ᠰᠢᠭᠡᠰᠦᠯᠢᠭ ᠡᠳ᠋ ᠤᠨ ᠦᠨᠳᠦᠰᠦ ᠶᠢ ᠰᠢᠷᠬᠠᠳᠠᠭᠤᠯᠬᠤ ᠠᠰᠠᠭᠤᠳᠠᠯ ᠠᠴᠠ ᠬᠡᠷᠬᠢᠨ ᠵᠠᠶᠢᠯᠠᠰᠭᠢᠬᠤ ᠪᠤᠢ
ᠨᠡᠶᠢᠲᠡᠯᠡᠭᠰᠡᠨ ᠴᠠᠭ᠄
2024/6/28
   ᠶᠠᠮᠠᠷᠪᠠ ᠨᠢᠭᠡ ᠵᠦᠢᠯ ᠤᠨ ᠪᠣᠷᠳᠣᠭᠤᠷ ᠨᠢ ᠴᠥᠮ ᠲᠠᠷᠢᠮᠠᠯ ᠤᠨ ᠦᠨᠳᠦᠰᠦᠨ ᠰᠢᠰᠲ᠋ᠧᠮ ᠳᠤ ᠮᠠᠭᠤ ᠨᠥᠯᠥᠭᠡ ᠦᠵᠡᠭᠦᠯᠵᠦ ᠮᠡᠳᠡᠨ᠎ᠡ ᠭᠡᠵᠦ ᠬᠡᠯᠡᠵᠦ ᠪᠣᠯᠣᠨ᠎ᠠ᠂ ᠡᠨᠡ ᠨᠢ ᠭᠤᠣᠯᠳᠠᠭᠤ ᠬᠡᠳᠦᠢ ᠣᠷᠣᠭᠤᠯᠤᠭᠰᠠᠨ ᠭᠡᠮᠵᠢᠶ᠎ᠡ ᠠᠴᠠ ᠦᠵᠡᠳᠡᠭ᠃ ᠶᠡᠭᠡ ᠬᠡᠮᠵᠢᠶᠡᠨ ᠤ ᠪᠣᠷᠳᠣᠭᠤᠷ ᠲᠠᠷᠢᠮᠠᠯ ᠤᠨ ᠦᠨᠳᠦᠰᠦᠨ ᠬᠡᠰᠡᠭ ᠲᠤ ᠲᠥᠪᠯᠡᠷᠡᠵᠦ᠂ ᠪᠣᠷᠳᠣᠭᠤᠷ ᠲᠠᠢ ᠣᠶᠢᠷᠠᠲᠤᠭᠰᠠᠨ ᠦᠨᠳᠦᠰᠦᠨ ᠳᠤ ᠤᠰᠤ ᠳᠤᠲᠠᠭᠳᠠᠭᠤᠯᠳᠠᠭ ᠪᠣᠯᠬᠤᠷ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠮᠠᠭᠤ ᠨᠥᠯᠥᠭᠡ ᠦᠵᠡᠭᠦᠯᠬᠦ ᠪᠣᠯᠣᠨ᠎ᠠ᠃    ᠰᠢᠭᠡᠰᠦᠯᠢᠭ ᠡᠳ᠋ ᠢ ᠬᠥᠷᠥᠰᠥᠨ ᠳᠤ ᠣᠷᠤᠭᠤᠯᠤᠭᠰᠠᠨ ᠤ ᠳᠠᠷᠠᠭ᠎ᠠ ᠦᠨᠳᠦᠰᠦ ᠶᠢ ᠨᠢ ᠰᠢᠲᠠᠭᠠᠬᠤ ᠦᠵᠡᠭᠳᠡᠯ ᠭᠠᠷᠬᠤ ᠠᠴᠠ ᠵᠠᠶᠢᠯᠠᠰᠬᠢᠵᠦ᠂ ᠬᠥᠷᠥᠰᠥ ᠰᠢᠷᠣᠢ ᠨᠢ ᠭᠦᠢᠴᠡᠳ ᠬᠡᠮᠵᠢᠶᠡᠨ ᠤ ᠤᠰᠤ ᠠᠭᠤᠯᠬᠤ ︵ᠶᠡᠷᠦ ᠳᠤ ᠪᠠᠨ 70%-80% ᠣᠷᠴᠢᠮ︶ ᠪᠠᠳᠤᠯᠠᠬᠤ ᠬᠡᠷᠡᠭᠲᠡᠢ᠂ ᠡᠰᠡ ᠲᠡᠭᠡᠪᠡᠯ ᠰᠢᠭᠡᠰᠦᠯᠢᠭ ᠡᠳ᠋ ᠤᠨ ᠤᠰᠤ ᠵᠠᠳᠠᠷᠠᠬᠤ ᠬᠤᠷᠳᠤᠴᠠ ᠶᠢ ᠨᠥᠯᠥᠭᠡᠯᠡᠵᠦ᠂ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠶᠢ ᠨᠥᠯᠥᠭᠡᠯᠡᠬᠦ ᠪᠣᠯᠣᠨ᠎ᠠ᠃ ᠬᠡᠷᠪᠡ ᠬᠥᠷᠥᠰᠥ ᠰᠢᠷᠣᠢ ᠨᠢ ᠨᠡᠯᠢᠶᠡᠳ ᠭᠠᠩ ᠬᠠᠭᠤᠷᠠᠢ ᠪᠠᠶᠢᠪᠠᠯ᠂ ᠰᠢᠭᠡᠰᠦᠯᠢᠭ ᠡᠳ᠋ ᠣᠷᠣᠭᠤᠯᠤᠭᠰᠠᠨ ᠤ ᠳᠠᠷᠠᠭ᠎ᠠ ᠬᠥᠷᠥᠰᠥ ᠰᠢᠷᠣᠢ ᠶᠢ ᠵᠣᠬᠢᠰᠲᠠᠢ ᠤᠰᠤᠯᠠᠵᠤ᠂ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠰᠢᠭᠡᠰᠦᠯᠢᠭ ᠡᠳ᠋ ᠲᠠᠬᠢ ᠠᠽᠣᠲ ᠡᠳ᠋ ᠨᠢ ᠠᠮᠠᠷᠬᠠᠨ ᠠᠭᠤᠷᠰᠢᠨ ᠳᠡᠭᠳᠡᠬᠦ ᠤᠴᠢᠷ ᠠᠴᠠ ᠰᠢᠭᠡᠰᠦᠯᠢᠭ ᠡᠳ᠋ ᠢ ᠬᠡᠷᠡᠭᠯᠡᠭᠰᠡᠨ ᠤ ᠳᠠᠷᠠᠭ᠎ᠠ ᠭᠤᠤ ᠮᠠᠯᠲᠠᠨ ᠰᠢᠷᠣᠢ ᠪᠦᠷᠬᠦᠪᠡᠯ ᠵᠤᠬᠢᠨ᠎ᠠ᠃ ᠰᠢᠭᠡᠰᠦᠯᠢᠭ ᠡᠳ᠋ ᠨᠢ ᠵᠥᠪᠬᠡᠨ ᠠᠽᠣᠲ ᠡᠳ᠋ ︵ᠴᠡᠪᠡᠷ ᠠᠽᠣᠲ ᠠᠭᠤᠯᠤᠭᠳᠠᠵᠤ ᠪᠠᠶᠢᠭ᠎ᠠ ᠨᠢ ᠶᠡᠷᠦ ᠳᠤ ᠪᠠᠨ 46%︶ ᠠᠭᠤᠯᠤᠭᠳᠠᠳᠠᠭ ᠪᠤᠯᠬᠤᠷ ᠹᠣᠰᠹᠣᠷ ᠬᠦᠴᠢᠯ ᠤᠨ ᠺᠠᠯᠼ᠂ ᠾᠯᠣᠷᠲᠤ ᠺᠠᠯᠢ ᠪᠤᠶᠤ ᠬᠦᠬᠦᠷ ᠬᠦᠴᠢᠯ ᠤᠨ ᠺᠠᠯᠢ᠂ ᠡᠰᠡᠬᠦᠯ᠎ᠡ ᠢᠯᠵᠠᠷᠠᠨ ᠪᠣᠯᠪᠠᠰᠤᠷᠠᠭᠤᠯᠬᠤ ᠮᠠᠯ ᠵᠢᠭᠦᠷᠲᠡᠨ ᠤ ᠢᠯᠭᠠᠳᠠᠰᠤᠨ ᠪᠣᠷᠳᠣᠭᠤᠷ ᠲᠠᠢ ᠵᠣᠬᠢᠰᠲᠠᠢ ᠬᠤᠯᠢᠯᠳᠠᠭᠤᠯᠤᠨ ᠬᠡᠷᠡᠭᠯᠡᠵᠦ ᠪᠣᠯᠳᠠᠭ᠃    ᠰᠢᠭᠡᠰᠦᠯᠢᠭ ᠡᠳ᠋ ᠢ ᠬᠠᠭᠤᠷᠠᠢ ᠪᠠᠷ ᠬᠡᠷᠡᠭᠯᠡᠪᠡᠯ ᠦᠨᠳᠦᠰᠦ ᠶᠢ ᠰᠢᠲᠠᠭᠠᠬᠤ ᠠᠰᠠᠭᠤᠳᠠᠯ ᠳᠤ ᠴᠢᠭᠯᠡᠭᠦᠯᠦᠨ᠂ ᠲᠡᠭᠦᠨ ᠤ ᠠᠭᠤᠯᠵᠤ ᠪᠠᠶᠢᠭ᠎ᠠ ᠠᠽᠣᠲ ᠤᠨ ᠡᠯᠧᠮᠧᠨ᠋ᠲ ᠨᠢ ᠤᠷᠭᠤᠮᠠᠯ ᠤᠨ ᠤᠰᠤ ᠶᠢ ᠠᠯᠳᠠᠭᠤᠯᠳᠠᠭ ᠪᠣᠯᠬᠤᠷ ᠬᠡᠷᠡᠭᠯᠡᠬᠦ ᠳᠡᠭᠡᠨ ᠤᠰᠤᠯᠠᠬᠤ ᠲᠠᠢ ᠤᠶᠠᠯᠳᠤᠭᠤᠯᠪᠠᠯ ᠬᠠᠮᠤᠭ ᠰᠠᠶᠢᠨ ᠪᠠᠶᠢᠵᠤ᠂ ᠪᠠᠰᠠ ᠦᠨᠳᠦᠰᠦᠨ ᠠᠴᠠ ᠬᠤᠶᠠᠷ ᠭᠤᠷᠪᠠᠨ ᠢᠮᠠᠬᠤ ᠬᠤᠯᠠ ᠭᠠᠵᠠᠷ ᠲᠤ ᠪᠣᠷᠳᠣᠭᠤᠷ ᠤᠷᠤᠭᠤᠯᠬᠤ ᠬᠡᠷᠡᠭᠲᠡᠢ ︔ ᠬᠡᠷᠪᠡ ᠵᠠᠪᠠᠯ ᠬᠠᠭᠤᠷᠠᠢ ᠪᠠᠷ ᠣᠷᠤᠭᠤᠯᠬᠤ ᠴᠢᠬᠤᠯᠠᠳᠠᠢ ᠪᠤᠯ ᠬᠠᠮᠤᠭ ᠰᠠᠶᠢᠨ ᠨᠢ ᠦᠳᠡ ᠶᠢᠨ ᠬᠤᠶᠢᠨ᠎ᠠ ᠪᠣᠷᠳᠣᠭᠤᠷ ᠣᠷᠣᠭᠤᠯᠬᠤ ᠶᠢ ᠰᠤᠩᠭᠤᠬᠤ ᠬᠡᠷᠡᠭᠲᠡᠢ᠂ ᠢᠩᠭᠢᠪᠡᠯ ᠰᠥᠨᠢ ᠶᠢᠨ ᠰᠢᠭᠦᠳᠡᠷᠢ ᠳᠤ ᠰᠢᠭᠡᠰᠦᠯᠢᠭ ᠡᠳ᠋ ᠠᠭᠤᠰᠴᠤ᠂ ᠬᠥᠷᠥᠰᠥ ᠰᠢᠷᠣᠢ ᠳᠤ ᠰᠢᠩᠭᠡᠭᠳᠡᠳᠡᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号