ᠲᠦᠴᠢᠦᠸᠠᠨ ᠰᠢᠶᠠᠨ ᠤ ᠤᠯᠠᠭᠠᠨᠮᠥ᠋ᠴᠢᠷ ︽ᠤᠯᠠᠭᠠᠨᠮᠥ᠋ᠴᠢᠷ ᠤᠨ ᠰᠠᠷ᠎ᠠ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/25
   6 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠥᠪᠥᠷ ᠮᠣᠩᠭᠤᠯ ᠤᠨ ᠵᠢᠤᠢ ᠮᠧᠶ ᠾᠧᠩ ᠭᠦᠸᠧ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠭᠠᠷᠭᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠯᠠᠭᠠᠨᠮᠥ᠋ᠴᠢᠷ ᠤᠨ ᠭᠡᠰᠢᠭᠦᠳ ᠪᠠᠶᠠᠷ ᠬᠥᠷ ᠲᠠᠢ ᠳᠠᠭᠤᠤ ᠪᠥᠵᠢᠭ᠂ ᠤᠯᠠᠮᠵᠢᠯᠠᠯᠲᠤ ᠡᠯ ᠷᠧᠨ ᠵᠤᠸᠠᠨ ᠵᠡᠷᠭᠡ ᠪᠠᠶᠠᠯᠢᠭ ᠰᠠᠶᠢᠬᠠᠨ ᠲᠣᠭᠯᠠᠯᠲᠠ ᠪᠠᠷ ᠳᠠᠮᠵᠢᠭᠤᠯᠤᠨ᠂ ᠪᠠᠶᠠᠷ ᠪᠠᠶᠠᠰᠤᠯ ᠪᠠ ᠦᠶᠯᠡᠴᠢᠯᠡᠭᠡ ᠶᠢ ᠠᠷᠠᠳ ᠣᠯᠠᠨ ᠤ ᠳᠤᠮᠳᠠ ᠬᠦᠷᠭᠡᠪᠡ᠃
   ︽ᠥᠨᠥᠳᠦᠷ ᠤᠯᠠᠭᠠᠨᠮᠥ᠋ᠴᠢᠷ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠪᠢᠳᠡ ᠪᠠᠰᠠ ᠰᠢᠨ᠎ᠡ ᠠᠭᠤᠳᠠᠮ ᠲᠠᠯᠠᠪᠠᠶ ᠶᠢᠨ ᠪᠥᠵᠢᠭ ᠢ ᠰᠤᠷᠴᠤ᠂ ᠣᠯᠠᠨ ᠢᠶᠠᠷ ᠢᠶᠠᠨ ᠬᠠᠮᠲᠤ ᠳᠠᠭᠤᠤ ᠳᠠᠭᠤᠯᠠᠵᠤ ᠪᠥᠵᠢᠭ ᠪᠥᠵᠢᠭᠯᠡᠭᠡᠳ ᠮᠠᠰᠢ ᠪᠠᠶᠠᠷᠲᠠᠶ ᠪᠠᠶᠢᠨ᠎ᠠ᠃︾ ᠭᠡᠵᠦ ᠲᠠᠢ ᠫᠢᠩ ᠰᠢᠶᠠᠩ ᠤᠨ ᠱᠤ᠋ ᠭᠤᠸᠠᠩ ᠲᠣᠰᠬᠤᠨ ᠤ ᠠᠷᠠᠳ ᠴᠧᠨ ᠢᠤᠢ ᠬᠤᠸᠠ ᠪᠠᠶᠠᠷᠲᠠᠶ ᠬᠡᠯᠡᠨ᠎ᠡ᠃
   ᠳᠠᠷᠠᠭ᠎ᠠ ᠨᠢ ᠲᠠᠷᠢᠶᠠᠯᠠᠩ ᠢ ᠲᠤᠰᠠᠯᠠᠬᠤ ᠲᠤᠰᠬᠠᠶ ᠲᠠᠯᠠᠪᠠᠶ ᠶᠢᠨ ᠰᠢᠭᠤᠳ ᠨᠡᠪᠲᠡᠷᠡᠭᠦᠯᠭᠡ ᠳᠤ᠂ ᠤᠯᠠᠭᠠᠨᠮᠥ᠋ᠴᠢᠷ  ᠤᠨ ᠭᠡᠰᠢᠭᠦᠳ ᠪᠥᠬᠦ ᠰᠡᠳᠬᠢᠯ ᠢᠶᠠᠷ ᠢᠶᠠᠨ ᠲᠣᠭᠯᠠᠵᠤ᠂ ᠰᠦᠯᠵᠢᠶᠡᠨ ᠠᠨᠳᠠ ᠨᠠᠷ ᠲᠠᠢ ︽ᠠᠷᠠᠳ ᠤᠨ ᠵᠤᠭᠤᠭ︾ ᠵᠣᠭᠤᠭᠳᠠᠵᠤ᠂ ᠲᠣᠰ ᠤᠳᠠᠭᠠᠨ ᠤ ᠠᠵᠢᠯᠯᠠᠭ᠎ᠠ ᠶᠢᠨ ᠡᠯ᠎ᠡ ᠵᠦᠶᠯ ᠤᠨ ᠥᠪᠡᠷᠮᠢᠴᠡ ᠣᠨᠴᠠᠯᠢᠭ ᠲᠠᠢ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠲᠠᠰᠤᠷᠠᠯᠲᠠ ᠥᠬᠡᠶ ᠳᠡᠯᠭᠡᠨ ᠦᠵᠡᠭᠦᠯᠬᠦ ᠪᠠ ᠲᠠᠨᠢᠯᠴᠠᠭᠤᠯᠵᠤ᠂ ᠠᠷᠠᠳ ᠣᠯᠠᠨ  ᠢ ᠵᠣᠬᠢᠶᠠᠨ ᠪᠠᠶᠢᠭᠤᠯᠤᠨ ᠦᠨ᠎ᠡ ᠲᠥᠯᠥᠪᠦᠷᠢ ᠥᠬᠡᠶ ᠪᠠᠷ ᠠᠮᠲᠠᠯᠠᠭᠤᠯᠵᠤ᠂ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠣᠯᠠᠨ ᠲᠦᠮᠡᠨ ᠳᠤ ᠨᠠᠩ ᠡᠯᠪᠡᠭ ᠪᠠᠶᠠᠯᠢᠭ ᠲᠠᠩᠰᠤᠭ ᠰᠠᠶᠢᠬᠠᠨ ᠲᠠᠷᠢᠶᠠᠯᠠᠩ ᠤᠨ ᠤᠷᠠᠯᠢᠭ ᠤᠨ ᠲᠡᠭᠦᠮᠡᠯ ᠢᠶᠠᠷ ᠲᠣᠯᠢ ᠪᠣᠯᠭᠠᠬᠤ ᠠᠶᠠᠯᠠᠯ ᠢ ᠪᠡᠶᠡᠴᠢᠯᠡᠨ ᠣᠶᠢᠯᠠᠭᠠᠭᠤᠯᠵᠤ᠂ ᠮᠠᠰᠢ ᠣᠯᠠᠨ ᠬᠡᠷᠡᠭᠯᠡᠭᠴᠢᠳ ᠢ ᠲᠡᠳᠡᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠵᠠᠬᠢᠶᠠᠯᠠᠭ᠎ᠠ ᠪᠠᠷ ᠬᠤᠳᠠᠯᠳᠤᠨ ᠠᠪᠤᠭᠤᠯᠬᠤ ᠪᠣᠯᠭᠠᠪᠠ᠃
   ︽ᠰᠢᠨ᠎ᠡ ᠵᠠᠭᠤᠴᠢᠯᠠᠭᠤᠷ ᠤᠨ ᠡᠵᠡᠩᠨᠡᠨ ᠪᠣᠷᠣᠯᠠᠭᠤᠯᠬᠤ ᠲᠠᠪᠴᠠᠩ᠂ ᠣᠬᠤᠷ ᠸᠢᠳᠢᠣ᠋ ᠶᠢᠨ ᠲᠠᠪᠴᠠᠩ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠬᠦᠴᠦᠨ ᠨᠡᠮᠡᠷᠢᠯᠡᠵᠦ᠂ ᠮᠠᠨ ᠤ ᠵᠢᠤᠢ ᠮᠧᠶ ᠾᠧᠩ ᠭᠦᠸᠧ ᠵᠢᠮᠢᠰ ᠤᠨ ᠠᠯᠳᠠᠷᠰᠢᠯ ᠢ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ ᠤᠯᠠᠭᠠᠨᠮᠥ᠋ᠴᠢᠷ ᠪᠣᠯ ᠢᠮᠠᠭᠲᠠ ᠦᠨᠳᠦᠰᠦᠨ ᠱᠠᠲᠤᠨ ᠳᠤ ᠦᠨᠳᠦᠰᠦᠯᠡᠭᠰᠡᠨ᠂ ᠰᠣᠶᠣᠯ ᠬᠦᠷᠭᠡᠭᠰᠡᠨ᠂ ᠦᠶᠯᠡᠴᠢᠯᠡᠭᠡ ᠬᠦᠷᠭᠡᠭᠰᠡᠨ ᠤᠳᠬ᠎ᠠ ᠤᠷᠠᠯᠢᠭ ᠤᠨ ᠪᠦᠯᠬᠦᠮ ᠮᠥᠨ ᠭᠡᠳᠡᠭ ᠢ ᠦᠨᠡᠨ ᠬᠦ ᠢᠯᠡᠷᠡᠭᠦᠯᠵᠡᠶ᠃︾ ᠭᠡᠵᠦ ᠥᠪᠥᠷ ᠮᠣᠩᠭᠤᠯ ᠤᠨ ᠵᠢᠤᠢ ᠮᠧᠶ ᠾᠧᠩ ᠭᠦᠸᠧ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠡᠷᠬᠡᠲᠡᠨ ᠯᠢᠦ ᠱᠤ᠋ ᠬᠤᠶ ᠲᠠᠨᠢᠯᠴᠠᠭᠤᠯᠪᠠ᠃
