ᠲᠦᠴᠢᠦᠸᠠᠨ ᠰᠢᠶᠠᠨ ᠤ ᠬᠤᠲᠠ ᠶᠢᠨ ᠴᠢᠬᠢ ᠮᠣᠳᠣ ᠪᠣᠶᠢᠵᠢᠭᠤᠯᠬᠤ ᠬᠦᠷᠢᠶᠡᠯᠡᠩ ᠢ ᠠᠷᠠᠴᠢᠯᠠᠵᠦ ᠶᠠᠭᠠᠷᠠᠨ᠎ᠠ
ᠨᠡᠶᠢᠲᠡᠯᠡᠭᠰᠡᠨ ᠴᠠᠭ᠄
2024/6/27
   ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠴᠢᠬᠢ ᠮᠣᠳᠣ ᠶᠢᠨ ᠡᠷᠡᠭᠦᠯ ᠢᠶᠠᠷ ᠦᠰᠦᠨ ᠪᠣᠶᠢᠵᠢᠬᠤ  ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠡᠷᠲᠡ ᠪᠠᠶᠢᠷᠢᠯᠠᠭᠤᠯᠬᠤ᠂ ᠡᠷᠲᠡ ᠬᠥᠳᠡᠯᠦᠯᠴᠡᠬᠦ᠂ ᠡᠷᠲᠡ ᠨᠠᠶᠢᠳᠠᠪᠤᠷᠢᠵᠢᠭᠤᠯᠬᠤ ᠪᠠᠷ ᠵᠠᠷᠴᠢᠮ ᠪᠣᠯᠭᠠᠵᠤ᠂ ᠬᠤᠲᠠ ᠶᠢᠨ ᠴᠢᠬᠢ ᠮᠣᠳᠣ ᠪᠣᠶᠢᠵᠢᠭᠤᠯᠬᠤ ᠬᠦᠷᠢᠶᠡᠯᠡᠩ ᠤᠨ ᠵᠣᠨ ᠤ ᠤᠯᠠᠷᠢᠯ ᠤᠨ ᠴᠢᠬᠢ ᠮᠣᠳᠣ ᠠᠷᠠᠴᠢᠯᠠᠨ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃    ᠤᠢᠢᠷ᠎ᠡ ᠶᠢᠨ ᠡᠳᠦᠷ᠂ ᠲᠦᠴᠢᠦᠸᠠᠨ ᠰᠢᠶᠠᠨ ᠤ ᠬᠤᠳᠠ ᠶᠢᠨ ᠴᠢᠬᠢ ᠮᠣᠳᠣᠨ ᠤ ᠬᠦᠷᠢᠶᠡᠯᠡᠩ ᠳᠤ ᠬᠦᠷᠬᠦ ᠳᠤ ᠂ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠣᠪᠴᠢᠶᠠᠨ ᠤ ᠴᠡᠴᠡᠷᠯᠢᠭ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠠᠴᠠ ᠠᠵᠢᠯᠴᠢᠳ ᠢ ᠵᠣᠬᠢᠶᠠᠨ ᠪᠠᠶᠢᠭᠤᠯᠤᠨ ᠡᠮᠬᠢ ᠳᠢᠭᠯᠢᠮ ᠲᠠᠢ ᠠᠵᠢᠯᠯᠠᠵᠤ᠂ ᠬᠠᠮᠵᠢᠯᠴᠠᠨ ᠠᠵᠢᠯᠯᠠᠵᠤ᠂ ᠡᠮ ᠴᠣᠬᠢᠬᠤ᠂ ᠨᠠᠬᠢᠶ᠎ᠠ ᠠᠪᠬᠤ᠂ ᠡᠪᠡᠰᠦ ᠠᠷᠢᠯᠭᠠᠬᠤ ᠵᠡᠷᠭᠡ ᠠᠷᠠᠴᠢᠯᠠᠨ ᠬᠠᠮᠢᠶᠠᠷᠬᠤ ᠠᠵᠢᠯ ᠢ ᠵᠡᠷᠭᠡ ᠪᠠᠷ ᠶᠠᠪᠤᠭᠳᠠᠭᠤᠯᠵᠤ᠂ ᠲᠤᠬᠠᠢ ᠶᠢᠨ ᠲᠠᠯᠠᠪᠠᠢ  ᠳᠤ ᠶᠠᠭᠠᠷᠠᠯᠲᠠᠢ ᠠᠵᠢᠯᠯᠠᠵᠤ ᠪᠠᠶᠢᠯ᠎ᠠ᠃  
