ᠪᠤᠤ ᠱᠢ ᠪᠠᠯᠭᠠᠰᠤ᠄ ︽ᠭᠤᠷᠪᠠ ᠶᠢ ᠴᠢᠬᠤᠯᠴᠢᠯᠠᠵᠦ︾ ᠨᠠᠮ ᠤᠨ ᠰᠠᠬᠢᠯᠭ᠎ᠠ ᠪᠠᠲᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/6/28
   ᠨᠠᠮ ᠤᠨ ᠰᠠᠬᠢᠯᠭ᠎ᠠ ᠪᠠᠲᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠤᠤ ᠱᠢ ᠪᠠᠯᠭᠠᠰᠤᠨ  ᠤ ᠨᠠᠮ ᠤᠨ ᠬᠤᠷᠢᠶ᠎ᠠ ᠨᠠᠷᠢᠨ ᠬᠢᠨᠠᠮᠠᠭᠠᠶ ᠲᠥᠯᠥᠪᠵᠢᠭᠦᠯᠦᠨ ᠲᠣᠬᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠭᠤᠷᠪᠠ ᠶᠢ ᠴᠢᠬᠤᠯᠠᠴᠢᠯᠠᠬᠤ︾ ᠪᠠᠷ ᠨᠠᠮ ᠤᠨ ᠰᠠᠬᠢᠯᠭ᠎ᠠ ᠪᠠᠲᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠡᠬᠢᠯᠡᠭᠦᠯᠬᠦ᠂ ᠰᠠᠶᠢᠲᠤᠷ ᠡᠬᠢᠯᠡᠭᠦᠯᠬᠦ᠂ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠪᠠ᠃    ︽ᠰᠤᠷᠤᠯᠴᠠᠬᠤ︾ ᠶᠢ ᠴᠢᠬᠤᠯᠠᠴᠢᠯᠠᠵᠤ᠂ ᠴᠢᠳᠠᠪᠤᠷᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠲᠦᠷᠦᠭᠦᠯᠡᠨ ᠵᠢᠱᠢᠶ᠎ᠡ ᠦᠵᠡᠭᠦᠯᠵᠦ ᠰᠤᠷᠤᠯᠴᠠᠬᠤ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠳᠠᠭᠠᠭᠤᠯᠤᠨ ᠰᠤᠷᠤᠯᠴᠠᠬᠤ ᠶᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ︽ᠲᠦᠷᠢᠮ︾ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠪᠦᠯᠦᠭ ᠳᠠᠷᠠᠭᠠᠯᠠᠨ ᠰᠤᠷᠤᠯᠴᠠᠵᠤ  ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠤᠳᠤᠷᠢᠳᠬᠤ ᠺᠠᠳ᠋ᠷ ᠤᠨ ᠭᠦᠨᠵᠡᠭᠡᠶ ᠰᠤᠷᠤᠯᠴᠠᠨ ᠲᠤᠤᠱᠲᠠᠶ ᠣᠶᠢᠯᠠᠭᠠᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠡᠯ᠎ᠡ ᠨᠠᠮ  ᠤᠨ ᠡᠭᠦᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠰᠤᠷᠤᠯᠴᠠᠯᠭ᠎ᠠ ᠶᠢᠨ ᠲᠥᠯᠥᠪᠯᠡᠭᠡ︾ ᠶᠢ ᠲᠣᠭᠲᠠᠭᠠᠵᠤ ᠂ ︽ᠲᠦᠷᠢᠮ︾ ᠶᠢ ᠰᠤᠷᠤᠯᠴᠠᠬᠤ ᠪᠠᠷ ᠭᠤᠤᠯ ᠰᠡᠳᠦᠪ ᠪᠣᠯᠭᠠᠨ᠂ ᠲᠥᠪᠯᠡᠷᠡᠭᠦᠯᠦᠨ ᠰᠤᠷᠤᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠤᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠵᠡᠷᠭᠡ ᠳᠤ ᠲᠦᠰᠢᠭᠯᠡᠨ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠵᠤ ᠰᠣᠯᠢᠯᠴᠠᠵᠤ᠂ ᠨᠠᠮ ᠤᠨ ᠡᠭᠦᠷ ᠤᠨ ᠱᠦᠵᠢ ᠪᠠ ᠨᠠᠮ ᠤᠨ ᠡᠭᠦᠷ ᠤᠨ ᠭᠡᠰᠢᠭᠦᠳ ︽ᠲᠦᠷᠢᠮ︾ ᠢ ᠳᠠᠭᠠᠭᠤᠯᠤᠨ ᠰᠤᠷᠤᠯᠴᠠᠵᠤ᠂ ᠲᠦᠷᠢᠮ ᠤᠨ ᠠᠭᠤᠯᠭ᠎ᠠ ᠵᠢᠴᠢ ᠲᠠᠶᠢᠯᠤᠮᠵᠢ ᠵᠠᠳᠠᠯᠤᠯᠲᠠ ᠶᠢ ᠨᠠᠷᠢᠨ ᠬᠢᠨᠠᠮᠠᠭᠠᠶ ᠲᠠᠶᠢᠯᠪᠤᠷᠢᠯᠠᠨ᠂ ᠨᠠᠮ ᠤᠨ ᠭᠡᠰᠢᠭᠦᠨ ᠨᠢᠭᠡᠪᠦᠷᠢ ᠦᠵᠡᠯ ᠰᠠᠨᠠᠭ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠲᠡᠭᠡᠭᠰᠢᠯᠡᠭᠦᠯᠦᠨ᠎ᠡ᠃
    ︽ᠠᠷᠢᠭᠤᠨ ᠴᠢᠬᠡᠴᠢ︾ ᠪᠠᠷ ᠰᠠᠭᠤᠷᠢ ᠪᠣᠯᠭᠠᠬᠤ ᠶᠢ ᠴᠢᠬᠤᠯᠠᠴᠢᠯᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠪᠠᠷᠢᠮᠲᠠᠯᠠᠵᠤ ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤ ᠥᠷᠨᠢᠭᠦᠯᠵᠦ᠂ ᠳᠡᠷᠭᠡᠳᠡᠬᠢ ᠤᠴᠢᠷ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠠᠴᠠ ᠰᠤᠷᠭᠠᠮᠵᠢ ᠠᠪᠴᠤ᠂ ᠬᠠᠷᠢᠴᠠᠭᠤᠯᠤᠨ ᠲᠤᠩᠭᠠᠵᠤ᠂ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ᠃ ᠨᠢᠭᠡ ᠲᠠᠯ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠰᠠᠶᠢᠲᠤᠷ ᠠᠰᠢᠭᠯᠠᠨ ᠵᠥᠪ ᠲᠠᠯ᠎ᠠ ᠠᠴᠠ ᠬᠦᠳᠤᠯᠤᠨ ᠵᠢᠯᠣᠭᠤᠳᠴᠤ᠂ ᠠᠵᠢᠯᠴᠢ ᠬᠢᠴᠢᠶᠡᠩᠭᠦᠢ ᠠᠷᠢᠭᠤᠨ ᠴᠢᠬᠡᠴᠢ ᠶᠢᠨ ᠦᠯᠢᠭᠡᠷ ᠳᠠᠭᠤᠷᠢᠶᠠᠯ ᠢ ᠰᠠᠶᠢᠲᠤᠷ ᠪᠤᠢ ᠪᠣᠯᠭᠠᠵᠤ᠂ ᠠᠷᠢᠭᠤᠨ ᠴᠢᠬᠡᠴᠢ ᠭᠡᠷ ᠤᠨ ᠰᠤᠷᠲᠠᠯ ᠢ ᠰᠠᠶᠢᠲᠤᠷ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠤᠯᠤᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠨᠢ ᠴᠢᠩᠭᠠᠷᠠᠭᠤᠯᠤᠨ᠎ᠠ︔ ᠨᠥᠭᠦᠭᠡ ᠲᠠᠯ᠎ᠠ ᠪᠠᠷ ᠡᠰᠡᠷᠭᠦ ᠲᠠᠯ᠎ᠠ ᠶᠢᠨ ᠵᠢᠭᠠᠬᠤ ᠮᠠᠲ᠋ᠧᠷᠢᠶᠠᠯ  ᠢ ᠠᠮᠢᠳᠤᠯᠢᠭ ᠬᠡᠷᠡᠭᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠺᠠᠳ᠋ᠷ ᠤᠨ ᠰᠡᠷᠡᠮᠵᠢ ᠶᠢᠨ ᠲᠡᠮᠳᠡᠭᠯᠡᠯ᠂ ᠭᠡᠮᠰᠢᠯ ᠤᠨ ᠲᠡᠮᠳᠡᠭᠯᠡᠯ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠵᠡᠷᠭᠡ ᠠᠷᠭ᠎ᠠ ᠬᠡᠯᠪᠡᠷᠢ ᠶᠢ ᠭᠦᠶᠴᠡᠳ ᠬᠡᠷᠡᠭᠯᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠶᠢ ᠶᠠᠷᠢᠬᠤ ᠪᠠᠷ ᠳᠠᠮᠵᠢᠭᠤᠯᠤᠨ᠂ ᠨᠠᠮ  ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠴᠠᠭ ᠢᠮᠠᠭᠲᠠ ᠰᠡᠷᠭᠡᠭ ᠪᠠᠶᠢᠯᠭᠠᠵᠤ᠂ ᠨᠠᠮ ᠤᠨ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠵᠦ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠶ᠃
   ︽ᠪᠣᠳᠠᠲᠠᠶᠢᠵᠢᠭᠤᠯᠬᠤ︾ ᠶᠢ ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ  ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ ᠰᠤᠷᠤᠯᠴᠠᠬᠤ ᠬᠢᠬᠦ ᠶᠢ ᠠᠭᠤᠰᠤᠯᠴᠠᠭᠤᠯᠬᠤ ᠶᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠬᠤ ᠶᠢ ᠪᠠᠷᠢᠮᠲᠠᠯᠠᠨ᠎ᠠ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠎ᠠ᠂ ᠦᠨᠳᠦᠰᠦᠨ ᠱᠠᠲᠤᠨ ᠤ ︽ᠪᠠᠭ᠎ᠠ ᠮᠤᠷᠢ ᠶᠡᠭᠡ ᠲᠡᠷᠭᠡ ᠲᠠᠲᠠᠬᠤ︾ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ ᠠᠵᠢᠯ ᠲᠠᠢ ᠤᠶᠠᠯᠳᠤᠭᠤᠯᠤᠨ᠎ᠠ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠵᠡᠷᠭᠡ ᠭᠤᠤᠯᠳᠠᠯᠭ᠎ᠠ ᠲᠠᠢ ᠠᠵᠢᠯ ᠢ ᠤᠶᠠᠯᠳᠤᠭᠤᠯᠬᠤ ᠬᠡᠷᠡᠭᠲᠡᠶ᠂ ᠦᠢᠯᠡᠳᠦᠯ ᠨᠡᠮᠡᠭᠳᠡᠭᠦᠯᠬᠦ᠂ ᠨᠡᠶᠢᠯᠡᠮᠡᠯ ᠬᠦᠴᠦ᠂ ᠪᠦᠬᠦ ᠺᠠᠳ᠋ᠷ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠬᠥᠭᠵᠢᠭᠡᠨ᠎ᠡ᠂ ᠴᠢᠳᠠᠮᠠᠭᠠᠶ ᠠᠵᠢᠯᠯᠠᠬᠤ ᠵᠣᠷᠢᠭ ᠰᠠᠨᠠᠭ᠎ᠠ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠢᠶᠳᠪᠦᠷᠢᠯᠡᠬᠦ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ᠂ ᠠᠷᠠᠳ ᠲᠦᠮᠡᠨ ᠲᠠᠢ ᠰᠡᠳᠬᠢᠯ ᠢᠶᠠᠨ ᠬᠤᠯᠪᠣᠬᠤ᠂ ᠠᠷᠠᠳ ᠲᠦᠮᠡᠨ ᠳᠤ ᠠᠰᠢᠭ ᠲᠤᠰᠠ ᠣᠯᠭᠤᠬᠤ᠃ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号