   6 ᠰᠠᠷ᠎ᠠ ᠶᠢᠨ 17 ᠤ ᠡᠳᠦᠷ᠂ ︽ᠠᠷᠠᠳ ᠲᠦᠮᠡᠨ ᠤ ᠳᠤᠮᠳᠠ ᠣᠴᠢᠬᠤ︾ ᠪᠠᠷ ᠭᠤᠤᠯ ᠰᠡᠳᠦᠪ ᠪᠣᠯᠭᠠᠭᠰᠠᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ  ᠶᠢᠨ ᠲᠦᠴᠢᠦᠸᠠᠨ ᠰᠢᠶᠠᠨ ᠤ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠲᠠᠷᠠᠭᠠᠴᠢ ᠪᠠᠷ ︽ᠤᠯᠠᠭᠠᠨᠮᠥ᠋ᠴᠢᠷ ᠤᠨ ᠰᠠᠷ᠎ᠠ ︾ ᠳᠤ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠢᠮᠠᠭᠲᠠ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠢ ᠶᠡᠭᠡ ᠪᠠᠷ ᠪᠠᠳᠠᠷᠠᠭᠤᠯᠵᠤ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠥᠷᠭᠡᠨ ᠣᠯᠠᠨ ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠨ᠎ᠡ᠃
   ᠦᠨᠳᠦᠰᠦᠨ ᠱᠠᠲᠤᠨ ᠳᠤ ᠦᠨᠳᠦᠰᠦᠯᠡᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ 2024 ᠣᠨ ᠳᠤ᠂ ᠲᠦᠴᠢᠦᠸᠠᠨ ᠰᠢᠶᠠᠨ  ᠤ ᠤᠯᠠᠭᠠᠨᠮᠥ᠋ᠴᠢᠷ ︽ᠤᠳᠬ᠎ᠠ ᠤᠷᠠᠯᠢᠭ + ᠤᠬᠠᠭᠤᠯᠤᠨ ᠲᠠᠶᠢᠯᠪᠤᠷᠢᠯᠠᠬᠤ︾᠂ ︽ᠤᠳᠬ᠎ᠠ ᠤᠷᠠᠯᠢᠭ + ᠲᠥᠷᠥ  ᠶᠢᠨ ᠪᠣᠳᠣᠯᠭ᠎ᠠ︾᠂ ︽ᠤᠳᠬ᠎ᠠ ᠤᠷᠠᠯᠢᠭ + ᠬᠠᠪᠰᠤᠷᠤᠨ ᠵᠢᠯᠣᠭᠤᠳᠬᠤ︾ ᠵᠡᠷᠭᠡ ᠠᠷᠭ᠎ᠠ ᠬᠡᠯᠪᠡᠷᠢ ᠪᠠᠷ ᠠᠷᠠᠳ  ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠨᠡᠶᠢᠲᠡ  ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠵᠢᠴᠢ ᠠᠵᠢᠯᠯᠠᠭ᠎ᠠ ᠶᠢ ᠨᠡᠶᠢᠲᠡ 70 ᠭᠠᠷᠤᠶ ᠤᠳᠠᠭ᠎ᠠ ᠥᠷᠨᠢᠭᠦᠯᠵᠦ᠂ 3 ᠲᠦᠮᠡ ᠭᠠᠷᠤᠶ ᠣᠯᠠᠨ ᠲᠦᠮᠡᠨ ᠳᠤ ᠦᠶᠯᠡᠴᠢᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号