ᠵᠢᠦ ᠯᠦᠩ ᠰᠢᠶᠠᠩ ᠠᠶᠤᠯᠭᠦᠶ ᠦᠶᠯᠡᠳᠪᠦᠷᠢᠯᠡᠯ ᠤᠨ ᠰᠠᠷ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/29
   ᠤᠶᠢᠷ᠎ᠠ ᠳᠤ᠂ ᠵᠢᠦ ᠯᠦᠩ ᠰᠢᠶᠠᠩ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠤ ︽ᠠᠶᠤᠯᠭᠦᠶ ᠦᠶᠯᠡᠳᠪᠦᠷᠢᠯᠡᠯ ᠤᠨ ᠰᠠᠷ᠎ᠠ︾ ᠲᠠᠢ ᠤᠶᠠᠯᠳᠤᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠭᠤᠤᠯ ᠰᠡᠳᠦᠪ ᠤᠨ ᠲᠣᠭᠤᠷᠢᠨ ᠳᠤ᠂ ︽ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠪᠠᠷ ᠭᠤᠤᠯᠳᠠᠯᠭ᠎ᠠ ᠪᠣᠯᠭᠠᠬᠤ ᠶᠢ ᠳᠣᠪᠣᠶᠢᠯᠭᠠᠵᠤ᠂ ᠡᠯᠪᠡᠭ ᠪᠠᠶᠠᠯᠢᠭ᠂ ᠣᠯᠠᠨ ᠶᠠᠩᠵᠤ ᠶᠢᠨ ᠬᠡᠯᠪᠡᠷᠢ ᠪᠥᠬᠦᠶ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
   ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠤ ᠯᠦᠩ ᠰᠢᠶᠠᠩ ︽ᠠᠭᠤᠷ ᠠᠮᠢᠰᠬᠤᠯ ᠢ ᠪᠤᠢ ᠪᠣᠯᠭᠠᠬᠤ᠂ ᠠᠵᠢᠯᠯᠠᠭ᠎ᠠ ᠶᠢ ᠤᠯᠠᠨ ᠡᠰᠢᠵᠢᠬᠦᠯᠬᠦ︾  ᠶᠢ ᠢᠮᠠᠭᠲᠠ ᠪᠠᠷᠢᠮᠲᠠᠯᠠᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ ᠡᠳᠦᠷ︾᠂ ᠤᠷᠠᠨ ᠰᠠᠶᠢᠬᠠᠨ ᠤ ᠲᠣᠭᠯᠠᠯᠲᠠ᠂ ᠮᠡᠳᠡᠯᠭᠡ ᠶᠢᠨ ᠤᠬᠠᠭᠤᠯᠭ᠎ᠠ ᠵᠡᠷᠭᠡ ᠲᠦᠷᠦᠯ ᠵᠦᠢᠯ ᠢᠶᠠᠷ ᠪᠠᠶᠠᠯᠢᠭ ᠰᠢᠷᠢᠰ ᠠᠵᠢᠯᠯᠠᠭ᠎ᠠ ᠶᠢ ᠲᠣᠭᠲᠠᠭᠠᠪᠠ᠃
   ᠠᠭᠤᠷ ᠠᠮᠢᠰᠬᠤᠯ ᠢ ᠪᠤᠢ ᠪᠣᠯᠭᠠᠵᠤ᠂ ᠬᠥᠳᠡᠯᠭᠡᠭᠡᠨ ᠤ ᠰᠦᠷ ᠬᠦᠴᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠤᠷᠠᠨ ᠰᠠᠶᠢᠬᠠᠨ ᠤ ᠲᠣᠭᠯᠠᠯᠲᠠ ᠶᠢᠨ ᠤᠬᠠᠭᠤᠯᠭ᠎ᠠ᠂ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠭᠠᠷ ᠳᠡᠪᠲᠡᠷ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ ᠵᠡᠷᠭᠡ ᠣᠯᠠᠨ ᠵᠦᠶᠯ ᠤᠨ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠥᠷᠭᠡᠨ ᠣᠯᠠᠨ ᠲᠦᠮᠡᠨ ᠳᠤ ᠠᠶᠤᠯ ᠥᠬᠡᠶ ᠦᠶᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠠ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠨ᠂ ︽ᠠᠶᠤᠯ ᠥᠬᠡᠶ ᠦᠶᠯᠡᠳᠪᠦᠷᠢᠯᠡᠯ ᠤᠨ ᠰᠠᠷ᠎ᠠ︾ ᠶᠢᠨ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ᠃ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠬᠠᠭᠤᠳᠠᠰᠤ᠂ ᠭᠠᠷ ᠳᠡᠪᠲᠡᠷ ᠢ 400 ᠭᠠᠷᠤᠢ ᠬᠤᠪᠢ ᠲᠠᠷᠬᠠᠭᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃
   ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠶᠢᠷ᠎ᠠ ᠳᠤ᠂ ᠵᠢᠦ ᠯᠦᠩ ᠰᠢᠶᠠᠩ ᠤᠨ ᠠᠷᠠᠳ ᠤᠨ ᠵᠠᠰᠠᠭ ᠤᠨ ᠣᠷᠳᠣᠨ ᠵᠢᠦ ᠯᠦᠩ ᠪᠠᠭ᠎ᠠ ᠰᠤᠷᠭᠠᠭᠤᠯᠢ ᠲᠠᠢ ᠬᠠᠮᠲᠤᠷᠠᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠭᠤᠭᠴᠤᠭ᠎ᠠ ᠶᠢ ᠨᠠᠷᠢᠨ ᠨᠢᠮᠪᠠᠶ ᠲᠣᠬᠢᠷᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠳᠤᠷᠠᠴᠤᠳ ᠰᠤᠷᠤᠭᠴᠢᠳ ᠲᠤ ᠮᠠᠰᠢ ᠣᠯᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠣᠳᠠᠲᠤ ᠬᠡᠷᠡᠭᠯᠡᠭᠡᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠰᠤᠷᠤᠭᠴᠢᠳ ᠲᠤ ᠭᠡᠨᠡᠳᠲᠡ ᠶᠢᠨ ᠪᠠᠶᠢᠳᠠᠯ ᠳᠣᠤᠷᠠᠬᠢ ᠲᠦᠷᠭᠡᠨ ᠠᠮᠢ ᠵᠢᠭᠤᠲᠠᠬᠤ ᠤᠷ᠎ᠠ ᠮᠡᠷᠭᠡᠵᠢᠯ ᠤᠨ ᠠᠵᠢᠯᠯᠠᠭ᠎ᠠ ᠶᠢ ᠲᠠᠶᠢᠯᠪᠤᠷᠢᠯᠠᠨ ᠥᠭᠴᠦ᠂ ᠣᠳᠣᠬᠠᠨ ᠤ ᠤᠯᠠᠷᠢᠯ ᠲᠠᠢ ᠤᠶᠠᠯᠳᠤᠭᠤᠯᠤᠨ᠂ ᠰᠤᠷᠤᠭᠴᠢᠳ ᠲᠤ ᠤᠰᠤᠨ ᠳᠤ ᠴᠠᠴᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠵᠢᠴᠢ ᠠᠩᠬᠠᠷᠬᠤ ᠵᠦᠶᠯᠡᠰ ᠢ ᠭᠤᠤᠯᠳᠠᠯᠭ᠎ᠠ ᠲᠠᠢ ᠨᠠᠷᠢᠯᠢᠭ ᠲᠠᠶᠢᠯᠪᠤᠷᠢᠯᠠᠨ ᠥᠭᠴᠦ᠂ ᠭᠡᠨᠡᠳᠲᠡ ᠶᠢᠨ ᠴᠢᠨᠠᠷᠲᠠᠶ ᠠᠮᠤᠷ ᠲᠦᠪᠰᠢᠨ ᠤ ᠪᠠᠴᠢᠮ ᠲᠠᠷᠬᠠᠯᠲᠠ ᠶᠢ ᠠᠷᠭᠠᠴᠠᠬᠤ ᠳᠤ ᠡᠷᠬᠢᠮ ᠨᠠᠨᠳᠢᠨ ᠦᠶᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠪᠠ᠃
   ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠬᠤᠭᠤᠴᠠᠭᠠᠨ ᠳᠤ᠂ ᠵᠢᠦ ᠯᠦᠩ ᠰᠢᠶᠠᠩ ᠲᠤᠰᠬᠠᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠵᠤᠨ  ᠤ ᠠᠮᠠᠷᠠᠯᠲᠠ ᠶᠢᠨ ᠬᠤᠭᠤᠴᠠᠭᠠᠨ ᠳᠤ ᠤᠰᠤᠨ ᠳᠤ ᠴᠠᠴᠠᠬᠤ ᠠᠴᠠ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ᠂ ᠠᠮᠤᠷ ᠲᠦᠪᠰᠢᠨ ᠤ ᠲᠥᠬᠦᠭᠡᠷᠦᠮᠵᠢ ᠶᠢ ᠨᠠᠷᠢᠨ ᠵᠢᠭᠰᠠᠭᠠᠨ ᠪᠠᠶᠢᠴᠠᠭᠠᠵᠤ᠂ ᠬᠡᠮ ᠰᠣᠭᠤᠭ ᠢ ᠴᠡᠭᠴᠡᠯᠡᠨ ᠵᠠᠰᠠᠬᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠠᠲᠤᠯᠠᠵᠤ᠂ ᠡᠯ᠎ᠡ ᠵᠦᠢᠯ  ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号