ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2024/6/25
   ᠦᠶᠡᠷ ᠤᠨ ᠬᠤᠭᠤᠴᠠᠭ᠎ᠠ ᠪᠠ ᠵᠣᠨ ᠤ ᠠᠮᠠᠷᠠᠯᠲᠠ ᠣᠶᠢᠷᠠᠲᠤᠬᠤ ᠶᠢ ᠳᠠᠭᠠᠯᠳᠤᠨ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠰᠠᠶᠢᠨ ᠳᠤᠷᠠᠴᠤᠳ ᠲᠠᠶᠢᠯᠤᠮᠵᠢ ᠬᠢᠬᠦ ᠪᠠ ᠬᠠᠷᠢᠯᠴᠠᠨ ᠦᠶᠯᠡᠳᠦᠯᠴᠡᠵᠦ ᠵᠢᠭᠠᠨ ᠰᠤᠷᠭᠠᠬᠤ ᠠᠷᠭ᠎ᠠ ᠬᠡᠯᠪᠡᠷᠢ ᠪᠠᠷ᠂ ᠣᠨᠣᠯ ᠤᠨ ᠮᠡᠳᠡᠯᠭᠡ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠪᠠᠭᠰᠢ ᠰᠤᠷᠤᠭᠴᠢᠳ ᠲᠤ ᠵᠣᠨ ᠤ ᠤᠯᠠᠷᠢᠯ ᠤᠨ ᠤᠰᠤᠨ ᠳᠤ ᠵᠢᠪᠦᠭᠰᠡᠨ ᠬᠡᠷᠡᠭ ᠤᠨ ᠬᠤᠤᠷ ᠬᠥᠨᠥᠭᠡᠯ ᠢ ᠠᠮᠢᠳᠤᠯᠢᠭ ᠳᠦᠷᠰᠦᠯᠢᠭ ᠢᠶᠠᠷ ᠶᠠᠷᠢᠭᠰᠠᠨ ᠪᠥᠭᠡᠳ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ  ᠲᠤ ᠵᠣᠨ ᠤ ᠤᠯᠠᠷᠢᠯ ᠤᠨ ᠤᠰᠤᠨ ᠳᠤ ᠵᠢᠪᠬᠦ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃
   ︽ᠥᠨᠥᠳᠦᠷ ᠤᠨ ᠲᠠᠶᠢᠯᠪᠤᠷᠢᠯᠠᠯᠲᠠ ᠪᠠᠷ ᠳᠡᠮᠵᠢᠨ᠂ ᠪᠢ ᠬᠡᠷᠬᠢᠨ ᠵᠢᠷᠦᠬᠡ ᠠᠭᠤᠰᠬᠢᠨ ᠤ ᠰᠡᠷᠭᠦᠭᠡᠯᠲᠡ ᠬᠢᠬᠦ  ᠶᠢ ᠰᠣᠷᠣᠭᠰᠠᠨ ᠪᠥᠭᠡᠳ ᠬᠡᠷᠬᠢᠨ ᠠᠪᠤᠷᠬᠠᠤ ᠴᠠᠭᠠᠷᠢᠭ ᠪᠠ ᠠᠪᠤᠷᠬᠠᠤ ᠬᠤᠪᠴᠠᠰᠤ ᠡᠮᠦᠰᠬᠦ ᠶᠢ ᠰᠣᠷᠣᠭᠰᠠᠨ ᠪᠠᠶᠢᠨ᠎ᠠ ᠃ ᠪᠢᠳᠡ ᠠᠶᠤᠯ ᠲᠦᠭᠰᠢᠭᠦᠷᠢᠲᠦ ᠭᠠᠵᠠᠷ ᠣᠷᠣᠨ ᠪᠣᠯᠤᠨ ᠭᠤᠣᠯ ᠮᠥᠷᠡᠨ ᠠᠴᠠ ᠬᠤᠯᠠ ᠵᠠᠶᠢᠳᠠᠵᠤ᠂ ᠬᠥᠮᠦᠨ ᠤ ᠠᠮᠢᠳᠤᠷᠠᠯ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠃︾ ᠭᠡᠵᠦ ᠰᠤᠷᠤᠭᠴᠢ ᠵᠠᠩ ᠶᠢᠤ ᠴᠧᠩ ᠶᠡᠭᠡ ᠣᠯᠤᠯᠲᠠ ᠲᠠᠢ᠃
