ᠶᠦᠩ ᠠᠨ ᠪᠠᠯᠭᠠᠰᠤ᠄ ᠵᠠᠭᠤᠨ ᠵᠢᠯ ᠤᠨ ᠡᠷᠲᠡᠨ ᠤ ᠮᠣᠳᠣ ᠯᠤᠲᠤ ᠶᠡᠭᠡ ᠬᠤᠪᠢᠷᠠᠯᠲᠠ ᠶᠢ ᠭᠡᠷᠡᠴᠢᠯᠡᠨ᠎ᠡ
ᠨᠡᠶᠢᠲᠡᠯᠡᠭᠰᠡᠨ ᠴᠠᠭ᠄
2024/6/29
   ᠡᠷᠲᠡᠨ ᠠᠴᠠ ᠠᠪᠤᠭᠠᠳ ᠤᠳᠠ ᠮᠣᠳᠣ ᠶᠢ ᠮᠠᠭᠲᠠᠭᠰᠠᠨ ᠰᠢᠯᠦᠭ ᠲᠣᠭᠠᠯᠠᠰᠢ ᠦᠭᠡᠢ ᠤᠯᠠᠨ ᠪᠠᠶᠢᠵᠤ᠂ ᠤᠳᠠ ᠮᠣᠳᠣᠨ ᠤ ᠤᠶᠠᠨ ᠵᠥᠭᠡᠯᠡᠨ ᠳᠤ ᠲᠡᠭᠦᠨ ᠤ ᠡᠷᠡᠰ ᠬᠠᠲᠠᠭᠤ ᠵᠣᠷᠢᠭ ᠰᠠᠨᠠᠭ᠎ᠠ ᠣᠨᠳᠣᠣ ᠪᠠᠶᠢᠳᠠᠭ᠃ ᠲᠦᠴᠢᠦᠸᠠᠨ ᠰᠢᠶᠠᠨ ᠤ ᠶᠦᠩ ᠠᠨ ᠪᠠᠯᠭᠠᠰᠤ ᠶᠢᠨ ᠶᠦᠩ ᠵᠢᠦ ᠲᠣᠰᠬᠤᠨ ᠳᠤ 4 ᠰᠠᠭᠤᠷᠢ ᠤᠳᠠ ᠮᠣᠳᠣ ᠪᠤᠢ᠂ ᠲᠡᠳᠡ ᠬᠡᠳᠦᠶᠢᠪᠡᠷ ᠵᠠᠭᠤᠨ ᠵᠢᠯ ᠢ ᠳᠠᠪᠠᠭᠰᠠᠨ ᠪᠣᠯᠪᠠᠴᠤ ᠮᠥᠨ ᠯᠡ ᠴᠤᠭ ᠵᠢᠪᠬᠤᠭ᠎ᠠ ᠲᠡᠭᠦᠯᠳᠡᠷ᠂ ᠠᠮᠢᠵᠢᠷᠠᠯ ᠤᠨ ᠬᠦᠴᠦᠨ  ᠢᠶᠠᠷ ᠪᠢᠯᠬᠠᠮ᠎ᠠ ᠪᠠᠶᠢᠵᠤ᠂ ᠶᠦᠩ ᠵᠢᠦ ᠲᠣᠰᠬᠤᠨ ᠤ ᠵᠠᠭᠤᠨ ᠵᠢᠯ ᠤᠨ ᠲᠡᠦᠬᠡ ᠶᠢᠨ ᠯᠤᠲᠤ ᠶᠡᠭᠡ ᠬᠤᠪᠢᠷᠠᠯᠲᠠ ᠶᠢ ᠭᠡᠷᠡᠴᠢᠯᠡᠪᠡ᠃
   ᠶᠦᠩ ᠵᠢᠤ ᠲᠣᠰᠬᠤᠨ ᠤ ᠲᠦᠷᠪᠡᠨ ᠤᠳᠠ ᠮᠣᠳᠣᠨ ᠤ ᠳᠣᠣᠷ᠎ᠠ᠂ ᠬᠡᠦᠬᠡᠳ ᠤᠳ ᠤᠳᠠ ᠮᠣᠳᠣᠨ ᠤ ᠲᠣᠭᠤᠷᠢᠨ ᠳᠤ ᠾᠧ ᡁᠢ ᠵᠠᠩ ᠤᠨ ᠠᠯᠳᠠᠷᠲᠤ ᠥᠭᠦᠯᠡᠪᠦᠷᠢ ᠶᠢ ᠠᠯᠠᠭ᠎ᠠ ᠲᠠᠰᠢᠨ ᠤᠩᠰᠢᠨ᠎ᠠ᠃ ᠳᠥᠷᠪᠡᠨ ᠤᠳᠠ ᠮᠣᠳᠣ ᠨᠢ ᠶᠦᠩ ᠵᠢᠦ ᠲᠣᠰᠬᠤᠨ ᠤ ᠤᠤᠯ ᠤᠨ ᠲᠥᠪ ᠪᠠᠭ᠎ᠠ ᠰᠤᠷᠭᠠᠭᠤᠯᠢ ᠳᠤ ᠪᠠᠶᠢᠷᠢᠯᠠᠵᠤ᠂ ᠤᠳᠠ ᠮᠣᠳᠣ ᠨᠢᠭᠡᠪᠦᠷᠢ ᠶᠢᠨ ᠳ᠋ᠢᠶᠠᠮᠧᠲᠷ ᠨᠢ ᠪᠠᠷᠤᠭ 3 ᠮᠧᠲᠷ᠂ ᠮᠣᠳᠣᠨ ᠤ ᠥᠨᠳᠥᠷ ᠨᠢ ᠪᠠᠷᠤᠭ 20 ᠮᠧᠲᠷ ᠪᠠᠶᠢᠵᠤ᠂ 7 - 8 ᠬᠥᠮᠦᠨ ᠭᠠᠷ ᠭᠠᠷ ᠢᠶᠠᠨ ᠬᠤᠯᠪᠣᠪᠠᠯ ᠰᠠᠶ᠋ᠢ ᠬᠦᠷᠢᠶᠡᠯᠡᠨ ᠠᠪᠴᠤ ᠴᠢᠳᠠᠨ᠎ᠠ᠃ ᠡᠨᠡ ᠳᠥᠷᠪᠡᠨ ᠲᠣᠮᠣ ᠤᠳᠠ ᠮᠣᠳᠣ ᠶᠢ ᠤᠤᠯ ᠨᠢ 1904 ᠣᠨ ᠤ ᠤᠷᠢᠳ ᠬᠤᠵᠢᠳ ᠢᠶᠠᠷ ᠠᠲᠠᠷ ᠬᠠᠭᠠᠯᠪᠤᠷᠢᠯᠠᠭᠴᠢ ᠰᠢᠶᠠ ᠪᠤᠤ ᠳ᠋ᠦᠩ ᠵᠠᠶᠢᠯᠠᠵᠤ᠂ ᠣᠲᠣ ᠠᠴᠠ 120 ᠵᠢᠯ ᠤᠨ ᠲᠡᠦᠬᠡ ᠲᠠᠢ ᠪᠣᠯᠵᠠᠶ᠃    ᠰᠤᠷᠪᠤᠯᠵᠢᠯᠠᠭᠴᠢ ᠲᠣᠰᠬᠤᠨ ᠤ ᠠᠷᠠᠳ ᠤᠨ ᠵᠢᠯᠤᠭᠤᠳᠤᠯᠭ᠎ᠠ ᠪᠠᠷ ᠰᠢᠶᠠ ᠪᠤᠤ ᠳ᠋ᠦᠩ ᠤᠨ ᠵᠢᠭᠡ ᠣᠮᠪᠣᠯᠣ ᠸᠠᠩ ᠬᠠᠢ ᠵᠢᠶᠦ᠋ᠨ ᠢ ᠡᠷᠢᠵᠦ ᠤᠯᠪᠠ᠂ ᠨᠠᠶᠠᠨ ᠨᠠᠰᠤᠲᠠᠢ ᠨᠠᠰᠤᠲᠠᠨ ᠰᠤᠷᠪᠤᠯᠵᠢᠯᠠᠭᠴᠢ ᠳᠤ ᠡᠷᠭᠢᠴᠡᠭᠦᠯᠬᠦ ᠳᠡᠭᠡᠨ  ︽ᠡᠨᠡ ᠲᠦᠷᠪᠡᠨ ᠤᠳᠠ ᠮᠣᠳᠣ ᠶᠢ ᠮᠢᠨᠦ ᠨᠠᠭᠠᠴᠤ ᠡᠪᠦᠭᠡ ᠰᠢᠶᠠ ᠪᠤᠤ ᠳ᠋ᠦᠩ ᠶᠦᠩ ᠵᠢᠦ ᠲᠣᠰᠬᠤᠨ ᠳᠤ ᠢᠷᠡᠭᠡᠳ ᠲᠠᠷᠢᠬᠰᠠᠨ ᠶᠤᠮ᠂ ᠲᠡᠷᠡ ᠦᠶ᠎ᠡ ᠳᠤ ᠶᠦᠩ ᠵᠢᠦ ᠲᠣᠰᠬᠤᠨ ᠪᠦᠷ ᠠᠳᠠᠷ ᠭᠠᠵᠠᠷ ᠪᠠᠶᠢᠵᠠᠢ᠂ ᠮᠠᠨ ᠤ ᠬᠢ ᠪᠣᠯᠤᠨ ᠯᠢᠦ ᠤᠪᠤᠭ᠂ ᠭᠤᠤ ᠤᠪᠤᠭ ᠤᠨ 10 ᠭᠠᠷᠤᠢ ᠡᠷᠦᠬᠡ ᠯᠡ ᠪᠠᠶᠢᠵᠠᠢ᠃ ᠲᠡᠷᠡ ᠦᠶ᠎ᠡ ᠳᠤ ᠲᠠᠷᠢᠶ᠎ᠠ ᠪᠣᠯ ᠮᠢᠨᠦ ᠨᠠᠭᠠᠴᠤ ᠡᠪᠦᠭᠡ ᠨᠡᠷ ᠪᠠᠭ᠎ᠠ ᠪᠠᠭ᠎ᠠ ᠪᠠᠷ ᠬᠠᠭᠠᠯᠪᠤᠷᠢᠯᠠᠵᠤ ᠭᠠᠷᠭᠠᠭᠰᠠᠨ ᠶᠤᠮ᠂ ᠰᠡᠭᠦᠯᠡᠷ ᠨᠢ ᠬᠤᠶᠢᠨ᠎ᠠ ᠬᠤᠶᠢᠨ᠎ᠠ ᠠᠴᠠ ᠪᠠᠨ ᠢᠷᠡᠭᠰᠡᠨ ᠬᠥᠮᠦᠰ ᠲᠤ ᠬᠤᠪᠢᠶᠠᠨ ᠥᠭᠴᠡᠢ᠃ ᠡᠨᠡ ᠬᠡᠳᠦᠨ ᠵᠠᠭᠤᠨ ᠵᠢᠯ ᠤᠨ ᠡᠷᠲᠡᠨ ᠤ ᠮᠣᠳᠣ᠂  ᠶᠦᠩ ᠵᠢᠦ ᠲᠣᠰᠬᠤᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠢ ᠭᠡᠷᠡᠴᠢᠯᠡᠵᠦ᠂ ᠪᠢᠳᠡᠨ ᠤ ᠢᠳᠡᠵᠦ ᠴᠠᠳᠬᠤ ᠦᠭᠡᠢ ᠪᠠᠶᠢᠭᠰᠠᠨ ᠠᠴᠠ ᠪᠠᠨ ᠤᠳᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠭᠡᠷᠡᠴᠢᠯᠡᠪᠡ᠃ ᠤᠤᠯ ᠨᠢ ᠮᠠᠨ ᠤ ᠭᠠᠵᠠᠷ ᠪᠠᠭ᠎ᠠ ᠬᠥᠮᠦᠨ ᠬᠤᠪᠣᠷ ᠪᠤᠳᠠᠭ᠎ᠠ ᠶᠢᠨ ᠤᠨᠠᠯᠲᠠ ᠳᠣᠣᠷ᠎ᠠ ᠪᠠᠶᠢᠭᠰᠠᠨ ᠪᠣᠯ ᠤᠳᠤ ᠲᠠᠷᠢᠶᠠᠴᠢᠳ ᠲᠠᠷᠢᠶ᠎ᠠ ᠲᠠᠷᠢᠬᠤ ᠳᠠᠭᠠᠨ ᠮᠦ ᠪᠦᠷᠢ ᠶᠢᠨ ᠤᠨᠠᠯᠲᠠ ᠨᠢ ᠮᠢᠩᠭᠠᠨ ᠵᠢᠩ ᠪᠠᠶᠢᠬᠤ ᠳᠤ ᠤᠯᠤᠰ ᠠᠴᠠ ᠪᠠᠰᠠ ᠨᠥᠬᠦᠪᠥᠷᠢ ᠥᠭᠬᠦ ᠪᠣᠯᠪᠠ᠂ ᠠᠮᠢᠳᠤᠷᠠᠯ ᠦᠨᠡᠬᠡᠷ ᠶᠠᠪᠤᠬᠤ ᠲᠤᠳᠤᠮ ᠰᠠᠶᠢᠵᠢᠷᠠᠵᠤ ᠪᠠᠶᠢᠨ᠎ᠠ︾ ᠭᠡᠵᠡᠢ᠃
   ᠸᠠᠩ ᠬᠠᠢ ᠵᠢᠶᠦ᠋ᠨ ᠨᠠᠰᠤᠲᠠᠨ ᠤ ᠬᠡᠯᠡᠭᠰᠡᠨ ᠰᠢᠭ ᠢᠶᠠᠷ᠂ ᠶᠦᠩ ᠵᠢᠦ ᠲᠣᠰᠬᠤᠨ ᠨᠢ ᠬᠠᠮᠤᠭ ᠠᠩᠬᠠᠨ ᠤ 10 ᠭᠠᠷᠤᠢ ᠡᠷᠦᠬᠡ ᠪᠠᠶᠢᠭᠰᠠᠨ ᠠᠴᠠ ᠪᠠᠨ ᠤᠳᠤ 352 ᠡᠷᠦᠬᠡ 1104 ᠬᠥᠮᠦᠨ ᠪᠣᠯᠤᠨ ᠨᠡᠮᠡᠭᠳᠡᠵᠦ᠂ ᠤᠳᠤ ᠪᠠᠶᠢᠭ᠎ᠠ ᠲᠠᠷᠢᠶᠠᠨ ᠭᠠᠵᠠᠷ ᠤᠨ ᠲᠠᠯᠠᠪᠠᠢ 11697 ᠮᠦ ᠪᠤᠢ᠂ ᠬᠠᠮᠤᠭ ᠠᠩᠬᠠᠨ ᠤ ᠠᠷᠴᠢᠭᠤᠷ ᠬᠠᠰᠢᠶ᠎ᠠ ᠲᠠᠢ ᠲᠠᠷᠢᠶᠠᠯᠠᠬᠤ ᠵᠠᠭᠪᠤᠷ ᠠᠴᠠ ᠪᠠᠨ ᠦᠶ᠎ᠡ ᠤᠯᠠᠷᠢᠨ ᠲᠠᠷᠢᠵᠤ ᠣᠷᠣᠯᠠᠨ ᠬᠤᠷᠢᠶᠠᠬᠤ ᠮᠠᠰᠢᠨᠴᠢᠯᠠᠭᠰᠠᠨ ᠠᠵᠢᠯᠯᠠᠭ᠎ᠠ ᠪᠤᠯᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠭᠡᠷ ᠤᠨ ᠡᠭᠦᠳᠡᠨ ᠳᠤ ᠬᠦᠷᠲᠡᠯ᠎ᠡ ᠵᠠᠰᠠᠵᠤ᠂ ᠲᠦᠷᠭᠡᠨ ᠬᠦᠷᠭᠡᠯᠲᠡ ᠶᠢ ᠰᠢᠭᠤᠳ ᠭᠡᠷ ᠲᠤᠨᠢ ᠬᠦᠷᠭᠡᠪᠡ᠃ ᠨᠤᠲᠤᠭ ᠲᠠᠭᠠᠨ ᠪᠤᠴᠠᠵᠤ ᠦᠢᠯᠡᠰ ᠪᠤᠰᠬᠠᠬᠰᠠᠨ ᠵᠠᠯᠠᠭᠤᠴᠤᠳ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ᠂ ᠹᠧᠨᠲ᠋ᠢᠶᠤᠤᠷ ᠪᠣᠯᠪᠠᠰᠤᠷᠠᠭᠤᠯᠬᠤ ᠦᠢᠯᠡᠳᠪᠦᠷᠢ᠂ ᠦᠵᠦᠮ ᠲᠡᠭᠦᠬᠦ ᠬᠦᠷᠢᠶᠡᠯᠡᠩ ᠵᠡᠷᠭᠡ ᠠᠵᠤ ᠠᠬᠤᠶᠢᠯᠠᠯ ᠪᠠᠶᠢᠭᠤᠯᠵᠤ᠂ ᠶᠦᠩ ᠵᠢᠤ ᠲᠣᠰᠬᠤᠨ ᠤ ᠬᠠᠮᠲᠤ ᠶᠢᠨ ᠠᠵᠤ ᠠᠬᠤᠢ  ᠶᠢᠨ ᠵᠢᠯ ᠤᠨ ᠣᠷᠣᠯᠭ᠎ᠠ ᠨᠢ 40 ᠲᠦᠮᠡᠨ ᠲᠥᠭᠦᠷᠢᠭ ᠣᠷᠴᠢᠮ ᠳᠤ ᠬᠦᠷᠴᠡᠢ᠃    ᠵᠠᠭᠤᠨ ᠵᠢᠯ ᠤᠨ ᠡᠷᠲᠡᠨ ᠤ ᠮᠣᠳᠣ ᠨᠢ ᠵᠠᠭᠤᠨ ᠵᠢᠯ ᠤᠨ ᠯᠤᠲᠤ ᠶᠡᠭᠡ ᠬᠤᠪᠢᠷᠠᠯᠲᠠ ᠶᠢ ᠭᠡᠷᠡᠴᠢᠯᠡᠨ᠎ᠡ᠂ ᠲᠡᠷᠡ  ᠨᠢ ᠨᠢᠭᠡ ᠲᠣᠰᠬᠤᠨ ᠤ ᠬᠥᠭᠵᠢᠯ ᠮᠠᠨᠳᠤᠯ ᠢ ᠭᠡᠷᠡᠴᠢᠯᠡᠨ᠎ᠡ᠂ ᠲᠡᠷᠡ ᠨᠢ ᠲᠣᠰᠬᠤᠨ ᠤ ᠬᠥᠮᠦᠰ ᠤᠨ ᠠᠮᠢᠳᠤᠷᠠᠯ ᠤᠨ ᠬᠤᠪᠢᠷᠠᠯᠲᠠ ᠶᠢ ᠭᠡᠷᠡᠴᠢᠯᠡᠨ᠎ᠡ᠂ ᠲᠡᠷᠡ ᠨᠢ ᠲᠠᠷᠢᠶᠠᠯᠠᠬᠤ ᠰᠣᠶᠣᠯ ᠤᠨ ᠬᠥᠭᠵᠢᠯᠲᠡ ᠳᠠᠪᠰᠢᠯᠲᠠ ᠶᠢ ᠭᠡᠷᠡᠴᠢᠯᠡᠨ᠎ᠡ᠂ ᠲᠡᠷᠡ ᠨᠢ ᠡᠬᠡ ᠤᠯᠤᠰ ᠤᠨ ᠠᠭᠤᠯᠠ ᠤᠰᠤ ᠶᠢ ᠭᠡᠷᠡᠴᠢᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号