ᠠᠨᠠᠷ ᠴᠡᠴᠡᠭ ᠮᠢᠷᠠᠯᠵᠠᠨ ᠳᠡᠯᠭᠡᠷᠡᠨ᠎ᠡ
ᠨᠡᠶᠢᠲᠡᠯᠡᠭᠰᠡᠨ ᠴᠠᠭ᠄
2024/6/29
   ᠡᠪᠦᠭᠡᠨ ᠠᠭᠤᠯᠠ ᠰᠡᠬᠦᠶᠢᠨ ᠰᠦᠨᠳᠡᠷᠯᠡᠵᠦ᠂ ᠡᠳᠦᠷ ᠠᠴᠠ ᠡᠳᠦᠷ ᠰᠢᠨᠡᠳᠦᠨ ᠬᠥᠭᠵᠢᠬᠦ ᠶᠢ ᠭᠡᠷᠡᠴᠢᠯᠡᠨ᠎ᠡ︔ ᠵᠢᠶᠤᠤ ᠯᠢᠦ ᠾᠧ ᠭᠤᠤᠯ ᠳᠣᠯᠭᠢᠶᠠᠯᠠᠨ ᠳᠠᠪᠠᠯᠭᠠᠯᠠᠵᠤ᠂ ᠴᠠᠭ ᠦᠶ᠎ᠡ ᠶᠢᠨ ᠲᠦᠭ ᠲᠦᠮᠡᠨ ᠠᠭᠤᠷ ᠠᠮᠢᠰᠬᠤᠯ ᠢ ᠳᠣᠭᠳᠣᠯᠤᠭᠤᠯᠤᠨ᠎ᠠ᠃    ᠡᠨᠡ ᠪᠣᠯ ᠬᠦᠰᠡᠯ ᠡᠷᠡᠮᠡᠯᠵᠡᠯ ᠪᠢᠯᠬᠠᠭᠰᠠᠨ ᠬᠡᠷ ᠣᠷᠣᠨ ᠮᠥᠨ᠂ ᠡᠨᠡ ᠪᠣᠯ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠠᠯᠠᠭᠤᠨ ᠬᠥᠷᠥᠰᠥ ᠮᠥᠨ᠂ ᠡᠨᠡ ᠬᠦ ᠨᠤᠲᠤᠭ ᠳᠡᠪᠢᠰᠬᠡᠷ ᠨᠢ 31 ᠦᠨᠳᠦᠰᠦᠲᠡᠨ᠂ 29.5 ᠲᠦᠮᠡᠨ ᠣᠯᠠᠨ ᠲᠦᠮᠡᠨ ᠢ ᠤᠮᠳᠠᠯᠠᠵᠤ ᠪᠠᠶᠢᠨ᠎ᠠ᠃ ᠬᠢᠩᠭᠠᠨ ᠠᠶᠢᠮᠠᠭ ᠤᠨ ᠲᠦᠴᠢᠦᠸᠠᠨ ᠰᠢᠶᠠᠨ ᠴᠡᠴᠡᠷᠯᠢᠭ᠂ ᠵᠢᠮᠢᠰ ᠤᠨ ᠬᠦᠷᠢᠶᠡᠯᠡᠩ᠂ ᠵᠤᠭᠠᠴᠠᠯ ᠤᠨ ᠬᠦᠷᠢᠶᠡᠯᠡᠩ᠂ ᠨᠣᠭᠤᠭ᠎ᠠ ᠶᠢᠨ ᠬᠦᠷᠢᠶᠡᠯᠡᠩ ᠢ ᠴᠣᠭᠴᠠᠯᠠᠬᠤ ᠶᠠᠪᠤᠴᠠ  ᠳᠠᠭᠠᠨ ᠨᠡᠩ ᠴᠤ ᠪᠦᠳᠦᠭᠡᠨ ᠪᠠᠶᠢᠭᠤᠯᠤᠯᠲᠠ ᠶᠢᠨ ᠳᠤᠮᠳᠠ ᠨᠢᠭᠲᠠᠷᠠᠭᠤᠯᠤᠭᠰᠠᠨ ᠡᠷᠡᠯᠬᠡᠭᠯᠡᠨ ᠤᠷᠤᠭᠰᠢᠯᠠᠬᠤ ᠬᠦᠴᠦᠨ᠂ ᠤᠶᠤᠨ ᠰᠠᠨᠠᠭᠠᠨ ᠤ ᠬᠦᠴᠦᠨ ᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠴᠢᠰᠤ ᠮᠢᠬᠠᠨ ᠳᠤ ᠭᠦᠨ ᠠᠭᠤᠰᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠪᠣᠯᠭᠠᠭᠰᠠᠨ ᠪᠠᠶᠢᠨ᠎ᠠ᠃    ᠰᠣᠶᠣᠯ ᠢᠶᠠᠷ ᠰᠡᠳᠬᠢᠯ ᠢ ᠤᠮᠳᠠᠯᠠᠵᠤ᠂ ᠬᠥᠭᠵᠢᠯᠲᠡ ᠶᠢᠨ ᠰᠠᠶᠢᠨ ᠦᠵᠡᠮᠵᠢ ᠶᠢ ᠬᠠᠮᠳᠤ ᠪᠠᠷ ᠵᠢᠷᠤᠭᠯᠠᠨ᠎ᠠ    ᠠᠮᠠᠷᠠᠯᠲᠠ ᠶᠢᠨ ᠬᠤᠭᠤᠴᠠᠭ᠎ᠠ ᠪᠣᠯᠬᠤ ᠪᠦᠷᠢ᠂ ᠬᠢᠩᠭᠠᠨ ᠠᠶᠢᠮᠠᠭ ᠤᠨ ᠠᠩᠬᠠᠳᠠᠭᠴᠢ ᠲᠣᠭᠠᠴᠢᠯᠠᠭᠰᠠᠨ ᠰᠣᠶᠣᠯ  ᠤᠨ ᠨᠡᠪᠴᠢᠮᠡᠯ ᠮᠠᠶ᠋ᠢᠭ ᠤᠨ ᠪᠡᠶᠡᠴᠢᠯᠡᠨ ᠣᠶᠢᠯᠠᠭᠠᠬᠤ ᠣᠷᠳᠣᠨ ︽ᠯᠢᠴᠢᠤᠸᠠᠨ ᠤ  ᠦᠯᠢᠭᠡᠷ ᠲᠦᠴᠢᠦᠸᠠᠨ ᠤ ᠭᠠᠷ ᠡᠭᠦᠳᠦᠯᠲᠡ︾ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ  ᠤᠨ ᠪᠡᠶᠡᠴᠢᠯᠡᠨ ᠣᠶᠢᠯᠠᠭᠠᠬᠤ ᠣᠷᠳᠣᠨ ᠳᠤ ᠵᠤᠭᠠᠴᠠᠭᠰᠠᠳ ᠢᠶᠠᠷ ᠳᠦᠭᠦᠷᠳᠡᠭ᠃ ᠣᠷᠳᠣᠨ ᠤ ᠳᠣᠲᠣᠷ᠎ᠠ ︽ᠤᠭ ᠦᠨᠳᠦᠰᠦ ᠪᠠᠨ ᠬᠠᠶᠢᠵᠤ ᠠᠷᠠᠳ ᠤᠨ ᠵᠠᠩ ᠦᠢᠯᠡ ᠶᠢᠨ ᠡᠬᠢ ᠰᠤᠷᠪᠤᠯᠵᠢ ᠶᠢ ᠡᠷᠢᠬᠦ︾᠂ ︽ᠲᠦᠴᠢᠦᠸᠠᠨ ᠤ ᠵᠠᠭᠤᠨ ᠵᠢᠯ ᠤᠨ ᠵᠠᠩ ᠦᠢᠯᠡ ᠬᠤᠲᠠ ᠶᠢᠨ ᠠᠮᠢᠳᠤᠷᠠᠯ︾ ᠢᠶᠠᠷ ᠭᠤᠣᠯ ᠰᠡᠳᠦᠪ ᠪᠣᠯᠭᠠᠵᠤ᠂ ᠲᠦᠴᠢᠦᠸᠠᠨ ᠰᠢᠶᠠᠨ  ᠤ ᠠᠷᠠᠳ ᠤᠨ ᠵᠠᠩ ᠦᠢᠯᠡ ᠶᠢᠨ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠢ ᠪᠦᠬᠦ ᠲᠠᠯ᠎ᠠ ᠪᠠᠷ ᠢᠯᠡᠷᠡᠭᠦᠯᠵᠦ᠂ ᠵᠤᠭᠠᠴᠠᠭᠰᠠᠳ ᠢ ᠲᠠᠲᠠᠨ᠎ᠠ᠃    ᠰᠤᠷᠪᠤᠯᠵᠢᠯᠠᠭᠴᠢ ᠦᠵᠡᠭᠦᠯᠭᠡ ᠶᠢᠨ ᠲᠢᠩᠬᠢᠮ ᠳᠤ ᠣᠯᠵᠤ ᠬᠠᠷᠠᠭᠰᠠᠨ ᠨᠢ᠂ ᠰᠤᠳᠤᠯᠤᠨ ᠰᠤᠷᠤᠯᠴᠠᠬᠤ ᠳᠤ ᠣᠷᠣᠯᠴᠠᠭᠰᠠᠨ ᠰᠤᠷᠤᠭᠴᠢᠳ ᠪᠡᠶ᠎ᠡ ᠪᠠᠷ ᠢᠶᠠᠨ ᠬᠦᠷᠴᠦ᠂ ᠭᠠᠷ ᠢᠶᠠᠷ ᠢᠶᠠᠨ ᠭᠢᠰᠬᠢᠵᠦ᠂ ᠤᠶᠤᠨᠲᠤ ᠪᠠᠭᠠᠵᠢ ᠬᠡᠷᠡᠭᠰᠡᠯ ᠢᠶᠠᠷ ᠨᠠᠭᠠᠵᠤ᠂ ᠯᠢ ᠴᠢᠤᠸᠠᠨ ᠤ ᠦᠯᠢᠭᠡᠷ ᠢ ᠰᠢᠭᠤᠳ᠂ ᠠᠮᠢᠳᠤᠯᠢᠭ ᠢᠶᠠᠷ ᠰᠡᠷᠭᠦᠭᠡᠵᠦ ᠴᠢᠳᠠᠨ᠎ᠠ᠃ ︽ᠪᠢ ᠠᠳᠡ ᠮᠠᠰᠢ ᠳᠤᠷᠠᠲᠠᠶ᠂ ᠠᠳᠡᠬᠢ ᠦᠵᠡᠭᠦᠯᠦᠯᠭᠡ ᠮᠠᠰᠢ ᠭᠤᠶᠤ᠂ ᠪᠠᠰᠠ ᠮᠠᠰᠢ ᠣᠯᠠᠨ ᠲᠣᠭᠠᠴᠢᠯᠠᠭᠰᠠᠨ ᠮᠡᠷᠭᠡᠵᠢᠯ ᠪᠠᠶᠢᠨ᠎ᠠ᠂ ᠪᠢᠳᠡ ᠰᠤᠷᠬᠤ ᠶᠢᠨ ᠳᠠᠭᠠᠤ ᠨᠠᠭᠠᠳᠴᠤ ᠪᠣᠯᠤᠨ᠎ᠠ᠂ ᠦᠨᠡᠬᠡᠷ ᠨᠢᠭᠡ ᠤᠳᠠᠭᠠᠨ ᠤ ᠰᠢᠨ᠎ᠡ ᠰᠡᠪᠡᠭᠦᠨ ᠥᠩᠭᠡᠷᠡᠯᠲᠡ ᠪᠣᠯᠤᠨ᠎ᠠ᠃︾ ᠭᠡᠵᠦ  ᠰᠤᠳᠤᠯᠤᠨ ᠰᠤᠷᠤᠯᠴᠠᠬᠤ ᠰᠤᠷᠤᠭᠴᠢ ᠯᠢᠦ ᠽᠢ ᠰᠢᠤᠸᠠᠨ ᠰᠡᠳᠬᠢᠯ ᠳᠣᠭᠳᠣᠯᠤᠨ ᠬᠡᠯᠡᠪᠡ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ︽ᠰᠤᠷᠭᠠᠨ ᠬᠥᠮᠦᠵᠢᠯ ᠢ ᠦᠢᠯᠡᠳᠦᠯᠭᠡ ᠳᠤ ᠠᠬᠤᠭᠤᠯᠵᠤ᠂ ᠰᠤᠷᠭᠠᠨ ᠬᠥᠮᠦᠵᠢᠯ ᠢ ᠵᠤᠭᠠᠴᠠᠯ ᠳᠤ ᠠᠬᠤᠭᠤᠯᠬᠤ︾ ᠬᠠᠷᠠᠯᠲᠠ ᠶᠢ ᠴᠢᠩᠭ᠎ᠠ ᠠᠩᠬᠠᠷᠴᠤ᠂ ᠲᠦᠴᠢᠦᠸᠠᠨ ᠰᠢᠶᠠᠨ ᠤ ᠰᠣᠶᠣᠯ ᠤᠨ ᠣᠨᠴᠠᠯᠢᠭ ᠪᠣᠯᠤᠨ ᠪᠠᠶᠢᠭᠠᠯᠢ ᠶᠢᠨ ᠦᠵᠡᠮᠵᠢ ᠲᠠᠢ ᠤᠶᠠᠯᠳᠤᠭᠤᠯᠵᠤ᠂ ᠣᠷᠣᠨ ᠪᠦᠰᠡ ᠶᠢᠨ ᠰᠣᠶᠣᠯ ᠤᠨ ᠣᠨᠴᠠᠯᠢᠭ  ᠢ ᠲᠤᠪᠤᠶᠢᠯᠭᠠᠵᠤ᠂ ᠳᠠᠪᠠᠭᠤᠯᠢᠭ ᠰᠤᠳᠤᠯᠤᠨ ᠰᠤᠷᠤᠯᠴᠠᠬᠤ ᠡᠬᠢ ᠪᠠᠶᠠᠯᠢᠭ ᠢ ᠨᠢᠭᠡᠳᠭᠡᠵᠦ᠂ ᠨᠢᠭᠡ ᠪᠦᠯᠦᠭ ᠭᠤᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ ᠴᠢᠨᠠᠷ ᠰᠠᠶᠢᠲᠠᠢ ᠰᠤᠳᠤᠯᠤᠨ ᠰᠤᠷᠤᠯᠴᠠᠬᠤ ᠲᠦᠷᠦᠯ ᠵᠦᠢᠯ ᠢ ᠲᠥᠪᠯᠡᠷᠡᠭᠦᠯᠦᠨ ᠭᠠᠷᠭᠠᠵᠠᠢ᠃    ︽ᠪᠡᠶᠡᠴᠢᠯᠡᠨ ᠣᠶᠢᠯᠠᠭᠠᠬᠤ ᠣᠷᠳᠣᠨ ᠤ ᠭᠤᠷᠪᠠᠳᠤᠭᠠᠷ ᠠᠰᠠᠷ ᠲᠤ ᠪᠠᠰᠠ ᠥᠪᠡᠷᠮᠢᠴᠡ ᠣᠨᠴᠠᠯᠢᠭ ᠲᠠᠢ ᠰᠤᠳᠤᠯᠤᠨ ᠰᠤᠷᠤᠯᠴᠠᠬᠤ ᠣᠷᠣᠨ ᠵᠠᠢ ᠲᠠᠢ᠂ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠢ ᠰᠤᠷᠤᠯᠴᠠᠬᠤ ᠳᠤᠮᠳᠠ ᠨᠠᠭᠠᠳᠴᠤ᠂ ᠨᠠᠭᠠᠳᠬᠤ ᠲᠤᠮᠳᠠ ᠰᠤᠷᠤᠯᠴᠠᠵᠦ᠂ ᠲᠦᠴᠢᠦᠸᠠᠨ ᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠮᠡᠳᠡᠷᠡᠭᠦᠯᠵᠦ᠂ ᠲᠦᠴᠢᠦᠸᠠᠨ ᠤ ᠠᠷᠠᠳ ᠤᠨ ᠵᠠᠩ ᠦᠢᠯᠡ ᠶᠢᠨ ᠰᠣᠶᠣᠯ ᠢ ᠤᠯᠠᠮᠵᠢᠯᠠᠨ᠎ᠠ᠃︾ ᠭᠡᠵᠦ ᠲᠦᠴᠢᠦᠸᠠᠨ ᠰᠢᠶᠠᠨ ᠤ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ ᠤ ᠬᠠᠷᠢᠭᠤᠴᠠᠯᠭᠠᠲᠠᠨ ᠳ᠋ᠦᠩ ᠴᠢᠩ ᠢᠤᠢ ᠬᠡᠯᠡᠪᠡ᠃    ᠰᠣᠶᠣᠯ ᠤᠰᠤ ᠮᠡᠲᠦ᠂ ᠪᠣᠳᠠᠰ ᠢ ᠤᠮᠳᠠᠯᠠᠨ᠎ᠠ︔ ᠤᠳᠬ᠎ᠠ ᠤᠷᠠᠯᠢᠭ ᠰᠢᠯᠦᠭ ᠮᠡᠲᠦ᠂ ᠦᠵᠡᠮᠵᠢ ᠳᠤ ᠬᠠᠶᠢᠷ᠎ᠠ  ᠪᠠᠨ ᠲᠠᠯᠪᠢᠨ᠎ᠠ᠃ ᠲᠦᠴᠢᠦᠸᠠᠨ ᠰᠢᠶᠠᠨ ᠳᠤ ︽ᠰᠣᠶᠣᠯ ᠤᠨ ᠲᠣᠰᠬᠤᠨ ᠤ ᠳᠠᠷᠤᠭ᠎ᠠ︾ ᠭᠦᠷᠦᠭᠰᠡᠨ ᠭᠠᠵᠠᠷ ᠪᠣᠯᠭᠠᠨ ᠳᠤ᠂ ᠰᠣᠶᠣᠯ ᠤᠨ ᠦᠷ᠎ᠡ ᠶᠢ ᠳᠠᠷᠢᠵᠤ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠪᠠ ᠣᠶᠤᠨ  ᠤ ᠶᠢᠷᠲᠢᠨᠴᠦ ᠶᠢ ᠲᠠᠰᠤᠷᠠᠯᠲᠠ ᠥᠬᠡᠶ ᠤᠮᠳᠠᠯᠠᠵᠤ ᠪᠠᠶᠢᠳᠠᠭ᠃    ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ ᠳᠤ᠂ ︽ᠰᠣᠶᠣᠯ ᠤᠨ ᠲᠣᠰᠬᠤᠨ ᠤ ᠳᠠᠷᠤᠭ᠎ᠠ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠵᠠᠯᠭᠠᠮᠵᠢᠯᠠᠭᠴᠢ ᠵᠤᠤ ᠿᠢ ᠰᠢᠶᠠ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠡᠦᠬᠡ ᠶᠢ ᠲᠠᠨᠢᠯᠴᠠᠭᠤᠯᠬᠤ ᠶᠢᠨ ᠳᠠᠭᠠᠤ ᠲᠣᠰᠬᠤᠨ ᠤ ᠠᠷᠠᠳ ᠲᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠵᠢᠭᠠᠵᠤ ᠦᠭᠭᠦᠨ᠎ᠡ᠃    ᠰᠧ ᠵᠢᠶᠠ ᠽᠢ ᠲᠣᠰᠬᠤᠨ ᠪᠣᠯ ᠤᠯᠠᠨ ᠦᠨᠳᠦᠰᠦᠲᠡᠨ ᠤ ᠬᠠᠮᠲᠤ ᠶᠢᠨ ᠠᠵᠢᠯᠯᠠᠵᠦ ᠠᠮᠢᠳᠤᠷᠠᠵᠦ ᠪᠠᠶᠢᠭ᠎ᠠ ᠲᠣᠰᠬᠤᠨ ᠪᠣᠯᠤᠨ᠎ᠠ᠂ ᠲᠣᠰᠬᠤᠨ ᠤ ᠠᠷᠠᠳ ᠬᠠᠷᠢᠯᠴᠠᠨ ᠬᠦᠨᠳᠦᠳᠬᠡᠵᠦ᠂ ᠪᠦᠯᠬᠦᠮᠳᠡᠨ ᠨᠥᠬᠦᠷᠯᠡᠵᠦ᠂ ᠪᠦᠬᠦ ᠲᠣᠰᠬᠤᠨ ᠤ ᠠᠵᠤ ᠦᠢᠯᠡᠰ ᠬᠥᠭᠵᠢᠨ ᠴᠡᠴᠡᠭᠯᠡᠵᠦ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠪᠠᠶᠢᠵᠤ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠰᠢᠨ᠎ᠡ ᠪᠠᠶᠢᠳᠠᠯ ᠢᠯᠡᠷᠡᠪᠡ᠃ ᠡᠲᠡᠭᠡᠷ ᠨᠢ ᠴᠦ ᠵᠣᠣ ᠿᠢ ᠰᠢᠶᠠ ᠶᠢᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠪᠣᠷᠣ ᠮᠠᠲ᠋ᠧᠷᠢᠶᠠᠯ ᠤᠨ ᠢᠷᠡᠯᠲᠡ ᠪᠣᠯᠤᠭᠰᠠᠨ ᠶᠤᠮ᠂ ᠲᠡᠷᠡ ᠤᠯᠠᠮᠵᠢᠯᠠᠯᠲᠤ ᠤᠷ᠎ᠠ ᠮᠡᠷᠭᠡᠵᠢᠯ ᠤᠨ ᠰᠠᠭᠤᠷᠢᠨ ᠳᠡᠭᠡᠷ᠎ᠡ᠂ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ ᠤᠨ ᠤᠯᠠᠮᠵᠢᠯᠠᠯᠲᠤ ᠰᠣᠶᠣᠯ᠂ ᠠᠷᠠᠳ ᠤᠨ ᠵᠠᠩ ᠦᠶᠯᠡ ᠶᠢᠨ ᠠᠮᠢᠳᠤᠷᠠᠯ ᠢ ᠭᠦᠨᠵᠡᠭᠡᠶ ᠠᠭᠤᠳᠠᠯᠵᠤ᠂ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ ᠲᠠᠢ ᠣᠶᠢᠷᠠᠲᠤᠭᠰᠠᠨ᠂ ᠥᠪᠡᠷᠮᠢᠴᠡ ᠣᠨᠴᠠᠯᠢᠭ ᠲᠠᠢ ᠨᠢᠭᠡ ᠪᠦᠯᠦᠭ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠭᠰᠡᠨ ᠪᠠᠶᠢᠨ᠎ᠠ᠃ ︽ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢ ᠪᠢ ᠬᠦᠰᠡᠵᠦ ᠪᠠᠶᠢᠨ᠎ᠠ᠃ ᠮᠢᠨᠦ ᠪᠣᠳᠣᠬᠤ ᠪᠠᠷ ᠠᠷᠠᠳ ᠤᠨ ᠳᠤᠮᠳᠠ ᠣᠴᠢᠵᠤ᠂ ᠲᠡᠳᠡᠨ ᠳᠤ ᠨᠢᠭᠤᠷᠳᠠᠨ᠂ ᠴᠠᠭᠠᠰᠤᠨ ᠬᠠᠶᠢᠴᠢᠯᠠᠮᠠᠯ ᠢ ᠵᠢᠭᠠᠵᠤ ᠥᠭᠬᠦ ᠪᠣᠯ ᠤᠷ᠎ᠠ ᠮᠡᠷᠭᠡᠵᠢᠯ ᠢ ᠤᠯᠠᠮᠵᠢᠯᠠᠬᠤ ᠬᠠᠮᠤᠭ ᠤᠨ ᠰᠠᠶᠢᠨ ᠠᠷᠭ᠎ᠠ᠃ ᠪᠢ ᠵᠢᠭᠠᠬᠤ ᠳᠤᠷᠠᠲᠠᠶ᠂ ᠣᠯᠠᠨ ᠢᠶᠠᠷ ᠢᠶᠠᠨ ᠪᠠᠰᠠ ᠰᠤᠷᠬᠤ ᠳᠤᠷᠠᠲᠠᠶ᠃︾ ᠭᠡᠵᠦ ᠵᠤᠤ ᠿᠢ ᠰᠢᠶᠠ ᠬᠡᠯᠡᠪᠡ᠃    ᠤᠯᠠᠮᠵᠢᠯᠠᠯᠲᠤ ︽ᠰᠣᠶᠣᠯ ᠢ ᠬᠥᠳᠡᠭᠡ ᠪᠠᠭᠤᠯᠭᠠᠬᠤ︾ ᠪᠠᠶᠢᠭᠰᠠᠨ ᠠᠴᠠ ᠰᠣᠶᠣᠯ ᠢ ᠬᠥᠳᠡᠭᠡ ᠲᠣᠰᠬᠤᠨ ᠳᠤ ᠦᠨᠳᠦᠰᠦᠯᠡᠭᠦᠯᠬᠦ ᠪᠣᠯᠭᠠᠨ ᠬᠤᠪᠢᠷᠠᠭᠤᠯᠪᠠ᠃ ᠲᠦᠴᠢᠦᠸᠠᠨ ᠰᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠬᠦ ᠰᠢᠶᠠᠨ ᠤ 188 ᠵᠠᠰᠠᠭ ᠵᠠᠬᠢᠷᠭᠠᠨ ᠤ ᠲᠣᠰᠬᠤᠨ ᠳᠤ᠂ 70 ᠨᠡᠷᠡᠰ ᠤᠯᠤᠰ ᠲᠦᠷᠦ ᠶᠢ ᠡᠷᠬᠢᠮᠯᠡᠬᠦ᠂ ᠤᠨᠤᠯ ᠮᠡᠳᠡᠬᠦ᠂ ᠦᠨᠳᠦᠰᠦᠨ ᠱᠠᠲᠤᠨ ᠳᠤ ᠬᠠᠶᠢᠷᠳᠠᠢ᠂ ᠡᠭᠦᠷᠭᠡᠯᠡᠵᠦ ᠳᠡᠶᠢᠯᠬᠦ ᠤᠳᠬ᠎ᠠ ᠤᠷᠠᠯᠢᠭ ᠤᠨ ᠠᠵᠢᠯᠲᠠᠨ᠂ ᠰᠣᠶᠣᠯ ᠳᠤ ᠪᠠᠭ᠋ᠠᠲᠠᠶ ᠬᠥᠮᠦᠰ ᠵᠢᠴᠢ ᠡᠯ᠎ᠡ ᠡᠲᠡᠭᠡᠳ ᠤᠨ ᠨᠡᠷᠡᠲᠦ ᠬᠥᠮᠦᠰ ︽ᠰᠣᠶᠣᠯ ᠤᠨ ᠲᠣᠰᠬᠤᠨ ᠤ ᠳᠠᠷᠤᠭ᠎ᠠ ︾ ᠶᠢᠨ ᠲᠤᠰᠢᠶᠠᠯ ᠢ ᠡᠭᠦᠷᠭᠡᠯᠡᠨ᠎ᠡ᠂ ᠠᠶᠢᠯ ᠲᠣᠰᠬᠤᠨ ᠳᠤ ᠭᠦᠨᠵᠡᠭᠡᠶᠢᠷᠡᠨ ︽ᠲᠣᠰᠬᠤᠨ ᠤ ᠳᠠᠭᠤᠤ ᠬᠠᠩᠭᠢᠨᠠᠮ᠎ᠠ︾ ︽ᠪᠢᠳᠡᠨ ᠤ ᠰᠠᠶᠢᠨ ᠰᠠᠶᠢᠬᠠᠨ ᠠᠮᠢᠳᠤᠷᠠᠯ ᠢᠶᠠᠨ ᠪᠢᠴᠢᠭᠯᠡᠬᠦ︾ ︽ᠢᠨᠢᠶᠡᠮᠰᠦᠭᠯᠡᠯ ᠤᠨ ᠬᠦᠴᠦᠨ︾ ︽ᠮᠠᠨ ᠤ ᠲᠣᠰᠬᠤᠨ ᠤ ︿ᠣᠳᠣᠨ﹀ ᠢ ᠵᠢᠷᠤᠭᠯᠠᠬᠤ︾ ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠤᠨ ᠦᠶᠯᠡᠴᠢᠯᠡᠭᠡᠨ ᠤ ᠠᠵᠢᠯᠯᠠᠭ᠎ᠠ ᠦᠷᠨᠢᠭᠦᠯᠵᠦ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ᠂ ᠤᠷᠠᠯᠢᠭ ᠢᠶᠠᠷ ᠰᠡᠳᠬᠢᠯ ᠢᠶᠠᠨ ᠮᠡᠳᠡᠯᠴᠡᠬᠦ ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠶᠯᠡᠴᠢᠯᠡᠭᠡ ᠶᠢ ᠦᠨᠡᠨ ᠬᠦ ᠣᠯᠠᠨ ᠲᠦᠮᠡᠨ ᠤ ᠳᠤᠷᠠᠲᠠᠶ ᠦᠶᠯᠡᠴᠢᠯᠡᠭᠡ ᠪᠣᠯᠭᠠᠨ᠎ᠠ᠂ ᠣᠶᠢᠯᠠᠭᠠᠵᠤ ᠴᠢᠳᠠᠬᠤ᠂ ᠢᠲᠡᠭᠡᠵᠦ ᠪᠣᠯᠬᠤ᠂ ᠦᠨᠡᠨ ᠬᠦ ᠮᠠᠭᠲᠠᠨ ᠰᠠᠶᠢᠰᠢᠶᠠᠵᠤ ᠪᠠᠶᠭ᠎ᠠ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠪᠠ ᠳᠠᠶᠢᠴᠢᠨ ᠪᠠᠬᠢᠯᠡᠯᠲᠡ᠂ ᠬᠥᠳᠡᠭᠡ ᠲᠣᠰᠬᠤᠨ ᠤ ᠰᠣᠶᠣᠯ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃    ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠵᠣᠯ ᠵᠢᠷᠭᠠᠯ ᠤᠨ ᠴᠡᠴᠡᠭ ᠶᠠᠭ ᠰᠠᠶᠢᠬᠠᠨ ᠲᠡᠯᠭᠡᠷᠡᠨ᠎ᠡ    ᠬᠠᠷ᠎ᠠ ᠥᠷᠯᠥᠭᠡᠭᠦᠷ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠭᠡᠰᠢᠭᠦᠳ ᠲᠣᠭᠯᠠᠯᠲᠠ ᠪᠠᠨ ᠪᠣᠯᠪᠠᠰᠤᠷᠠᠵᠤ ᠡᠬᠢᠯᠡᠪᠡ᠃ ᠬᠥᠳᠡᠯᠭᠡᠭᠡᠨ ᠨᠢᠭᠡᠪᠦᠷᠢ᠂ ᠵᠦᠴᠦᠭᠡ ᠶᠢᠨ ᠦᠭᠡ ᠨᠢᠭᠡᠪᠦᠷᠢ ᠨᠢ ᠴᠥᠮ ᠥᠴᠦᠬᠡᠨ ᠴᠦ ᠰᠤᠯᠠᠷᠠᠵᠤ ᠴᠢᠳᠠᠬᠤ ᠦᠭᠡᠢ᠂ ᠴᠤᠭ ᠵᠢᠪᠬᠤᠭ᠎ᠠ ᠲᠡᠭᠦᠯᠳᠡᠷ᠂ ᠢᠲᠡᠭᠡᠯ ᠵᠣᠷᠢᠭ ᠲᠡᠭᠦᠯᠳᠡᠷ ᠪᠠᠶᠳᠠᠭ᠃    ︽ᠣᠶᠢᠷ᠎ᠠ ᠳᠤ ᠪᠢᠳᠡᠨ ᠤ ᠴᠠᠭ ᠨᠡᠮᠡᠵᠦ ᠪᠣᠯᠪᠠᠰᠤᠷᠠᠭᠰᠠᠨ ᠫᠷᠤᠭ᠍ᠷᠠᠮ ᠪᠣᠯ ᠠᠩᠬ᠎ᠠ ᠡᠭᠦᠳᠦᠭᠰᠡᠨ ᠬᠡᠦᠬᠡᠳ ᠤᠨ ᠵᠦᠴᠦᠭᠡ ︿ᠨᠠᠶᠢᠮᠠᠯᠵᠢ ᠶᠢᠨ ᠬᠠᠴᠢᠨ ᠤᠴᠠᠷᠠᠯ﹀ ᠪᠣᠯᠤᠨ᠎ᠠ᠂ 7 ᠰᠠᠷ᠎ᠠ ᠶᠢᠨ ᠳᠤᠮᠳᠠᠴᠢ ᠪᠠᠷ ᠲᠣᠭᠯᠠᠬᠤ ᠪᠠᠷ ᠲᠥᠯᠥᠪᠯᠡᠵᠦ ᠪᠠᠶᠢᠨ᠎ᠠ᠃ ᠪᠢᠳᠡᠨ ᠤ ᠡᠨᠡ ᠵᠦᠴᠦᠭᠡ ᠨᠡᠶᠢᠲᠡ ᠬᠤᠶᠠᠷ ᠬᠡᠪᠯᠡᠯ ᠲᠣᠬᠢᠷᠠᠭᠤᠯᠵᠠᠢ᠂ ᠨᠢᠭᠡ ᠬᠡᠪᠯᠡᠯ ