨ ᠠᠪᠴᠤ᠂ ᠣᠯᠠᠨ ᠢᠶᠠᠷ ᠢᠶᠠᠨ ᠬᠦᠷᠢᠶᠡᠯᠡᠩ ᠲᠣᠭᠤᠷᠢᠭ ᠲᠤ ᠦᠵᠡᠮᠵᠢ ᠰᠣᠨᠢᠷᠬᠠᠵᠤ᠂ ᠰᠢᠨ᠎ᠡ ᠰᠣᠷᠭᠤᠭ ᠭᠤᠸᠠ ᠵᠢᠮᠢᠰ ᠢᠳᠡᠰᠢᠨ ᠨᠣᠭᠤᠭ᠎ᠠ ᠲᠡᠭᠦᠬᠦ ᠪᠠᠷ ᠪᠠᠷᠠᠬᠤ ᠥᠬᠡᠶ ᠪᠠᠰᠠ ᠱᠤ᠋ ᠭᠤᠸᠠᠩ ᠠᠰᠠᠷ ᠤᠨ 5 D ᠺᠢᠨᠣ᠋ ᠶᠢᠨ ᠣᠷᠳᠣᠨ ᠪᠠ ᠲᠠᠷᠢᠶᠠᠯᠠᠩ + VR ᠭᠤᠤᠯ ᠰᠡᠳᠦᠪᠲᠦ ᠦᠵᠡᠭᠦᠯᠭᠡ ᠶᠢᠨ ᠲᠢᠩᠬᠢᠮ ᠢ ᠪᠡᠶᠡᠴᠢᠯᠡᠨ ᠣᠶᠢᠯᠠᠭᠠᠵᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠱᠤ᠋ ᠭᠤᠸᠠᠩ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠢᠶᠠᠨ ᠲᠤᠤ ᠬᠡᠯᠡᠪᠡ᠃    ᠤᠯᠤᠰ ᠤᠨ 2 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠭᠰᠠᠨ ᠤ ᠬᠤᠪᠢ ᠳᠤ᠂ ᠲᠦᠴᠢᠦᠸᠠᠨ ᠰᠢᠶᠠᠨ ᠤ ᠱᠤ᠋ ᠭᠤᠸᠠᠩ ᠣᠲᠣ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠶ ᠶᠢᠨ ᠬᠦᠷᠢᠶᠡᠯᠡᠩ ᠨᠢ ᠠᠯᠢ ᠡᠷᠲᠡ ᠬᠢᠩᠭᠠᠨ ᠠᠶᠢᠮᠠᠭ ᠤᠨ ᠳᠣᠲᠣᠷ᠎ᠠ ᠭᠠᠳᠠᠨᠠᠬᠢ ᠵᠤᠭᠠᠴᠠᠭᠰᠠᠳ ᠤᠨ ᠰᠡᠯᠡᠭᠦᠴᠡᠨ ᠲᠣᠭᠤᠷᠢᠬᠤ ᠰᠠᠶᠢᠨ ᠭᠠᠵᠠᠷ ᠪᠣᠯᠤᠭᠰᠠᠨ ᠪᠠᠶᠢᠨ᠎ᠠ᠃ ᠱᠤ᠋ ᠭᠤᠸᠠᠩ ᠴᠡᠴᠡᠭ ᠤᠨ ᠲᠠᠯᠠᠢ ᠨᠢ ᠲᠦᠴᠢᠦᠸᠠᠨ ᠰᠢᠶᠠᠨ ᠤ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠨᠢᠭᠡᠨ ᠬᠢᠯᠠᠰ ᠴᠡᠭ ᠪᠣᠯᠤᠭᠰᠠᠨ ᠤ ᠬᠤᠪᠢ ᠳᠤ᠂ ᠨᠡᠩ ᠴᠤ ᠴᠡᠴᠡᠭ ᠢᠶᠠᠷ ᠵᠠᠭᠤᠴᠢ ᠪᠣᠯᠭᠠᠵᠤ᠂ ᠬᠥᠮᠦᠰ ᠢ ᠤᠷᠢᠵᠤ ᠬᠠᠮᠲᠤ ᠪᠠᠷ ︽ᠷᠣᠮᠠᠨᠲ᠋ᠢᠭ ᠪᠣᠯᠵᠤᠭ᠎ᠠ︾ ᠳᠤ ᠣᠷᠣᠯᠴᠠᠭᠤᠯᠪᠠ᠃    ︽2024 ᠣᠨ ᠳᠤ᠂ ᠱᠤ᠋ ᠭᠤᠸᠠᠩ ᠴᠡᠴᠡᠭ ᠤᠨ ᠲᠠᠯᠠᠢ ᠶᠢ ᠭᠤᠷᠪᠠᠨ ᠲᠣᠭᠤᠷᠢᠭ ᠤᠨ ᠲᠠᠷᠢᠮᠠᠯ ᠢᠶᠠᠷ ᠣᠨᠴᠠᠯᠢᠭ ᠪᠣᠯᠭᠠᠵᠤ᠂ ᠬᠢᠲᠠᠳ ᠡᠪᠡᠰᠦᠨ ᠡᠮ ᠤᠨ ᠲᠣᠭᠤᠷᠢᠭ᠂ ᠵᠠᠭᠤᠨ ᠡᠳᠦᠷ ᠤᠨ ᠡᠪᠡᠰᠦᠲᠦ ᠲᠣᠭᠤᠷᠢᠭ ᠪᠠ ᠭᠠᠯᠰᠠᠨ ᠴᠡᠴᠡᠭᠲᠦ ᠲᠣᠭᠤᠷᠢᠭ ᠭᠡᠵᠦ ᠬᠤᠪᠢᠶᠠᠵᠤ᠂ ᠠᠳᠠᠯᠢ ᠪᠤᠰᠤ ᠲᠦᠷᠦᠯ ᠵᠦᠢᠯ᠂ ᠠᠳᠠᠯᠢ ᠪᠤᠰᠤ ᠴᠡᠴᠡᠭ ᠤᠨ ᠦᠩᠭᠡ ᠶᠢᠨ ᠰᠣᠯᠣᠩᠭᠠᠷᠠᠭᠰᠠᠨ ᠴᠡᠴᠡᠭ ᠤᠨ ᠲᠠᠯᠠᠢ ᠶᠢ ᠪᠤᠢ ᠪᠣᠯᠭᠠᠭᠰᠠᠨ ᠨᠢ ᠳᠠᠷᠤᠢ ᠵᠤᠭᠠᠴᠠᠭᠰᠠᠳ ᠢ ᠵᠠᠭᠤᠨ ᠮᠦ ᠴᠡᠴᠡᠭ ᠤᠨ ᠲᠠᠯᠠᠢ ᠳᠤ᠂ ᠠᠷᠪᠠᠨ ᠭᠠᠵᠠᠷ ᠤᠨ ᠠᠩᠬᠢᠯᠤᠮ᠎ᠠ ᠦᠨᠦᠷ ᠢ ᠮᠡᠳᠡᠷᠡᠭᠦᠯᠵᠦ᠂ ᠵᠦᠢᠯ ᠪᠦᠷᠢ ᠶᠢᠨ ᠴᠡᠴᠡᠭ  ᠢ ᠡᠳ᠋ᠯᠡᠭᠦᠯᠬᠦ ᠶᠢᠨ ᠲᠥᠯᠥᠭᠡ ᠶᠤᠮ᠃︾ ᠲᠤᠯᠤᠭ᠎ᠠ ᠨᠠᠢᠮᠠᠨ ᠰᠠᠷ᠎ᠠ ᠪᠣᠯᠬᠤ ᠳᠤ᠂ ᠴᠡᠴᠡᠭ ᠬᠠᠮᠤᠭ ᠤᠨ ᠪᠠᠳᠠᠷᠠᠨ ᠳᠡᠯᠭᠡᠷᠡᠬᠦ ᠦᠶ᠎ᠡ ᠳᠤ᠂ ᠡᠳᠦᠷ ᠪᠦᠷᠢ ᠵᠠᠭᠤ ᠭᠠᠷᠤᠢ ᠵᠤᠭᠠᠴᠠᠭᠰᠠᠳ ᠠᠳᠡ ᠢᠷᠡᠵᠤ ᠴᠡᠴᠡᠭ ᠰᠣᠨᠢᠷᠬᠠᠳᠠᠭ ᠭᠡᠵᠦ ᠪᠢᠶᠠᠨ ᠲᠤᠤ ᠰᠤᠷᠪᠤᠯᠵᠢᠯᠠᠭᠴᠢ ᠳᠤ ᠬᠡᠯᠡᠨ᠎ᠡ᠃    ᠵᠤᠭᠠᠴᠠᠭᠰᠠᠳ ᠲᠤ ᠴᠡᠴᠡᠭ ᠤᠨ ᠦᠨᠦᠷ ᠢ ᠦᠨᠦᠷᠲᠦᠭᠦᠯᠬᠦ ᠶᠢᠨ ᠬᠠᠮᠲᠤ ᠬᠤᠪᠢ ᠳᠠᠬᠢᠨ ᠪᠠᠶᠠᠷ ᠪᠠᠶᠠᠰᠤᠯ ᠬᠦᠷᠲᠡᠭᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠱᠤ᠋ ᠭᠤᠸᠠᠩ ᠣᠲᠣ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ ᠪᠠᠰᠠ ᠬᠤᠳᠠᠯᠳᠤᠭᠠᠴᠢᠨ ᠡᠷᠦᠬᠡ ᠶᠢ ᠣᠷᠣᠭᠤᠯᠤᠨ ᠠᠪᠴᠢᠷᠠᠵᠤ᠂ ᠲᠤᠯᠤᠭᠠᠨ ᠥᠩᠭᠡᠲᠦ ᠭᠤᠯᠭᠤᠭᠤᠷ ᠵᠠᠮ᠂ ᠳᠤᠭᠤᠶᠢᠯᠠᠪᠤᠷᠢ ᠶᠢᠨ ᠬᠦᠷᠢᠶᠡᠯᠡᠩ ᠵᠡᠷᠭᠡ ᠠᠯᠢ ᠣᠯᠠᠨ ᠵᠤᠭ᠎ᠠ ᠴᠡᠩᠭᠡᠯ  ᠤᠨ ᠲᠥᠬᠦᠭᠡᠷᠦᠮᠵᠢ ᠶᠢ ᠪᠠᠶᠢᠭᠤᠯᠪᠠ᠃ ᠲᠠᠨᠢᠯᠴᠠᠭᠤᠯᠤᠭᠰᠠᠨ ᠢᠶᠠᠷ᠂ ᠱᠤ᠋ ᠭᠤᠸᠠᠩ ᠤᠨ ᠴᠡᠴᠡᠭᠲᠦ ᠲᠡᠯᠡᠶ ᠵᠢᠯ ᠳᠤ ᠵᠤᠭᠠᠴᠠᠭᠰᠠᠳ ᠢ 8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 550 ᠲᠦᠮᠡᠨ ᠲᠥᠭᠦᠷᠢᠭ ᠤᠨ ᠠᠵᠤ ᠠᠬᠤᠶ ᠶᠢᠨ ᠦᠷ᠎ᠡ ᠠᠰᠢᠭ ᠢ ᠳᠠᠶᠢᠴᠢᠯᠠᠵᠤ ᠴᠢᠳᠠᠨ᠎ᠠ᠃    ᠬᠥᠳᠡᠭᠡ ᠲᠣᠰᠬᠤᠨ ᠳᠤ ︽ᠦᠵᠡᠰᠬᠦᠯᠡᠩᠲᠦ ᠰᠠᠶᠢᠬᠠᠨ ᠠᠵᠤ ᠠᠬᠤᠶ︾ ᠶᠢ ᠳᠡᠯᠭᠡᠷᠡᠭᠦᠯᠪᠡ    