   ᠲᠠᠷᠠᠭᠠᠴᠢ ᠶᠢᠨ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ ᠳᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠦᠶᠡᠷ ᠤᠨ ᠬᠤᠭᠤᠴᠠᠭ᠎ᠠ ᠬᠦᠷᠴᠦ ᠢᠷᠡᠬᠦ᠂ ᠦᠶᠡᠷ ᠤᠨ ᠭᠠᠮᠰᠢᠭ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠣᠯᠠᠨ ᠡᠭᠦᠰᠳᠡᠭ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠠᠪᠤᠷᠠᠯᠳᠠ ᠶᠢᠨ ᠬᠤᠪᠴᠠᠰᠤ ᠶᠢ ᠡᠮᠦᠰᠴᠦ ᠵᠡᠭᠦᠬᠦ᠂ ᠠᠪᠤᠷᠠᠯᠳᠠ ᠶᠢᠨ ᠴᠠᠭᠠᠷᠢᠭ ᠵᠡᠷᠭᠡ ᠪᠠᠭᠠᠵᠢ ᠬᠡᠷᠡᠭᠰᠡᠯ ᠢ ᠬᠡᠷᠡᠭᠯᠡᠬᠦ ᠲᠠᠯ᠎ᠠ ᠪᠠᠷ ᠦᠵᠡᠭᠦᠯᠦᠯᠭᠡ ᠬᠢᠭᠰᠡᠨ ᠪᠥᠭᠡᠳ ᠰᠤᠷᠤᠭᠴᠢᠳ ᠢ ᠤᠷᠢᠵᠤ ᠡᠮᠦᠰᠴᠦ ᠵᠡᠭᠦᠵᠦ ᠲᠤᠷᠰᠢᠭᠤᠯᠤᠭᠰᠠᠨ ᠪᠠᠶᠢᠨ᠎ᠠ᠃
   ᠲᠤᠬᠠᠢ ᠶᠢᠨ ᠲᠠᠯᠠᠪᠠᠢ ᠳᠤ ᠪᠠᠭᠰᠢ ᠰᠤᠷᠤᠭᠴᠢᠳ ᠲᠤ ︽ᠬᠥᠮᠦᠨ ᠤ ᠬᠦᠴᠦ ᠪᠠᠷ ᠠᠮᠢᠰᠬᠤᠭᠤᠯᠬᠤ︾᠂ ︽ᠵᠢᠷᠦᠬᠡ ᠠᠭᠤᠰᠬᠢᠨ ᠤ ᠰᠡᠷᠭᠦᠭᠡᠯᠲᠡ︾ ᠵᠡᠷᠭᠡ ᠲᠦᠷᠭᠡᠨ ᠠᠪᠤᠷᠠᠯᠲᠠ ᠶᠢᠨ ᠠᠷᠭ᠎ᠠ ᠶᠢ ᠦᠵᠡᠭᠦᠯᠵᠦ᠂ ᠪᠦᠬᠦᠶᠢᠯᠡ ᠶᠠᠪᠤᠴᠠ ᠳᠤ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠤᠰᠤᠨ  ᠳᠤ ᠴᠠᠴᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ︽ᠦᠷ᠎ᠡ︾ ᠶᠢ ᠰᠤᠷᠤᠭᠴᠢᠳ ᠤᠨ ᠰᠡᠳᠬᠢᠯ ᠳᠤ ᠤᠯᠠᠮ ᠴᠢᠨᠠᠭᠰᠢᠳᠠ ᠰᠠᠴᠤᠪᠠ᠃
   ᠲᠣᠰ ᠤᠳᠠᠭᠠᠨ ᠤ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ᠂ ᠬᠠᠷᠢᠶ᠎ᠠ ᠣᠷᠣᠨ ᠤ ᠨᠠᠰᠤᠨ ᠳᠤ ᠥᠯᠥ ᠬᠦᠷᠦᠭᠰᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢ ᠡᠵᠡᠮᠰᠢᠨ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠬᠡᠦᠬᠡᠳ ᠢ ᠬᠥᠮᠦᠵᠢᠭᠦᠯᠬᠦ᠂ ᠨᠢᠭᠡ ᠬᠡᠷ ᠪᠦᠯᠢ ᠶᠢ ᠳᠠᠶᠢᠴᠢᠯᠠᠬᠤ᠂ ᠪᠦᠬᠦᠶᠢᠯᠡ ᠨᠡᠶᠢᠭᠡᠮ ᠢ ᠨᠥᠯᠥᠭᠡᠯᠡᠬᠦ ᠦᠶᠯᠡᠳᠦᠯ ᠢ ᠭᠦᠶᠴᠡᠳᠬᠡᠨ᠂ ᠨᠡᠶᠢᠭᠡᠮ ᠳᠠᠶᠠᠭᠠᠷ ᠢᠶᠠᠨ ᠭᠠᠯ ᠰᠡᠷᠭᠡᠶᠢᠯᠡᠯᠲᠡ  ᠶᠢᠨ ᠠᠮᠤᠷ ᠲᠦᠪᠰᠢᠨ ᠳᠤ ᠬᠠᠮᠲᠤᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号