   ︽ᠣᠳᠣᠬᠠᠨ ᠤ ᠡᠳᠦᠷ ᠪᠦᠷᠢ ᠶᠢᠨ ᠠᠵᠢᠯ ᠪᠣᠯ ᠳᠠᠷᠤᠶ ᠵᠤᠯᠵᠠᠭ᠎ᠠ ᠮᠣᠳᠣᠨ ᠤ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠵᠤᠯᠵᠠᠭ᠎ᠠ ᠮᠣᠳᠣᠨ ᠤ ᠨᠠᠬᠢᠶ᠎ᠠ᠂ ᠡᠪᠡᠰᠦ ᠶᠢ ᠴᠠᠭ ᠲᠤᠬᠠᠶ ᠳᠤᠨᠢ ᠠᠷᠴᠢᠵᠤ ᠥᠭᠬᠦ ᠶᠠᠪᠤᠳᠠᠯ ᠪᠣᠯᠤᠨ᠎ᠠ᠃ ᠪᠠᠰᠠ ᠴᠠᠭ ᠲᠤᠬᠠᠶ ᠳᠤᠨᠢ ᠳᠤᠯᠠᠭᠠᠨ ᠤ ᠬᠡᠮᠵᠢᠶ᠎ᠡ ᠶᠢ ᠠᠵᠢᠭᠯᠠᠨ᠎ᠠ᠂ ᠬᠡᠷᠪᠡ ᠳᠤᠯᠠᠭᠠᠨ ᠤ ᠬᠡᠮᠵᠢᠶ᠎ᠡ ᠥᠨᠳᠥᠷ ᠪᠣᠯ ᠪᠢᠳᠡ ᠬᠥᠮᠦᠨ ᠤ ᠬᠦᠴᠦ ᠪᠠᠷ ᠤᠰᠤ ᠰᠠᠴᠤᠵᠤ ᠳᠤᠯᠠᠭᠠᠨ ᠤ ᠬᠡᠮᠵᠢᠶ᠎ᠡ ᠶᠢ ᠪᠠᠭᠤᠷᠠᠭᠤᠯᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠪᠠᠲᠤᠯᠠᠨ᠎ᠠ᠃︾ ᠭᠡᠵᠦ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠤᠨ ᠠᠵᠢᠯᠲᠠᠨ ᠸᠠᠩ ᠵᠥᠩ ᠪᠤᠤ ᠬᠡᠯᠡᠪᠡ᠃    ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠨᠣᠭᠤᠭᠠᠷᠠᠭᠤᠯᠤᠯᠲᠠ  ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠲᠠᠯ᠎ᠠ ᠳᠠᠬᠢ ᠨᠡᠭᠡᠭᠡᠨ ᠠᠰᠢᠭᠯᠠᠭᠠᠳᠤᠶ ᠬᠤᠭᠤᠰᠤᠨ ᠭᠠᠵᠠᠷ ᠢᠶᠠᠷ ᠴᠢᠬᠢ ᠮᠣᠳᠣ ᠨᠥᠭᠡᠴᠡᠯᠡᠬᠦ ᠠᠵᠢᠯ ᠢ ᠥᠷᠨᠢᠭᠦᠯᠬᠦ ᠳᠤ ᠬᠡᠷᠡᠭᠯᠡᠵᠦ᠂ ᠣᠬᠤᠷ ᠬᠤᠭᠤᠴᠠᠭᠠᠨ ᠳᠤ ᠲᠦᠷᠭᠡᠨ ᠨᠣᠭᠤᠭᠠᠷᠠᠭᠤᠯᠬᠤ ᠪᠠ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠵᠦ᠂ ᠬᠤᠲᠠ ᠶᠢᠨ ᠴᠢᠬᠢ ᠮᠣᠳᠣᠨ ᠤ ᠬᠦᠷᠢᠶᠡᠯᠡᠩ ᠢ ᠴᠢᠨᠠᠷ ᠰᠠᠶᠢᠲᠠᠶ ᠪᠠᠶᠢᠭᠤᠯᠪᠠ᠃ ᠴᠢᠬᠢ ᠪᠣᠶᠢᠵᠢᠭᠤᠯᠬᠤ ᠳᠤ ᠦᠷ᠎ᠡ ᠰᠣᠩᠭᠤᠬᠤ ᠳᠠᠭᠠᠨ ᠭᠤᠷᠪᠠᠨ ᠵᠢᠯ ᠳᠤ ᠵᠢᠵᠢᠭ ᠲᠤᠷᠤᠭ ᠮᠣᠳᠣ᠂ ᠴᠡᠴᠡᠭ ᠤᠨ ᠪᠣᠳᠠ ᠮᠣᠳᠣ ᠭᠤᠤᠯᠯᠠᠵᠤ᠂ ᠥᠩᠭᠡᠲᠦ ᠨᠠᠪᠴᠢᠨ ᠤ ᠲᠥᠷᠥᠯ᠂ ᠵᠢᠮᠢᠰ ᠤᠨ ᠲᠥᠷᠥᠯ ᠢᠶᠠᠷ ᠭᠤᠤᠯ ᠪᠣᠯᠭᠠᠨ᠂ ᠠᠮᠢ ᠠᠬᠤᠶ ᠶᠢᠨ ᠴᠢᠨᠠᠷ᠂ ᠦᠵᠡᠮᠦᠷᠢ ᠶᠢᠨ ᠴᠢᠨᠠᠷ᠂ ᠵᠣᠬᠢᠴᠠᠬᠤ ᠴᠢᠨᠠᠷ ᠢ ᠬᠠᠮᠲᠤ ᠳᠤᠨᠢ ᠬᠠᠷᠠᠭᠠᠯᠵᠠᠨ᠎ᠠ ᠃ ᠡᠭᠦᠨ ᠤ ᠬᠠᠮᠲᠤ᠂ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠠᠴᠠ ᠴᠢᠬᠢ ᠮᠣᠳᠣᠨ ᠤ ᠤᠷᠭᠤᠯᠲᠠ ᠶᠢᠨ ᠵᠢᠮ᠎ᠡ ᠶᠣᠰᠣ ᠪᠠ ᠴᠠᠭ ᠠᠭᠤᠷ ᠤᠨ ᠪᠠᠶᠢᠳᠠᠯ ᠢ ᠦᠨᠳᠦᠰᠦᠯᠡᠨ᠂ ᠠᠵᠢᠯᠯᠠᠭᠤᠯᠵᠤ ᠬᠠᠮᠠᠭᠠᠯᠠᠬᠤ ᠬᠦᠴᠦᠨ ᠢ ᠦᠷᠭᠦᠯᠵᠢᠯᠡᠨ ᠣᠷᠣᠭᠤᠯᠵᠤ᠂ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠣᠭᠤᠭᠠᠷᠠᠭᠤᠯᠤᠯᠲᠠ ᠶᠢᠨ ᠴᠢᠬᠢ ᠮᠣᠳᠣᠨ ᠤ ᠤᠷᠭᠤᠯᠲᠠ ᠪᠠ ᠨᠣᠭᠤᠭᠠᠨ ᠬᠥᠷᠥᠰᠥ ᠶᠢᠨ ᠪᠦᠬᠦᠯᠢ ᠴᠣᠭᠴᠠ ᠶᠢᠨ ᠰᠡᠷᠡᠯ ᠤᠨ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
   ᠬᠤᠲᠠ ᠶᠢᠨ ᠵᠤᠯᠵᠠᠭ᠎ᠠ ᠮᠣᠳᠣᠨ ᠤ ᠬᠦᠷᠢᠶᠡᠯᠡᠩ ᠨᠢ ᠰᠢᠶᠠᠨ ᠤ ᠳᠣᠲᠣᠷᠠᠬᠢ ᠨᠣᠭᠤᠭᠠᠷᠠᠭᠤᠯᠤᠯᠲᠠ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠠᠷᠪᠢᠯᠠᠬᠤ ᠪᠠᠷ ᠪᠠᠷᠠᠬᠤ ᠦᠭᠡᠶ᠂ ᠪᠠᠰᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠣᠳᠣᠬᠢ ᠪᠠᠶᠢᠳᠠᠯ ᠢ ᠰᠠᠶᠢᠵᠢᠷᠠᠭᠤᠯᠵᠤ᠂ ᠭᠠᠵᠠᠷ ᠰᠢᠷᠣᠶ ᠶᠢᠨ ᠠᠰᠢᠭᠯᠠᠯᠲᠠ  ᠶᠢᠨ ᠨᠣᠷᠮ᠎ᠠ ᠶᠢ ᠳᠡᠭᠡᠭᠰᠢᠯᠡᠭᠦᠯᠵᠦ᠂ ᠲᠦᠴᠢᠦᠸᠠᠨ ᠰᠢᠶᠠᠨ ᠤ ᠠᠷᠠᠳ ᠲᠦᠮᠡᠨ ᠳᠤ ᠨᠡᠩ ᠭᠤᠶᠣ ᠰᠠᠶᠢᠬᠠᠨ᠂ ᠡᠶ᠎ᠡ ᠵᠣᠬᠢᠴᠠᠯ ᠲᠠᠢ᠂ ᠲᠠᠭᠠᠯᠠᠮᠵᠢᠲᠠᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠪᠣᠯᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠪᠣᠯᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠡᠴᠡᠷᠯᠢᠭ ᠤᠨ ᠬᠦᠴᠦᠨ ᠴᠢᠳᠠᠯ ᠢᠶᠠᠨ ᠢᠳᠡᠪᠬᠢᠲᠡᠶ ᠡᠷᠭᠦᠵᠦ ᠪᠣᠯᠤᠨ᠎ᠠ᠃
   ︽ᠴᠢᠬᠢ ᠮᠣᠳᠣᠨ ᠤ ᠬᠦᠷᠢᠶᠡᠯᠡᠩ ᠤᠨ ᠡᠵᠡᠯᠡᠬᠦ ᠲᠠᠯᠠᠪᠠᠶ 59 ᠮᠥ ᠪᠠᠶᠢᠵᠤ᠂ ᠨᠡᠶᠢᠲᠡ 35000 ᠰᠠᠭᠤᠷᠢ ᠴᠢᠬᠢ ᠮᠣᠳᠣ ᠪᠣᠶᠢᠵᠢᠭᠤᠯᠤᠨ᠎ᠠ᠃ ᠴᠢᠬᠢ ᠪᠣᠶᠢᠵᠢᠭᠤᠯᠬᠤ ᠳᠤ ᠭᠤᠤᠯᠳᠠᠭᠤ ᠥᠩᠭᠡᠲᠦ ᠨᠠᠪᠴᠢ ᠰᠣᠩᠭᠤᠨ᠎ᠠ᠂ ᠳᠣᠭᠰᠢᠨ ᠠᠳᠤᠭᠤᠨ ᠭᠤᠤᠯᠲᠤ ᠪᠣᠷᠣ᠂ ᠤᠮᠠᠷᠠᠲᠤ ᠠᠮᠧᠷᠢᠺᠠ ᠶᠢᠨ ᠤᠯᠠᠭᠠᠨ ᠪᠠᠲᠤᠴᠠᠭᠠᠨ᠂ ᠠᠯᠲᠠᠨ ᠨᠠᠪᠴᠢᠲᠤ ᠬᠠᠶᠢᠯᠠᠰᠤ᠂ ᠰᠢᠬᠢᠷᠲᠦ ᠪᠠᠲᠤᠴᠠᠭᠠᠨ ᠵᠡᠷᠭᠡ 10 ᠭᠠᠷᠤᠶ ᠲᠥᠷᠥᠯ ᠵᠦᠶᠯ ᠪᠠᠶᠢᠨ᠎ᠠ᠃ ᠬᠤᠵᠢᠮ ᠮᠠᠨ ᠤ ᠴᠢᠬᠢ ᠮᠣᠳᠣᠨ ᠤ ᠬᠦᠷᠢᠶᠡᠯᠡᠩ ᠢ ᠭᠤᠤᠯᠳᠠᠭᠤ ᠬᠤᠲᠠ ᠶᠢᠨ ᠲᠣᠭᠤᠷᠢᠭ ᠤᠨ ᠴᠢᠬᠢ ᠮᠣᠳᠣ ᠶᠢ ᠨᠥᠬᠦᠵᠦ ᠵᠠᠶᠢᠯᠠᠬᠤ ᠪᠠ ᠰᠢᠯᠵᠢᠭᠦᠯᠦᠨ ᠵᠠᠶᠢᠯᠠᠬᠤ ᠳᠤ ᠬᠡᠷᠡᠭᠯᠡᠵᠦ᠂ ᠬᠤᠲᠠ ᠶᠢᠨ ᠲᠣᠭᠤᠷᠢᠭ ᠤᠨ ᠴᠢᠬᠢ ᠮᠣᠳᠣ ᠬᠤᠳᠠᠯᠳᠤᠨ ᠠᠪᠬᠤ ᠥᠪᠡᠷ  ᠤᠨ ᠥᠷᠲᠡᠭ ᠢ ᠶᠡᠭᠡ ᠪᠠᠷ ᠠᠷᠪᠢᠯᠠᠬᠤ ᠶᠢᠨ ᠬᠠᠮᠲᠤ ᠪᠠᠰᠠ ᠬᠤᠲᠠ ᠶᠢᠨ ᠪᠣᠬᠢᠷᠲᠤᠯ ᠥᠬᠡᠶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠮᠠᠰᠢ ᠢᠯᠡᠷᠬᠡᠶ ᠨᠡᠶᠢᠭᠡᠮ ᠤᠨ ᠦᠷ᠎ᠡ ᠠᠰᠢᠭ ᠢ ᠠᠪᠴᠢᠷᠠᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠡᠴᠡᠷᠯᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠤᠨ ᠡᠷᠬᠢᠯᠡᠭᠴᠢ ᠼᠦᠢ ᠬᠤᠩ ᠹᠦ᠋ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号