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠴᠠᠨ᠎ᠠ ᠶᠢᠨ ᠭᠤᠪᠢ ᠶᠢᠨ 35 ᠮᠥ ᠴᠠᠨ᠎ᠠ ᠴᠡᠴᠡᠭ ᠥᠩᠭᠡ ᠢᠯᠭᠠᠷᠠᠨ ᠳᠡᠯᠭᠡᠷᠡᠵᠦ᠂ ᠬᠡᠭᠡᠨᠴᠢᠷ ᠭᠤᠶᠣᠬᠠᠨ ᠴᠠᠨ᠎ᠠ ᠶᠢᠨ ᠬᠤᠸᠠᠷ ᠤᠨ ᠬᠡᠷᠡᠯ ᠵᠢᠷᠤᠭ ︽ᠨᠠᠶᠢᠵᠠ ᠶᠢᠨ ᠲᠣᠭᠤᠷᠢᠭ︾ ᠲᠤ ᠬᠠᠷᠠᠭᠳᠠᠨ᠎ᠠ᠃    ᠯᠢᠦ ᠬᠤ᠋ ᠪᠠᠯᠭᠠᠰᠤᠨ ᠤ ᠯᠢᠦ ᠬᠤ᠋ ᠣᠶ ᠰᠢᠭᠤᠶ ᠶᠢᠨ ᠲᠠᠯᠠᠪᠠᠶ ᠳᠤ᠂ ᠬᠡᠳᠦᠨ ᠲᠦᠮᠡᠨ ᠰᠠᠭᠤᠷᠢ ᠶᠠᠭᠠᠨ᠂ ᠴᠠᠭᠠᠨ ᠴᠠᠨ᠎ᠠ ᠴᠡᠴᠡᠭ ᠰᠠᠯᠬᠢᠨ ᠤ ᠠᠶ᠎ᠠ ᠪᠠᠷ ᠨᠠᠶᠢᠭᠤᠨ ᠨᠠᠶᠢᠭᠤᠨ᠎ᠠ᠂ ᠠᠩᠬᠢᠯᠤᠮ᠎ᠠ ᠦᠨᠦᠷ ᠬᠠᠩᠬᠤᠯᠵᠤ᠂ ᠴᠥᠭᠡᠨ ᠪᠤᠰᠤ ᠵᠢᠭᠤᠯᠴᠢᠳ ᠤᠨ ᠰᠣᠨᠢᠷᠬᠠᠯ ᠢ ᠲᠠᠲᠠᠵᠤ᠂ ᠥᠩᠭᠡ ᠶᠢᠨ ᠴᠡᠴᠡᠭᠡᠰ ᠤᠨ ᠲᠠᠷᠢᠶᠠᠨ ᠳᠤ ︽ᠴᠠᠨ᠎ᠠ ᠴᠡᠴᠡᠭ  ᠤᠨ ᠠᠩᠬᠢᠯᠤᠮ᠎ᠠ ᠦᠨᠦᠷ ᠬᠠᠩᠬᠤᠯᠤᠨ᠎ᠠ︾ ᠭᠡᠬᠦ ᠰᠢᠯᠦᠭ ᠵᠢᠷᠤᠭ ᠤᠨ ᠰᠠᠨᠠᠭ᠎ᠠ ᠶᠢ ᠬᠠᠨᠲᠠᠯ᠎ᠠ ᠡᠳ᠋ᠯᠡᠨ᠎ᠡ᠃    ︽ᠲᠤᠩ ᠭᠤᠶᠤ ᠪᠠᠶᠢᠨ᠎ᠠ᠂ ᠠᠯᠢ ᠨᠢᠭᠡ ᠲᠠᠯ᠎ᠠ ᠠᠴᠠ ᠰᠡᠭᠦᠳᠡᠷ ᠲᠠᠲᠠᠭᠰᠠᠨ ᠴᠤ ᠲᠤᠩ ᠰᠠᠶᠢᠬᠠᠨ︕︾ ᠴᠠᠨ᠎ᠠ ᠴᠡᠴᠡᠭ ᠤᠨ ᠲᠠᠯᠠᠢ ᠳᠤ ᠰᠤᠩᠪᠠᠨ᠂ ᠵᠤᠭᠠᠴᠠᠭᠰᠠᠳ ᠵᠠᠩ ᠶᠠᠨ ᠬᠤᠩ᠄ ︽ᠡᠨᠡ ᠬᠦ ᠴᠠᠨ᠎ᠠ ᠴᠡᠴᠡᠭ ᠤᠨ ᠲᠠᠯᠠᠢ ᠨᠢ ᠯᠤᠲᠤ ᠶᠡᠭᠡ ᠬᠡᠪᠴᠢᠶ᠎ᠡ ᠲᠠᠢ᠂ ᠦᠩᠭᠡ ᠢᠯᠭᠠᠷᠠᠮ᠎ᠠ ᠪᠠᠶᠢᠵᠤ᠂ ᠴᠡᠴᠡᠭ ᠤᠨ ᠳᠤᠮᠳᠠᠭᠤᠷ ᠶᠠᠪᠤᠬᠤ ᠳᠤ᠂ ᠠᠭᠠᠷ ᠳᠣᠲᠣᠷ᠎ᠠ ᠬᠦᠷᠲᠡᠯ᠎ᠡ ᠴᠡᠴᠡᠭ ᠤᠨ ᠦᠨᠦᠷ ᠬᠠᠩᠬᠤᠯᠵᠤ᠂ ᠬᠥᠮᠦᠰ ᠤᠨ ᠰᠡᠳᠬᠢᠯ ᠢ ᠪᠠᠶᠠᠰᠬᠠᠨ᠎ᠠ᠃︾ ᠭᠡᠨ᠎ᠡ᠃ᠵ᠊    ‍ᠥ᠋ᠪᠬᠡᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ᠂ ᠯᠢᠦ ᠬᠣ᠋ ᠪᠠᠯᠭᠠᠰᠤᠨ ᠤ ᠴᠠᠨ᠎ᠠ ᠶᠢᠨ ᠭᠤᠪᠢ  ᠳᠤ ᠳᠠᠷᠤᠶ 2000 ᠭᠠᠷᠤᠶ ᠵᠤᠭᠠᠴᠠᠭᠰᠠᠳ ᠢ ᠬᠦᠯᠢᠶᠡᠨ ᠠᠪᠤᠪᠠ᠃ ︽ᠴᠠᠨ᠎ᠠ ᠲᠠᠷᠢᠬᠤ ᠳᠤ ᠡᠮ ᠤᠨ ᠦᠨ᠎ᠡ ᠥᠷᠲᠡᠭ ᠲᠠᠢ ᠮᠥᠷᠲᠡᠭᠡᠨ ᠪᠠᠰᠠ ᠦᠵᠡᠮᠦᠷᠢ ᠶᠢᠨ ᠦᠨ᠎ᠡ ᠥᠷᠲᠡᠭ ᠲᠠᠢ᠃ ᠴᠠᠨ᠎ᠠ ᠶᠢᠨ ᠭᠤᠪᠢ ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠲᠦᠴᠢᠦᠸᠠᠨ ᠰᠢᠶᠠᠨ ᠤ ᠺᠠᠷᠲ ᠴᠣᠬᠢᠬᠤ ᠬᠠᠯᠠᠭᠤᠨ ᠭᠠᠵᠠᠷ ᠪᠣᠯᠤᠭᠰᠠᠨ ᠳᠤ ᠪᠢᠳᠡ ᠮᠠᠰᠢ ᠪᠠᠶᠠᠷᠯᠠᠵᠤ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠵᠥᠩ ᠰᠢᠨ ᠣᠶ ᠰᠢᠭᠤᠶ  ᠶᠢᠨ ᠪᠠᠯᠠ ᠣᠷᠣᠭᠤᠯᠤᠯᠲᠠ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠰᠦ᠋ ᠬᠠᠶ ᠯᠢ ᠬᠡᠯᠡᠬᠦ ᠳᠡᠭᠡᠨ᠂ ᠴᠠᠨ᠎ᠠ ᠶᠢᠨ ᠭᠤᠪᠢ ᠨᠢ ᠵᠢᠭᠤᠯᠴᠢᠯᠠᠯ ᠢ ᠳᠠᠶᠢᠴᠢᠯᠠᠭᠰᠠᠨ ᠢᠶᠠᠷ ᠪᠠᠷᠠᠬᠤ ᠥᠬᠡᠶ᠂ ᠵᠢᠯ ᠪᠦᠷᠢ ᠶᠢᠨ ᠳᠠᠷᠢᠵᠤ ᠤᠷᠭᠤᠭᠤᠯᠬᠤ ᠪᠠ ᠬᠠᠮᠢᠶᠠᠷᠴᠤ ᠬᠠᠮᠠᠭᠠᠯᠠᠬᠤ ᠬᠤᠭᠤᠴᠠᠭᠠᠨ ᠳᠤ ᠪᠠᠰᠠ ᠲᠣᠰ ᠭᠠᠵᠠᠷ ᠤᠨ 200 ᠭᠠᠷᠤᠶ ᠲᠣᠰᠬᠤᠨ ᠤ ᠠᠷᠠᠳ ᠲᠤ ᠠᠵᠢᠯ ᠣᠯᠭᠤᠵᠤ ᠴᠢᠳᠠᠨ᠎ᠠ ᠭᠡᠵᠡᠶ᠃    ︽ᠭᠡᠷ ᠤᠨ ᠡᠭᠦᠳᠡᠨ ᠳᠡᠭᠡᠨ ᠵᠣᠭᠤᠰ ᠣᠯᠵᠤ ᠪᠣᠯᠤᠨ᠎ᠠ᠂ ᠴᠠᠯᠢᠩ ᠢ ᠪᠦᠷ ᠡᠳᠦᠷ ᠢᠶᠠᠷ ᠪᠤᠳᠤᠵᠤ᠂ ᠲᠠᠷᠢᠶᠠᠯᠠᠩ ᠤᠨ ᠰᠡᠯᠡᠭᠦᠦ ᠴᠠᠭ ᠲᠤ ᠨᠢᠭᠡ ᠡᠳᠦᠷ 150 ᠲᠥᠭᠦᠷᠢᠭ ᠣᠯᠵᠤ᠂ ᠲᠠᠷᠢᠶᠠᠯᠠᠩ ᠤᠨ ᠶᠠᠭᠠᠷᠠᠤ ᠴᠠᠭ  ᠲᠤ ᠨᠢᠭᠡ ᠡᠳᠦᠷ 180 ᠲᠥᠭᠦᠷᠢᠭ ᠠᠴᠠ 220 ᠲᠥᠭᠦᠷᠢᠭ ᠣᠯᠤᠨ᠎ᠠ᠃︾ ᠭᠡᠵᠦ ᠰᠢᠤᠸᠠᠢ ᠲᠢᠶᠠᠨ ᠰᠢᠶᠠᠩ  ᠤᠨ ᠰᠠᠨ ᠾᠧ ᠲᠣᠰᠬᠤᠨ ᠤ ᠠᠷᠠᠳ ᠼᠦᠢ ᠳ᠋ᠠ ᠯᠢᠶᠠᠩ ᠶᠠᠷᠢᠵᠤ ᠪᠠᠶᠢᠯ᠎ᠠ᠃    ᠴᠠᠨ᠎ᠠ ᠴᠡᠴᠡᠭ ᠬᠠᠨᠲᠠᠯ᠎ᠠ ᠳᠡᠯᠭᠡᠷᠡᠵᠦ᠂ ᠪᠠᠰᠠ ᠨᠢᠭᠡ ᠲᠠᠯ᠎ᠠ ᠶᠢᠨ ︽ᠦᠵᠡᠰᠬᠦᠯᠡᠩᠲᠦ ᠰᠠᠶᠢᠬᠠᠨ ᠠᠵᠤ ᠠᠬᠤᠶ︾ ᠶᠢ ᠬᠥᠭᠵᠢᠭᠡᠪᠡ᠃ ︽ᠥᠩᠭᠡᠷᠡᠭᠰᠡᠨ ᠳᠤ ᠬᠠᠰᠢᠶᠠᠨ ᠲᠤ ᠡᠷᠳᠡᠨᠢ ᠰᠢᠰᠢ ᠲᠠᠷᠢᠭᠠᠳ ᠳᠡᠮᠡᠢ ᠵᠣᠭᠤᠰ ᠤᠯᠬᠤ ᠦᠭᠡᠢ ᠪᠠᠶᠢᠵᠠᠢ᠂ ᠴᠠᠨ᠎ᠠ ᠲᠠᠷᠢᠬᠰᠠᠨ ᠤ ᠲᠠᠷᠠᠭ᠎ᠠ᠂ ᠣᠷᠣᠯᠭ᠎ᠠ ᠪᠠᠨ ᠨᠡᠮᠡᠭᠳᠡᠭᠦᠯᠬᠦ ᠪᠠᠷ ᠪᠠᠷᠠᠬᠤ ᠦᠭᠡᠢ᠂ ᠬᠦᠷᠢᠶ᠎ᠡ ᠬᠠᠰᠢᠶ᠎ᠠ ᠪᠠᠨ ᠴᠤ ᠭᠤᠶᠤᠵᠢᠭᠤᠯᠳᠠᠭ ᠪᠠᠶᠢᠯ᠎ᠠ︕︾ ᠭᠡᠵᠦ ᠲᠦᠴᠢᠦᠸᠠᠨ ᠪᠠᠯᠭᠠᠰᠤᠨ ᠤ ᠫᠢᠩ ᠶᠤᠸᠠᠨ ᠲᠣᠰᠬᠤᠨ  ᠤ ᠠᠷᠠᠳ ᠰᠢᠤᠸᠠᠢ ᠶᠢᠨ ᠶᠠᠩ ᠳᠤ ᠠᠪᠴᠤ ᠬᠡᠯᠡᠪᠡᠯ᠂ ᠠᠩᠬᠢᠯᠤᠮ᠎ᠠ ᠰᠠᠶᠢᠬᠠᠨ ᠴᠡᠴᠡᠭ ᠤᠨ ᠳᠤᠮᠳᠠ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠨᠢ ᠨᠢᠭᠡᠨ ᠵᠣᠯ ᠵᠢᠷᠭᠠᠯᠲᠤ ᠶᠠᠪᠤᠳᠠᠯ ᠪᠣᠯᠵᠠᠶ᠃    ᠲᠦᠴᠢᠦᠸᠠᠨ ᠳᠤ ᠢᠷᠡᠭᠡᠷᠡᠢ᠂ ᠠᠳᠡ ᠢᠷᠡᠭᠡᠳ ᠥᠩᠭᠡ ᠢᠯᠭᠠᠷᠠᠮ᠎ᠠ ᠴᠡᠴᠡᠭ ᠣᠨ ᠳᠠᠯᠠᠢ ᠳᠣᠲᠣᠷ᠎ᠠ ᠬᠠᠨᠲᠠᠯ᠎ᠠ ᠰᠣᠭᠲᠣᠭᠤᠷᠠᠵᠤ᠂ ᠤᠢ ᠶᠢᠨ ᠳᠤᠮᠳᠠᠬᠢ ᠵᠥᠷᠢᠭ ᠵᠠᠮ ᠢᠶᠠᠷ ᠰᠡᠯᠡᠭᠦᠴᠡᠨ ᠠᠯᠬᠤᠵᠤ᠂ ᠬᠦᠷᠢᠶ᠎ᠡ ᠬᠠᠰᠢᠶᠠᠨ  ᠳᠤ ᠨᠠᠮ ᠵᠢᠮ ᠰᠡᠷᠢᠭᠦᠨ ᠢ ᠡᠳ᠋ᠯᠡᠵᠦ᠂ ᠡᠨᠡ ᠬᠡᠦᠬᠡᠳ ᠤᠨ ᠳᠣᠮᠤᠭ ᠮᠡᠲᠦ ᠵᠡᠭᠦᠳᠦ ᠵᠡᠷᠭᠡᠯᠭᠡᠨ ᠰᠢᠭ ︽ᠴᠡᠴᠡᠷᠯᠢᠭ︾ ᠤᠨ ᠠᠪᠴᠢᠷᠠᠭᠰᠠᠨ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠡᠷᠡᠢ︕ ᠰᠡᠳᠬᠢᠯ ᠰᠠᠨᠠᠭ᠎ᠠ ᠪᠠᠨ ᠡᠨᠡ ᠪᠠᠶᠢᠭᠠᠯᠢ  ᠶᠢᠨ ᠭᠤᠶᠤ ᠦᠵᠡᠮᠵᠢ ᠶᠢᠨ ᠳᠤᠮᠳᠠ ᠠᠭᠤᠵᠢᠷᠠᠲᠠᠯ᠎ᠠ ᠵᠤᠭᠠᠴᠠᠭᠤᠯᠵᠤ᠂ ᠴᠠᠭ ᠮᠥᠴᠡ ᠪᠦᠷᠢ ᠶᠢᠨ ᠨᠠᠮ ᠵᠢᠮ ᠪᠠ ᠰᠠᠶᠢᠨ ᠰᠠᠶᠢᠬᠠᠨ ᠢ ᠬᠠᠨᠲᠠᠯ᠎ᠠ ᠡᠳ᠋ᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号