ᠵᠢᠦ ᠯᠦᠩ ᠰᠢᠶᠠᠩ᠄ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠵᠠᠭᠪᠤᠷ ᠨᠢ ᠢᠯᠡᠳᠲᠡ ᠦᠷ᠎ᠡ ᠪᠦᠲᠦᠮᠵᠢ ᠣᠯᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ  ᠤ ᠰᠢᠨ᠎ᠡ ᠨᠡᠷ᠎ᠡ ᠶᠢᠨ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2024/6/27
   ᠤᠢᠢᠷ᠎ᠠ ᠶᠢᠨ ᠵᠢᠯ ᠳᠤ᠂ ᠲᠦᠴᠢᠦᠸᠠᠨ ᠰᠢᠶᠠᠨ ᠤ ᠵᠢᠦ ᠯᠦᠩ ᠰᠢᠶᠠᠩ ᠲᠠᠷᠢᠶᠠᠨ ᠡᠮ ᠤᠨ ᠪᠣᠭᠤᠳᠠᠯ ᠪᠠᠭᠯᠠᠭ᠎ᠠ  ᠶᠢᠨ 80 ᠭᠠᠷᠤᠢ ᠲᠣᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠬᠠᠷ᠎ᠠ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠬᠥᠨᠥᠭᠡᠯ ᠤᠨ ᠬᠤᠭ ᠨᠣᠪᠰᠢ ᠶᠢᠨ ᠡᠬᠢ ᠰᠤᠷᠪᠤᠯᠵᠢ ᠶᠢᠨ ᠪᠣᠬᠢᠷᠲᠤᠯ ᠢ ᠪᠠᠭᠠᠰᠬᠠᠵᠠᠢ᠃    ᠲᠠᠷᠢᠶᠠᠯᠠᠩ ᠤᠨ ᠦᠢᠯᠡᠳᠪᠦᠷᠢᠯᠡᠯ ᠳᠤᠮᠳᠠ᠂ ᠲᠠᠷᠢᠶᠠᠴᠢᠨ ᠬᠡᠷᠡᠭᠯᠡᠵᠦ ᠥᠩᠭᠡᠷᠡᠭᠰᠡᠨ ᠲᠠᠷᠢᠶᠠᠨ ᠡᠮ ᠤᠨ ᠯᠣᠩᠬᠤ ᠪᠠᠨ ᠶᠡᠷᠦ ᠨᠢ ᠭᠠᠷ ᠤᠨ ᠠᠶ᠎ᠠ ᠪᠠᠷ ᠬᠠᠶᠠᠵᠤ᠂ ᠬᠥᠳᠡᠭᠡ ᠲᠣᠰᠬᠤᠨ ᠳᠤ ᠬᠠᠶᠠᠭᠳᠠᠭᠰᠠᠨ ᠲᠠᠷᠢᠶᠠᠨ ᠡᠮ  ᠤᠨ ᠯᠣᠩᠬᠤ᠂ ᠲᠠᠷᠢᠶᠠᠨ ᠡᠮ ᠤᠨ ᠤᠭᠤᠲᠠ ᠭᠠᠵᠠᠷ ᠰᠠᠢ ᠦᠭᠡᠢ ᠬᠠᠷᠠᠭᠳᠠᠳᠠᠭ᠃ ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠪᠠᠭᠯᠠᠭ᠎ᠠ ᠨᠢ ᠡᠩ ᠤᠨ ᠬᠠᠶᠠᠭᠳᠠᠮᠠᠯ ᠪᠣᠳᠠᠰ ᠪᠢᠰᠢ᠂ ᠬᠠᠷᠢᠨ ᠬᠤᠣᠷᠲᠠᠢ ᠬᠥᠨᠥᠭᠡᠯᠲᠡᠶ ᠪᠣᠳᠠᠰ ᠪᠣᠯᠤᠨ᠎ᠠ᠂ ᠪᠣᠷᠣᠭᠠᠨ ᠤ ᠤᠰᠤᠨ ᠳᠤ ᠢᠳᠡᠭᠳᠡᠬᠦ ᠪᠤᠶᠤ ᠬᠡᠳᠦ ᠡᠭᠡᠭᠡᠭᠰᠡᠨ ᠤ ᠳᠠᠷᠠᠭ᠎ᠠ᠂ ᠦᠯᠡᠳᠡᠭᠳᠡᠯ ᠲᠠᠷᠢᠶᠠᠨ ᠡᠮ ᠨᠢ ᠬᠥᠷᠥᠰᠥ ᠰᠢᠷᠣᠶ᠂ ᠭᠤᠤ ᠰᠤᠪᠠᠭ ᠲᠤ ᠨᠡᠪᠴᠢᠨ ᠣᠷᠣᠵᠤ᠂ ᠬᠥᠷᠥᠰᠥ ᠰᠢᠷᠣᠶ ᠪᠣᠯᠤᠨ ᠭᠠᠵᠠᠷ ᠤᠨ ᠭᠠᠳᠠᠷᠭᠤ ᠶᠢᠨ ᠤᠰᠤ ᠶᠢ ᠬᠦᠨᠳᠦ ᠨᠣᠴᠢᠲᠠᠶ ᠪᠣᠬᠢᠷᠲᠤᠭᠤᠯᠳᠠᠭ᠃    ᠵᠢᠤ ᠯᠦᠩ ᠰᠢᠶᠠᠩ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠦᠷᠳᠡᠭᠡ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠪᠠᠶᠢᠭᠠᠳ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ᠂ ᠰᠢᠯᠵᠢᠭᠦᠯᠦᠨ ᠲᠡᠭᠡᠭᠡᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ ᠵᠢᠴᠢ ᠠᠶᠤᠯᠭᠦᠢ ᠶᠢᠨ ᠮᠡᠷᠭᠡᠵᠢᠯ ᠤᠨ ᠵᠢᠯᠤᠭᠤᠳᠤᠯᠭ᠎ᠠ ᠬᠢᠨ᠎ᠠ᠃ ᠡᠯ᠎ᠡ ᠲᠤᠰᠬᠤᠨ ᠤ ᠶᠡᠭᠡ ᠬᠦᠷᠢᠶᠡᠨ ᠳᠤ ᠲᠠᠷᠢᠶᠠᠨ ᠡᠮ ᠤᠨ ᠪᠠᠭᠯᠠᠭ᠎ᠠ  ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠥᠷᠲᠡᠭᠡ ᠪᠠᠶᠢᠭᠤᠯᠵᠤ᠂ ᠥᠷᠭᠡᠨ ᠣᠯᠠᠨ ᠲᠠᠷᠢᠶᠠᠴᠢᠨ ᠢ ᠲᠠᠷᠢᠶᠠᠨ ᠡᠮ ᠤᠨ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠣᠰᠬᠤᠨ ᠳᠤ ᠬᠦᠷᠭᠡᠵᠦ᠂ ᠳᠠᠬᠢᠨ ᠭᠠᠴᠠᠭᠠᠨ ᠠᠴᠠ ᠰᠢᠶᠠᠩ ᠤᠨ ᠬᠤᠷᠢᠶᠠᠨ ᠠᠪᠬᠤ ᠴᠡᠭ ᠲᠤ ᠬᠦᠷᠭᠡᠵᠦ᠂ ᠬᠠᠮᠤᠭ ᠰᠡᠭᠦᠯ ᠳᠤ ᠰᠢᠶᠠᠩ ᠤᠨ ᠲᠠᠷᠢᠶᠠᠯᠠᠩ ᠤᠨ ᠰᠢᠨᠵᠢᠯᠡᠬᠦ ᠤᠬᠠᠭᠠᠨ  ᠤ ᠥᠷᠲᠡᠭᠡ ᠠᠴᠠ ᠰᠢᠶᠠᠨ ᠤ ᠬᠤᠭ ᠨᠣᠪᠰᠢ ᠰᠢᠢᠳᠪᠦᠷᠢᠯᠡᠬᠦ ᠲᠠᠯᠠᠪᠠᠢ ᠳᠤ ᠨᠢᠭᠡᠳᠦᠯᠲᠡᠢ ᠵᠥᠭᠡᠭᠡᠪᠦᠷᠢᠯᠡᠨ ᠠᠪᠠᠴᠢᠵᠤ
ᠬᠤᠣᠷ ᠦᠭᠡᠶᠢᠵᠢᠬᠦᠯᠦᠨ ᠰᠢᠢᠳᠪᠦᠷ᠊ᠵᠯᠡᠬᠦ ᠶᠢ ᠤᠷᠢᠶᠠᠯᠠᠪᠠ᠃
   ᠡᠯ᠎ᠡ ᠲᠣᠰᠬᠤᠨ ᠨᠢ ᠪᠠᠰᠠ ᠲᠣᠰ ᠲᠣᠰᠬᠤᠨ ᠤ ᠬᠠᠮᠲᠤ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠭ ᠨᠣᠪᠰᠢ ᠰᠣᠯᠢᠬᠤ ᠬᠡᠲᠦ ᠳᠡᠯᠭᠡᠭᠦᠷ ᠪᠠᠶᠢᠭᠤᠯᠵᠤ᠂ ᠨᠢᠭᠡ ᠵᠦᠶᠯ ᠤᠨ ︽ᠲᠣᠰᠬᠤᠨ ᠤ ᠠᠷᠠᠳ ᠢ ᠴᠤᠭᠯᠠᠭᠤᠯᠵᠤ ᠲᠥᠷᠥᠯ ᠬᠤᠪᠢᠶᠠᠬᠤ᠂ ᠲᠣᠭᠲᠠᠭᠰᠠᠨ ᠭᠠᠵᠠᠷ ᠲᠤ ᠲᠠᠸᠠᠷ ᠰᠣᠯᠢᠬᠤ︾ ᠬᠤᠭ ᠨᠣᠪᠰᠢ ᠡᠭᠡᠭᠦᠯᠦᠨ ᠬᠤᠷᠢᠶᠠᠵᠤ ᠰᠢᠶᠳᠪᠦᠷᠢᠯᠡᠬᠦ ᠵᠠᠭᠪᠤᠷ ᠢ ᠪᠠᠶᠢᠭᠤᠯᠵᠤ᠂ ᠲᠣᠰᠬᠤᠨ ᠤ ᠠᠷᠠᠳ ᠤᠨ ᠰᠠᠨᠠᠭᠠᠴᠢᠯᠠᠭ᠎ᠠ ᠠᠴᠠ ᠪᠠᠨ ᠲᠠᠷᠢᠶᠠᠯᠠᠩ ᠤᠨ ᠬᠤᠤᠷᠲᠠᠶ ᠬᠤᠭ ᠨᠣᠪᠰᠢ ᠡᠭᠡᠭᠦᠯᠦᠨ ᠬᠤᠷᠢᠶᠠᠬᠤ ᠳᠤ ᠣᠷᠣᠯᠴᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ ᠰᠢᠨ ᠹᠧᠩ ᠲᠣᠰᠬᠤᠨ ᠤ ᠠᠷᠠᠳ ᠸᠠᠩ ᠶᠢᠩ ᠺᠦᠨ ᠪᠣᠯ ᠬᠤᠭ ᠨᠣᠪᠰᠢ ᠰᠣᠯᠢᠬᠤ ᠬᠠᠮ ᠳᠡᠯᠭᠡᠭᠦᠷ ᠤᠨ ︽ᠪᠠᠶᠢᠩᠭᠤ ᠶᠢᠨ ᠵᠣᠴᠢᠨ︾ ᠪᠣᠯᠤᠨ᠎ᠠ᠂ ᠲᠡᠷᠡ ᠶᠡᠷᠦ ᠨᠢ ᠴᠤᠭᠯᠠᠭᠤᠯᠤᠭᠰᠠᠨ ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠬᠤᠭ ᠨᠣᠪᠰᠢ ᠶᠢ ᠬᠠᠮ ᠳᠡᠯᠭᠡᠭᠦᠷ ᠲᠤ ᠬᠦᠷᠭᠡᠵᠦ ᠥᠭᠳᠡᠭ᠂ ᠲᠡᠷᠡ ᠄ ︽ᠥᠩᠭᠡᠷᠡᠭᠰᠡᠨ ᠳᠤ ᠬᠤᠭ ᠨᠣᠪᠰᠢ ᠪᠠᠨ ᠭᠠᠷ ᠤᠨ ᠠᠶ᠎ᠠ ᠪᠠᠷ ᠬᠠᠶᠠᠵᠤ ᠪᠠᠶᠢᠵᠠᠢ᠂ ᠤᠳᠤ ᠪᠢ ᠬᠤᠭ ᠨᠣᠪᠰᠢ  ᠪᠠᠷ ᠵᠢᠶᠠᠩᠶ᠋ᠢᠦ᠂ ᠼᠤᠤ᠂ ᠤᠬᠢᠶᠠᠯᠭ᠎ᠠ ᠶᠢᠨ ᠡᠳ᠋ ᠢ ᠰᠣᠯᠢᠵᠤ᠂ ᠮᠠᠰᠢ ᠪᠠᠶᠠᠷᠲᠠᠢ ᠪᠠᠶᠢᠨ᠎ᠠ︕︾ ᠭᠡᠨ᠎ᠡ᠃
   ᠣᠳᠣᠬᠠᠨ ᠳᠤ᠂ ᠲᠠᠷᠢᠶᠠᠴᠢᠳ ᠲᠠᠷᠢᠶᠠᠨ ᠳᠠᠬᠢ ᠡᠮ ᠤᠨ ᠯᠣᠩᠬᠤ᠂ ᠡᠮ ᠤᠨ ᠤᠭᠤᠲᠠ ᠶᠢ ᠪᠦᠬᠦᠨ ᠢ ︽ᠭᠠᠷ  ᠤᠨ ᠠᠶ᠎ᠠ ᠪᠠᠷ︾ ᠬᠤᠷᠢᠶᠠᠨ ᠠᠪᠴᠢᠷᠠᠵᠤ᠂ ᠴᠠᠭ ᠲᠤᠬᠠᠢ ᠳᠤᠨᠢ ᠬᠡᠳᠦ ᠳᠡᠯᠭᠡᠭᠦᠷ ᠲᠤ ᠬᠦᠷᠴᠦ ᠠᠮᠢᠳᠤᠷᠠᠯ ᠤᠨ ᠬᠡᠷᠡᠭᠰᠡᠯ ᠢᠶᠠᠨ ᠰᠣᠯᠢᠬᠤ ᠳᠤᠷᠠᠲᠠᠢ ᠪᠠᠶᠢᠨ᠎ᠠ᠃ ᠠᠯᠤᠰ ᠢ ᠪᠠᠷᠠᠯᠠᠬᠤᠶ᠎ᠠ᠂ ᠲᠠᠷᠢᠶᠠᠨ ᠤ ᠬᠦᠪᠡᠭᠡ ᠵᠠᠬ᠎ᠠ ᠳᠤ ᠬᠠᠶᠠᠭᠳᠠᠭᠰᠠᠨ ᠡᠮ ᠤᠨ ᠯᠣᠩᠬᠤ ᠪᠠ ᠡᠮ ᠤᠨ ᠤᠭᠤᠲᠠ ᠶᠢ ᠳᠠᠬᠢᠨ ᠣᠯᠵᠤ ᠦᠵᠡᠬᠦᠶ᠎ᠡ ᠪᠡᠷᠬᠡ ᠪᠠᠶᠢᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠪᠠ᠃    ᠲᠠᠷᠢᠶᠠᠴᠢᠨ ᠢ ᠪᠠᠶᠠᠵᠢᠭᠤᠯᠬᠤ ᠬᠡᠷᠡᠭᠲᠡᠶ᠂ ᠬᠥᠳᠡᠭᠡ ᠲᠣᠰᠬᠤᠨ ᠢ ᠭᠤᠶᠤ ᠪᠣᠯᠭᠠᠬᠤ ᠬᠡᠷᠡᠭᠲᠡᠶ᠃ ᠲᠠᠷᠢᠶᠠᠨ ᠡᠮ  ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢᠨ ᠵᠠᠩᠭᠢᠯᠠᠭ᠎ᠠ ᠨᠢ ᠪᠣᠳᠠᠲᠤ ᠪᠠᠶᠢᠳᠠᠯ  ᠲᠠᠢ ᠤᠶᠠᠯᠳᠤᠭᠤᠯᠤᠭᠰᠠᠨ ᠡᠰᠡᠬᠦ᠂ ᠠᠷᠠᠳ ᠤᠨ ᠰᠠᠨᠠᠭ᠎ᠠ ᠲᠠᠢ ᠨᠡᠶᠢᠴᠡᠭᠦᠯᠦᠭᠰᠡᠨ ᠡᠰᠡᠬᠦ᠂ ᠣᠯᠠᠨ ᠲᠦᠮᠡᠨ ᠢ ︽ᠭᠤᠤᠯ ᠲᠣᠭᠯᠠᠭᠴᠢ︾ ᠪᠣᠯᠭᠠᠭᠰᠠᠨ ᠡᠰᠡᠬᠦ ᠳᠤ ᠪᠠᠶᠢᠨ᠎ᠠ᠃ ᠭᠠᠭᠴᠠ ᠬᠦ ︽ᠬᠤᠷᠢᠶᠠᠬᠤ︾ ᠨᠢ ᠪᠣᠳᠠᠲᠤ ᠦᠷ᠎ᠡ ᠪᠦᠲᠦᠮᠵᠢ ᠭᠠᠷᠭᠠᠪᠠᠯ᠂ ᠬᠥᠮᠦᠰ ᠤᠨ ᠰᠡᠳᠬᠢᠯ ᠢ ᠣᠯᠵᠤ᠂ ᠲᠠᠷᠢᠶᠠᠯᠠᠩ ᠤᠨ ᠬᠥᠨᠥᠭᠡᠯ ᠬᠤᠭ ᠨᠣᠪᠰᠢ ᠶᠢ ᠵᠠᠰᠠᠬᠤ ᠵᠠᠮ ᠰᠠᠶ᠋ᠢ ᠶᠠᠪᠤᠬᠤ ᠲᠤᠳᠤᠮ ᠰᠠᠭᠠᠳ ᠦᠭᠡᠢ ᠨᠡᠪᠳᠡᠷᠡᠵᠤ ᠴᠢᠳᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号