ᠲᠦᠴᠢᠦᠸᠠᠨ ᠪᠠᠯᠭᠠᠰᠤ᠄ ︽ᠦᠶᠡᠷ ᠢ ᠰᠡᠷᠭᠡᠶᠢᠯᠡᠬᠦ ᠬᠥᠪᠴᠢ︾ ᠶᠢ ᠴᠠᠭ ᠢᠮᠠᠭᠲᠠ ᠴᠢᠩᠭᠠᠯᠠᠵᠤ᠂ ︽ᠠᠮᠤᠷ ᠲᠦᠪᠰᠢᠨ ᠤ ᠲᠣᠤᠷ︾ ᠢ ᠬᠦᠴᠦᠯᠡᠨ ᠨᠢᠭᠲᠠ ᠰᠦᠯᠵᠢᠨ᠎ᠡ
ᠨᠡᠶᠢᠲᠡᠯᠡᠭᠰᠡᠨ ᠴᠠᠭ᠄
2024/6/26
   ᠣᠶᠢᠷ᠎ᠠ ᠶᠢᠨ ᠡᠳᠦᠷ ᠤᠨ ᠦᠷᠭᠦᠯᠵᠢᠯᠡᠭᠰᠡᠨ ᠴᠢᠨᠠᠷᠲᠠᠶ ᠰᠢᠷᠦᠭᠦᠨ ᠪᠣᠷᠣᠭᠠᠨᠲᠤ ᠴᠠᠭ ᠠᠭᠤᠷ ᠢ ᠪᠦᠲᠦᠮᠵᠢᠲᠡᠶ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠦᠴᠢᠦᠸᠠᠨ ᠪᠠᠯᠭᠠᠰᠤ ᠵᠢᠭᠰᠠᠭᠠᠯ ᠢᠶᠠᠨ ᠴᠢᠩᠭ᠎ᠠ ᠰᠠᠬᠢᠵᠤ᠂ ᠲᠠᠷᠤᠢ ᠲᠦᠷᠭᠡᠨ ᠬᠥᠳᠡᠯᠦᠯᠴᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃
   ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠳᠡᠭᠡᠳᠦ ᠱᠠᠲᠤᠨ ᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠴᠢᠦᠸᠠᠨ ᠪᠠᠯᠭᠠᠰᠤ ᠨᠢ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ  ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ᠪᠠᠯᠭᠠᠰᠤ ᠲᠣᠰᠬᠤᠨ ᠬᠤᠶᠠᠷ ᠱᠠᠲᠤᠨ ᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠠᠪᠤᠷᠬᠠᠤ᠂ ᠠᠮᠤᠷ ᠲᠦᠪᠰᠢᠨ ᠢᠶᠠᠷ ᠰᠢᠯᠵᠢᠭᠦᠯᠬᠦ᠂ ᠵᠢᠵᠢᠭᠦᠷᠯᠡᠨ ᠰᠠᠬᠢᠬᠤ ᠵᠡᠷᠭᠡ ᠦᠶᠡᠷ ᠢ ᠰᠡᠷᠭᠡᠶᠢᠯᠡᠬᠦ ᠡᠭᠦᠷᠭᠡ ᠶᠢ ᠪᠠᠶᠢᠷᠢᠯᠠᠭᠤᠯᠪᠠ᠃
   ᠰᠡᠷᠭᠡᠶᠢᠯᠡᠬᠦ ᠶᠢ ᠨᠠᠶᠢᠳᠠᠪᠤᠷᠢᠵᠢᠭᠤᠯᠤᠨ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠰᠢᠷᠦᠭᠦᠨ ᠪᠣᠷᠣᠭᠠᠨ ᠠᠴᠠ ᠪᠣᠯᠤᠭᠰᠠᠨ ᠠᠰᠢᠭ ᠥᠬᠡᠶ ᠨᠥᠯᠥᠭᠡ ᠶᠢ ᠠᠷᠭᠠᠴᠠᠬᠤ ᠶᠢᠨ ᠲᠥᠯᠥᠭᠡ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠲᠦᠴᠢᠦᠸᠠᠨ ᠪᠠᠯᠭᠠᠰᠤ ᠺᠠᠳ᠋ᠷ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠣᠴᠢᠭᠤᠯᠵᠤ᠂ ᠲᠤᠬᠠᠶ ᠶᠢᠨ ᠲᠠᠯᠠᠪᠠᠶ ᠳᠤ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠬᠦ ᠮᠡᠳᠡᠭᠳᠡᠯ ᠢ ᠴᠠᠭ ᠲᠤᠬᠠᠶ ᠳᠤᠨᠢ ᠲᠠᠷᠬᠠᠭᠠᠵᠦ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ 42 ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠤᠰᠤᠨ ᠳᠤ ᠬᠤᠯᠪᠣᠭᠳᠠᠭᠰᠠᠨ ᠵᠠᠮ᠂ ᠡᠭᠴᠡ ᠬᠥᠲᠥᠯ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ᠂ ᠬᠤᠲᠣᠭᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠵᠢᠭᠰᠠᠭᠠᠨ ᠪᠠᠶᠢᠴᠠᠭᠠᠪᠠ᠃ ᠶᠡᠭᠡ ᠬᠠᠰᠢᠯᠭ᠎ᠠ᠂ ᠳᠠᠯᠠᠩ ᠳᠠᠬᠢ ᠡᠪᠡᠰᠦ ᠲᠦᠯᠡᠭᠡ ᠶᠢ ᠴᠠᠭ ᠲᠤᠬᠠᠶ ᠳᠤᠨᠢ ᠠᠷᠢᠯᠭᠠᠵᠤ᠂ ᠭᠤᠤᠯ ᠤᠨ ᠵᠠᠮ᠂ ᠭᠤᠯᠳᠤᠩ ᠨᠦᠬᠡ᠂ ᠤᠰᠤ ᠭᠠᠳᠠᠭᠰᠢᠯᠠᠭᠤᠯᠬᠤ ᠰᠤᠪᠠᠭ ᠵᠡᠷᠭᠡ ᠶᠢ ᠨᠡᠪᠲᠡᠷᠡᠭᠦᠯᠵᠦ᠂ 7 ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃
   ᠪᠠᠲᠤᠯᠠᠭ᠎ᠠ ᠶᠢ ᠨᠠᠢᠳᠠᠪᠤᠷᠢᠵᠢᠭᠤᠯᠬᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ᠃ ᠦᠶᠡᠷ ᠤᠨ ᠬᠤᠭᠤᠴᠠᠭᠠᠨ  ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠵᠢᠵᠢᠭᠦᠷᠯᠡᠬᠦ ᠺᠠᠳ᠋ᠷᠴᠤᠳ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ  ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠳ᠋ ᠪᠣᠳᠠᠰ ᠨᠥᠭᠡᠴᠡᠯᠡᠭᠰᠡᠨ ᠪᠠᠶᠢᠳᠠᠯ ᠢ ᠪᠠᠶᠢᠴᠠᠭᠠᠵᠤ᠂ ᠲᠡᠷᠭᠡ ᠬᠥᠰᠬᠡ ᠶᠢᠨ ᠪᠠᠶᠢᠳᠠᠯ ᠰᠠᠶᠢᠨ ᠪᠠᠶᠢᠬᠤ᠂ ᠠᠵᠢᠯᠲᠠᠨ ᠨᠢ ᠠᠵᠢᠯ ᠤᠨ ᠪᠠᠶᠢᠷᠢ ᠳᠠᠭᠠᠨ ᠪᠠᠶᠢᠬᠤ᠂ ᠡᠳ᠋ ᠪᠣᠳᠠᠰ ᠨᠥᠭᠡᠴᠡᠯᠡᠵᠦ ᠪᠠᠶᠢᠬᠤ ᠶᠢ ᠪᠠᠲᠤᠯᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠲᠦᠭᠰᠢᠭᠦᠷᠢᠲᠦ ᠪᠠᠶᠢᠳᠠᠯ ᠵᠡᠷᠭᠡ ᠶᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠲᠣᠬᠢᠲᠠᠶ ᠰᠢᠶᠳᠪᠦᠷᠢᠯᠡᠵᠦ᠂ ᠦᠶᠡᠷ ᠤᠨ ᠬᠤᠭᠤᠴᠠᠭᠠᠨ ᠤ ᠰᠡᠷᠭᠡᠶᠢᠯᠡᠯᠲᠡ  ᠶᠢᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠣᠳᠣᠬᠠᠨ ᠳᠤ᠂ ᠪᠠᠯᠭᠠᠰᠤᠨ ᠤ ᠲᠣᠰ ᠱᠠᠲᠤᠨ ᠤ ᠨᠥᠭᠡᠴᠡᠯᠡᠭᠰᠡᠨ ᠦᠶᠡᠷ ᠢ ᠰᠡᠷᠭᠡᠶᠢᠯᠡᠬᠦ ᠡᠳ᠋ ᠪᠣᠳᠠᠰ ᠲᠤ ᠠᠪᠤᠷᠠᠯᠳᠠ ᠶᠢᠨ ᠬᠤᠪᠴᠠᠰᠤ 30 ᠢᠵᠢ᠂ ᠠᠪᠤᠷᠠᠯᠳᠠ ᠶᠢᠨ ᠴᠠᠭᠠᠷᠢᠭ 30 ᠢᠵᠢ᠂ ᠦᠶᠡᠷ ᠢ ᠰᠡᠷᠭᠡᠶᠢᠯᠡᠬᠦ ᠨᠡᠬᠡᠮᠡᠯ ᠤᠨ ᠤᠭᠤᠲᠠ 5000᠂ ᠤᠰᠤᠨ ᠬᠥᠭᠡᠷᠭᠡ 4 ᠰᠠᠭᠤᠷᠢ᠂ ᠮᠣᠳᠣᠨ ᠪᠠᠭᠠᠨ᠎ᠠ 100 ᠰᠠᠭᠤᠷᠢ᠂ ᠪᠣᠷᠣᠭᠠᠨ ᠤ ᠴᠤᠪᠠ 30 ᠢᠵᠢ᠂ ᠭᠠᠷ ᠳ᠋ᠧᠩ 20 ᠰᠠᠭᠤᠷᠢ᠂ ᠶᠠᠷᠢᠯᠴᠠᠭᠤᠷ 10 ᠰᠠᠭᠤᠷᠢ ᠪᠠᠶᠢᠨ᠎ᠠ᠃    ᠰᠤᠷᠭᠠᠨ ᠬᠥᠮᠦᠵᠢᠯ ᠢ ᠨᠠᠢᠳᠠᠪᠤᠷᠢᠵᠢᠭᠤᠯᠬᠤ᠂ ᠦᠶᠡᠷ ᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠲᠦᠴᠢᠦᠸᠠᠨ ᠪᠠᠯᠭᠠᠰᠤ ᠦᠶᠡᠷ ᠤᠨ ᠬᠤᠭᠤᠴᠠᠭᠠᠨ ᠤ ᠪᠣᠷᠣᠭᠠᠨ ᠤ ᠪᠠᠶᠢᠳᠠᠯ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ᠂ ᠲᠣᠰᠬᠤᠨ ᠤ ᠱᠠᠲᠤᠨ ᠤ ᠵᠢᠷᠭᠢᠶ᠎ᠡ ᠶᠢᠨ ᠰᠦᠷᠦᠭ ᠵᠡᠷᠭᠡ ᠶᠢ ᠭᠦᠢᠴᠡᠳ ᠠᠰᠢᠭᠯᠠᠨ 7 ᠬᠤᠪᠢ ᠠᠶᠤᠯ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ᠂ ᠦᠶᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠳᠤ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠤᠬᠠᠮᠰᠠᠷ ᠪᠣᠯᠤᠨ ᠪᠡᠶ᠎ᠡ ᠪᠠᠨ ᠳᠠᠭᠠᠭᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠳᠡ 16000 ᠭᠠᠷᠤᠢ ᠬᠥᠮᠦᠨ ᠤᠳᠠᠭ᠎ᠠ ᠬᠦᠯᠢᠶᠡᠨ ᠠᠪᠴᠠᠢ᠃ ᠡᠭᠦᠨ ᠤ ᠬᠠᠮᠲᠤ᠂ ᠡᠯ᠎ᠡ ᠲᠣᠰᠬᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠳᠤ ᠪᠣᠯᠪᠠᠰᠤᠷᠠᠭᠤᠯᠤᠯ ᠬᠢᠵᠦ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠶᠢᠨ ᠵᠣᠬᠢᠶᠠᠨ ᠪᠠᠶᠢᠭᠤᠯᠬᠤ ᠴᠢᠳᠠᠪᠤᠷᠢ ᠪᠣᠯᠤᠨ ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号