ᠰᠠᠶᠢᠨ ᠰᠠᠶᠢᠬᠠᠨ ᠢ ᠦᠯᠡᠳᠡᠭᠡᠵᠦ ᠬᠦᠰᠡᠯ ᠵᠡᠭᠦᠳᠦ ᠪᠠᠨ ᠬᠦᠭᠡᠭᠡᠴᠡᠯᠳᠦᠨ᠎ᠡ
ᠨᠡᠶᠢᠲᠡᠯᠡᠭᠰᠡᠨ ᠴᠠᠭ᠄
2024/6/27
   ᠰᠤᠷᠭᠠᠭᠤᠯᠢ ᠲᠡᠭᠦᠰᠬᠦ᠂ ᠬᠥᠮᠦᠨ ᠢ ᠰᠡᠳᠬᠢᠯ ᠬᠥᠳᠡᠯᠭᠡᠮ᠎ᠡ ᠦᠭᠡ ᠬᠡᠯᠡ᠂ ᠬᠠᠶᠢᠷ᠎ᠠ᠂ ᠦᠰᠦᠨ ᠪᠣᠶᠢᠵᠢᠯᠲᠠ᠂ ᠠᠴᠢ ᠳᠤ ᠲᠠᠯᠠᠷᠬᠠᠬᠤ᠂ ᠰᠠᠯᠵᠤ ᠶᠠᠳᠠᠬᠤ᠂ ᠬᠦᠰᠡᠯ ᠡᠷᠡᠮᠡᠯᠵᠡᠯ ᠨᠢᠭᠡ ᠳᠣᠣᠷ᠎ᠠ ᠴᠤᠭᠯᠠᠷᠠᠨ᠎ᠠ᠂ ᠲᠡᠷᠡ ᠨᠢ ᠬᠦᠮᠦᠨ ᠪᠣᠯᠭᠠᠨ ᠳᠤ ᠡᠷᠭᠢᠴᠡᠭᠦᠯᠦᠭᠳᠡᠨ᠎ᠡ᠃ ᠲᠡᠭᠦᠰᠬᠦ ᠤᠯᠠᠷᠢᠯ ᠳᠤ᠂ ᠪᠢᠳᠠ ᠬᠠᠮᠲᠤ ᠪᠠᠷ ᠲᠦᠴᠢᠦᠸᠠᠨ ᠰᠢᠶᠠᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠲᠡᠭᠦᠰᠬᠦ ᠶᠣᠰᠣᠯᠠᠯ ︽ᠠᠴᠢ ᠡᠨᠡᠷᠢᠯ ᠳᠤ ᠲᠠᠯᠠᠷᠬᠠᠵᠤ ᠦᠰᠦᠨ ᠪᠣᠶᠢᠵᠢᠵᠤ ᠬᠦᠰᠡᠯ ᠵᠡᠭᠦᠳᠦ ᠪᠠᠨ ᠬᠦᠭᠡᠭᠡᠴᠡᠯᠳᠦᠬᠦ︾ ᠶᠢ ᠤᠭᠳᠤᠨ ᠠᠪᠤᠯ᠎ᠠ᠂ ᠡᠨᠡ ᠪᠣᠯ ᠬᠡᠦᠬᠡᠳ ᠤᠳ ᠤᠨ ᠠᠮᠢᠳᠤᠷᠠᠯ ᠳᠤᠮᠳᠠᠬᠢ ᠠᠩᠬᠠᠳᠠᠭᠴᠢ ᠲᠡᠭᠦᠰᠬᠦ ᠶᠣᠰᠣᠯᠠᠯ ᠪᠣᠯᠬᠤ ᠪᠥᠭᠡᠳ ᠪᠠᠰᠠ ᠬᠡᠦᠬᠡᠳ᠂ ᠪᠠᠭᠰᠢ ᠨᠠᠷ ᠲᠤ ᠠᠪᠴᠤ ᠬᠡᠯᠡᠪᠡᠯ ᠣᠨᠴᠠᠭᠠᠢ ᠪᠠᠶᠠᠷ ᠤᠨ ᠡᠳᠦᠷ ᠪᠣᠯᠤᠨ᠎ᠠ᠃
   ᠠᠮᠢ ᠨᠠᠰᠤᠨ ᠤ ᠷᠢᠳᠢ ᠰᠢᠳᠢ ᠠᠳᠡ ᠪᠢᠯᠬᠠᠵᠤ᠂ ᠵᠠᠯᠠᠭᠤ ᠨᠠᠰᠤᠨ ᠤ ᠴᠤᠭ ᠵᠢᠪᠬᠤᠭ᠎ᠠ ᠠᠳᠡ ᠪᠡᠲᠡᠷᠡᠨ᠎ᠡ᠂ ᠡᠨᠡ ᠬᠦ ᠣᠷᠭᠢᠯᠤᠮ᠎ᠠ ᠰᠡᠳᠬᠢᠯᠭᠡ ᠪᠢᠯᠬᠠᠭᠰᠠᠨ ᠴᠠᠭ ᠮᠥᠴᠡ ᠳᠤ᠂ ᠬᠡᠦᠬᠡᠳ ᠤᠳ ᠭᠤᠶᠢᠳᠠ ᠰᠠᠶᠢᠬᠠᠨ ᠪᠥᠵᠢᠭ  ᠤᠨ ᠳᠦᠷᠢ ᠪᠠᠶᠢᠳᠠᠯ ᠪᠠ ᠪᠠᠶᠠᠷ ᠬᠦᠷ ᠲᠠᠢ ᠠᠯᠬᠤᠭ᠎ᠠ ᠪᠠᠷ ᠬᠡᠦᠬᠡᠳ ᠤᠨ ᠳᠤᠷ᠎ᠠ ᠰᠣᠨᠢᠷᠬᠠᠯ ᠢ ᠬᠠᠨᠲᠠᠯ᠎ᠠ ᠲᠣᠭᠯᠠᠵᠤ ᠂ ᠥᠪᠡᠷ ᠢ ᠪᠠᠨ ᠭᠦᠢᠴᠡᠳ ᠳᠡᠯᠭᠡᠨ ᠦᠵᠡᠭᠦᠯᠵᠦ᠂ ᠤᠷᠢᠳ ᠬᠤᠵᠢᠳ ︽ᠪᠥᠮᠪᠥᠷ ᠤᠨ ᠬᠡᠩᠭᠡᠷᠭᠡ︾᠂ ︽ᠠᠹᠷᠢᠺᠠ ᠶᠢᠨ ᠬᠡᠩᠭᠡᠷᠭᠡ︾ ᠵᠡᠷᠭᠡ ᠲᠣᠭᠯᠠᠯᠲᠠ ᠭᠠᠷᠭᠠᠵᠤ᠂ ᠶᠣᠰᠣᠯᠠᠯ ᠤᠨ ᠡᠴᠦᠰ ᠲᠤ᠂ ᠴᠡᠴᠡᠷᠯᠢᠭ ᠤᠨ ᠳᠠᠷᠤᠭ᠎ᠠ ᠡᠵᠢ ᠬᠡᠦᠬᠡᠳ ᠤᠳ ᠤᠨ ᠠᠮᠢᠳᠤᠷᠠᠯ ᠤᠨ ᠠᠩᠬᠠᠨ ᠤ ᠲᠡᠭᠦᠰᠬᠦ ᠦᠨᠡᠮᠯᠡᠯ ᠢ ᠭᠠᠷᠳᠠᠭᠤᠯᠵᠤ᠂ ᠪᠠᠭᠰᠢ ᠪᠣᠯᠤᠨ ᠬᠡᠦᠬᠡᠳ ᠤᠳ ᠬᠠᠷᠢᠯᠴᠠᠨ ᠲᠡᠪᠡᠷᠢᠯᠴᠡᠵᠦ᠂ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ ᠪᠠᠶᠢᠯ᠎ᠠ᠃
   ︽ᠪᠢ ᠤᠳᠠᠯ ᠥᠬᠡᠶ ᠲᠡᠭᠦᠰᠬᠦ ᠪᠤᠯᠤᠯ᠎ᠠ᠂ ᠬᠡᠦᠬᠡᠳ ᠤᠨ ᠴᠡᠴᠡᠷᠯᠢᠭ ᠲᠤ᠂ ᠪᠠᠭᠰᠢ ᠨᠠᠷ ᠨᠠᠳᠠ ᠳᠤ ᠮᠠᠰᠢ ᠣᠯᠠᠨ ᠬᠠᠶᠢᠷ᠎ᠠ ᠬᠠᠯᠠᠮᠵᠢ ᠬᠦᠷᠲᠡᠭᠡᠵᠦ᠂ ᠪᠢ ᠬᠡᠦᠬᠡᠳ ᠤᠨ ᠴᠡᠴᠡᠷᠯᠢᠭ ᠤᠨ ᠠᠮᠢᠳᠤᠷᠠᠯ ᠢᠶᠠᠨ ᠮᠠᠰᠢ ᠳᠤᠷᠠᠰᠤᠨ ᠰᠠᠨᠠᠭᠠᠯᠵᠠᠵᠤ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠰᠢᠦ ᠢᠤᠢ ᠰᠢ ᠬᠡᠯᠡᠪᠡ᠃
   ᠬᠡᠦᠬᠡᠳ ᠤᠨ ᠴᠡᠴᠡᠷᠯᠢᠭ ᠤᠨ ᠪᠠᠭᠰᠢ ᠨᠠᠷ ᠬᠡᠦᠬᠡᠳ ᠤᠨ ᠴᠡᠴᠡᠷᠯᠢᠭ ᠤᠨ ᠦᠰᠦᠨ ᠪᠣᠶᠢᠵᠢᠭᠰᠠᠨ ᠥᠩᠭᠡᠷᠡᠯᠲᠡ  ᠶᠢ ᠡᠷᠭᠢᠴᠡᠭᠦᠯᠵᠦ᠂ ᠬᠡᠦᠬᠡᠳ ᠤᠨ ᠢᠷᠡᠭᠡᠳᠦᠶ ᠳᠤ ᠬᠦᠰᠡᠯ ᠡᠷᠡᠮᠡᠯᠵᠡᠯ ᠪᠠ ᠵᠥᠩᠨᠡᠯ ᠢᠶᠠᠷ ᠳᠦᠭᠦᠷᠡᠩ ᠪᠠᠶᠢᠵᠤ᠂ ᠲᠡᠳᠡᠨ ᠢ ᠬᠤᠶᠢᠰᠢᠳᠠ ᠶᠢᠨ ᠰᠤᠷᠤᠯᠴᠠᠯᠭ᠎ᠠ ᠪᠠ ᠠᠮᠢᠳᠤᠷᠠᠯ ᠳᠤᠮᠳᠠ ᠪᠠᠨ ᠵᠣᠷᠢᠭᠲᠠᠶ ᠪᠠᠷ ᠠᠪᠠᠷᠢᠵᠤ᠂ ᠢᠷᠡᠭᠡᠳᠦᠶ  ᠳᠡᠭᠡᠨ ᠥᠷᠢᠰᠥᠯᠳᠦᠭᠡᠨ ᠵᠠᠷᠯᠠᠵᠤ᠂ ᠠᠮᠵᠢᠯᠲᠠ ᠤᠯᠬᠤ ᠶᠢ ᠵᠣᠷᠢᠭᠵᠢᠭᠤᠯᠪᠠ᠃
   ︽ᠬᠡᠦᠬᠡᠳ ᠤᠳ ᠲᠠᠢ ᠬᠠᠮᠲᠤ ᠭᠤᠷᠪᠠᠨ ᠵᠢᠯ ᠬᠠᠨᠢᠯᠠᠵᠦ᠂ ᠬᠡᠦᠬᠡᠳ ᠤᠨ ᠦᠰᠦᠨ ᠪᠣᠶᠢᠵᠢᠯᠲᠠ ᠪᠣᠯᠤᠨ ᠲᠠᠪᠰᠢᠯᠳᠠ ᠶᠢ ᠭᠡᠷᠡᠴᠢᠯᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠤᠳᠤ ᠤᠳᠠᠯ ᠦᠭᠡᠢ ᠲᠡᠭᠦᠰᠬᠦ ᠪᠣᠯᠤᠯ᠎ᠠ᠂ ᠬᠡᠦᠬᠡᠳ ᠤᠳ ᠠᠴᠠ ᠴᠦ ᠰᠠᠯᠵᠤ ᠶᠠᠳᠠᠵᠤ ᠪᠠᠶᠢᠨ᠎ᠠ᠃ ᠬᠠᠶᠢᠷᠠᠲᠤ ᠮᠢᠨᠢ᠂ ᠲᠠᠨᠤᠰ ᠤᠯᠠᠭᠠᠨ ᠪᠦᠴᠡ ᠤᠶᠠᠵᠤ᠂ ᠬᠠᠶᠢᠷ᠎ᠠ ᠰᠡᠳᠬᠢᠯᠭᠡ ᠲᠠᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠬᠤ ᠶᠢ ᠬᠦᠰᠡᠵᠦ ᠪᠠᠶᠢᠨ᠎ᠠ᠂ ᠪᠠᠰᠠ ᠲᠠᠨᠤᠰ ᠤᠨ ᠮᠢᠩᠭᠠᠨ ᠭᠠᠵᠠᠷ ᠤᠨ ᠡᠭᠦᠯᠡᠨ ᠵᠢᠭᠦᠷ ᠢᠶᠠᠨ ᠳᠡᠯᠭᠡᠵᠦ᠂ ᠲᠦᠮᠡᠨ ᠭᠠᠵᠠᠷ ᠰᠣᠩᠪᠠᠨ ᠨᠢᠰᠴᠤ᠂ ᠲᠡᠭᠦᠰᠬᠦ ᠪᠠᠶᠠᠷ ᠪᠠᠶᠠᠰᠤᠯ ᠢ ᠬᠦᠰᠡᠶ᠎ᠡ᠃︾ ᠭᠡᠵᠦ ᠲᠦᠴᠢᠦᠸᠠᠨ ᠰᠢᠶᠠᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠸᠠᠩ ᠷᠦᠢ ᠬᠡᠦᠬᠡᠳ ᠤᠳ ᠲᠤ ᠰᠠᠯᠵᠤ ᠶᠠᠳᠠᠵᠤ ᠪᠠᠶᠢᠨ᠎ᠠ᠃
   ᠪᠠᠰᠠ ᠨᠢᠭᠡ ᠵᠢᠯ ᠤᠨ ᠲᠡᠭᠦᠰᠬᠦ ᠤᠯᠠᠷᠢᠯ ᠪᠣᠯᠤᠯ᠎ᠠ᠂ ᠪᠢᠴᠢᠬᠠᠨ ᠨᠠᠶᠢᠵᠠ ᠨᠠᠷ ᠤᠨ ᠪᠠᠶᠠᠷ ᠪᠠᠭ᠋ᠠᠳᠤᠯ᠂ ᠰᠠᠯᠵᠤ ᠶᠠᠳᠠᠨ ᠭᠤᠷᠪᠠᠨ ᠵᠢᠯ ᠤᠨ ᠬᠡᠦᠬᠡᠳ ᠤᠨ ᠴᠡᠴᠡᠷᠯᠢᠭ ᠤᠨ ᠴᠠᠭ ᠮᠥᠴᠡ ᠳᠤ ᠲᠡᠭᠦᠰ ᠠᠮᠵᠢᠯᠲᠠ ᠣᠯᠵᠠᠢ᠂ ᠬᠥᠮᠦᠨ  ᠤ ᠠᠮᠢᠳᠤᠷᠠᠯ ᠤᠨ ᠵᠠᠮ ᠬᠤᠯᠠ᠂ ᠪᠢᠳᠡ ᠮᠥᠨ ᠬᠤᠯᠠ ᠠᠶᠠᠯᠠᠬᠤ ᠴᠢᠬᠤᠯᠠᠲᠠᠢ᠂ ᠲᠡᠭᠦᠰᠦᠭᠰᠡᠨ ᠪᠢᠴᠢᠬᠠᠨ ᠨᠠᠶᠢᠵᠠ ᠨᠠᠷ ᠰᠠᠶᠢᠨ ᠰᠠᠶᠢᠬᠠᠨ ᠴᠠᠭ ᠮᠥᠴᠡ ᠪᠠᠨ ᠠᠪᠴᠤ᠂ ᠥᠪᠡᠷ ᠤᠨ ᠢᠲᠡᠭᠡᠯ ᠵᠣᠷᠢᠭᠲᠠᠢ ᠪᠠᠷ ᠦᠯᠦ ᠮᠡᠳᠡᠬᠦ ᠶᠢᠷᠲᠢᠨᠴᠦ  ᠶᠢ ᠬᠠᠶᠢᠨ ᠰᠦᠪᠡᠭᠴᠢᠯᠡᠬᠦ ᠶᠢ ᠬᠦᠰᠡᠨ᠎ᠡ᠂ ᠬᠡᠦᠬᠡᠳ ᠤᠳ ᠲᠤ᠄ ᠰᠡᠳᠬᠢᠯ ᠳᠣᠲᠣᠷ᠎ᠠ ᠪᠠᠨ ᠬᠠᠶᠢᠷ᠎ᠠ ᠲᠠᠢ᠂ ᠨᠢᠳᠦᠨ  ᠳᠡᠭᠡᠨ ᠭᠡᠷᠡᠯ ᠲᠠᠢ᠂ ᠰᠠᠯᠬᠢ ᠪᠣᠷᠣᠭᠠᠨ ᠠᠴᠠ ᠠᠶᠤᠬᠤ ᠦᠭᠡᠢ᠂ ᠰᠠᠯᠬᠢ ᠳᠠᠪᠠᠯᠭᠠᠨ ᠢ ᠵᠦᠰᠦᠨ ᠤᠷᠤᠭᠰᠢᠯᠠᠬᠤ ᠶᠢ ᠵᠥᠩᠨᠡᠶ᠎ᠡ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号