2024 ᠣᠨ ᠤ 6 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ·ᠲᠦᠴᠢᠦᠸᠠᠨ ᠰᠢᠶᠠᠨ ᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠤᠳᠤᠯᠤᠨ | ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ | ᠨᠢ ︽ᠦᠨᠳᠦᠰᠦᠲᠡᠨ ᠨᠦᠭᠦᠳ ᠪᠦᠯᠬᠦᠮᠳᠡᠨ ᠭᠠᠷ ᠭᠠᠷ ᠢᠶᠠᠨ ᠬᠤᠯᠪᠤᠯᠴᠠᠨ ᠠᠨᠠᠷ ᠤᠨ ᠴᠡᠴᠡᠭ ᠲᠡᠯᠭᠡᠷᠡᠵᠦ ᠰᠡᠳᠬᠢᠯ | ᠵᠢᠷᠦᠬᠡ ᠪᠠᠨ ᠬᠤᠯᠪᠣᠨ᠎ᠠ︾ ᠭᠡᠬᠦ ᠭᠤᠤᠯ ᠰᠡᠳᠦᠪ ᠢᠶᠠᠷ ᠶᠠᠪᠤᠭᠳᠠᠪᠠ᠃ ᠲᠦᠴᠢᠦᠸᠠᠨ ᠰᠢᠶᠠᠨ ᠤ ᠳᠡᠳ᠋ ᠰᠢᠶᠠᠨ ᠤ | ᠳᠠᠷᠤᠭ᠎ᠠ ᠪᠤᠤ ᠬᠤᠩ ᠶᠢᠩ ᠨᠥᠬᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠡᠳ᠋ ᠬᠤᠰᠢᠭᠤᠨ | ᠳᠠᠷᠤᠭ᠎ᠠ ᠲᠦᠩ ᠴᠢᠩ ᠴᠦᠨ ᠨᠥᠬᠦᠷ ᠵᠢᠴᠢ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠤᠯᠭ᠎ᠠ᠂ ᠺᠠᠳ᠋ᠷ᠂ ᠲᠦᠴᠢᠦᠸᠠᠨ ᠰᠢᠶᠠᠨ ᠤ ᠭᠦᠩ ᠨᠦᠩ | ᠪᠠᠭ᠎ᠠ ᠰᠤᠷᠭᠠᠭᠤᠯᠢ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠶᠢᠨ ᠭᠤᠣᠯ | ᠰᠤᠷᠭᠠᠭᠤᠯᠢ ᠶᠢᠨ 79 ᠪᠠᠭᠰᠢ ᠰᠤᠷᠤᠬᠴᠢ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠶᠢᠨ ᠨᠢᠭᠡᠳᠦᠭᠡᠷ ᠵᠤᠷᠪᠤᠰ᠄ ᠬᠤᠶᠠᠷ ᠭᠠᠵᠠᠷ ᠤᠨ ᠤᠳᠤᠷᠢᠳᠤᠯᠭ᠎ᠠ ᠶᠠᠷᠢᠶ᠎ᠠ ᠲᠠᠯᠪᠢᠪᠠ | | ᠠᠵᠢᠯᠯᠠᠭ᠎ᠠ ᠶᠢᠨ ᠬᠤᠶᠠᠳᠤᠭᠠᠷ ᠵᠤᠷᠪᠤᠰ᠄ ᠬᠤᠶᠠᠷ ᠭᠠᠵᠠᠷ ᠤᠨ ᠰᠤᠷᠤᠭᠴᠢᠳ ᠬᠠᠷᠢᠯᠴᠠᠵᠤ᠂ ᠵᠠᠬᠢᠳᠠᠯ | ᠰᠣᠯᠢᠯᠴᠠᠵᠤ᠂ ᠬᠠᠳᠠᠭ ᠡᠷᠭᠦᠨ᠎ᠡ | | ᠠᠵᠢᠯᠯᠠᠭ᠎ᠠ ᠶᠢᠨ ᠭᠤᠷᠪᠠᠳᠤᠭᠠᠷ ᠵᠤᠷᠪᠤᠰ᠄ ᠳᠠᠶᠢᠴᠢᠨᠲᠠᠯ᠎ᠠ ᠶᠢᠨ ᠰᠤᠨᠢᠷᠬᠠᠯᠳᠤ ᠪᠠᠭ᠎ᠠ ᠨᠠᠰᠤᠨ ᠤ ᠠᠵᠢᠯᠯᠠᠭ᠎ᠠ | | ᠠᠵᠢᠯᠯᠠᠭ᠎ᠠ ᠶᠢᠨ ᠳᠥᠷᠪᠡᠳᠦᠭᠡᠷ ᠵᠤᠷᠪᠤᠰ᠄ ᠲᠦᠰᠢᠶᠡᠲᠦ ᠸᠠᠩ ᠤᠨ ᠣᠷᠳᠣᠨ ᠢ ᠲᠣᠭᠤᠷᠢᠨ ᠦᠵᠡᠨ᠎ᠡ  | ᠠᠵᠢᠯᠯᠠᠭ᠎ᠠ ᠶᠢᠨ ᠲᠠᠪᠤᠳᠤᠭᠠᠷ ᠵᠤᠷᠪᠤᠰ᠄ ᠵᠦᠩ ᠶᠢᠩ ᠺᠢᠨᠣ᠋ ᠲᠧᠯᠸᠢᠰ ᠦᠶᠯᠡᠳᠬᠦ ᠰᠠᠭᠤᠷᠢᠨ ᠭᠠᠵᠠᠷ ᠢ | ᠲᠣᠭᠤᠷᠢᠨ ᠦᠵᠡᠨ᠎ᠡ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠵᠤ᠂ ᠮᠡᠳᠡᠯᠭᠡ ᠶᠢᠨ ᠠᠰᠠᠭᠤᠯᠲᠠ | ᠬᠠᠷᠢᠭᠤᠯᠲᠠ ᠶᠢ ᠪᠠᠳᠤᠳᠬᠠᠵᠦ᠂ ᠬᠠᠮᠲᠤ ᠪᠠᠷ ︽ᠲᠦᠷᠦ︾ ᠶᠢ ᠲᠠᠭᠤᠯᠠᠵᠦ ᠰᠤᠷᠤᠨ᠎ᠠ | | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ·ᠲᠦᠴᠢᠦᠸᠠᠨ ᠰᠢᠶᠠᠨ ᠤ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠣᠶᠢᠯᠠᠭᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠨ ᠪᠠᠭ᠋ᠠᠷᠬᠠᠨ᠎ᠠ᠃ ᠵᠠᠯᠠᠭᠤᠴᠤᠳ | ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠠ ᠡᠬᠡ ᠣᠷᠣᠨᠴᠢ ᠰᠡᠳᠬᠢᠯᠭᠡ ᠶᠢ ᠴᠢᠩᠭᠠᠳᠬᠠᠵᠤ᠂ | ᠬᠡᠦᠬᠡᠳ ᠤᠳ ᠢ ᠬᠥᠲᠥᠯᠥᠨ ᠵᠢᠯᠣᠭᠤᠳᠴᠤ ᠪᠠᠶᠢᠭᠠᠳ ᠬᠠᠷᠠᠬᠠᠨ ᠪᠠᠭ᠎ᠠ ᠠᠴᠠ ᠨᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠠᠮᠠᠭᠠᠯᠠᠭᠴᠢ᠂ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠭᠠᠬᠤ ᠪᠠᠷ ᠴᠢᠷᠮᠠᠶᠢᠬᠤ ᠬᠡᠷᠡᠭᠲᠡᠶ | ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠰᠣᠯᠢᠯᠴᠠᠭᠠᠨ ᠤ ᠳᠤᠮᠳᠠ ᠦᠰᠦᠨ ᠪᠣᠶᠢᠵᠢᠵᠤ᠂ | ᠪᠣᠶᠢᠵᠢᠯᠲᠠ ᠶᠢᠨ ᠳᠤᠮᠳᠠ ᠰᠣᠯᠢᠯᠴᠠᠭ᠎ᠠ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠬᠠᠮᠲᠤ ᠪᠠᠷ ᠪᠠᠲᠤ ᠴᠣᠭᠴᠠᠯᠠᠨ᠎ᠠ᠃ |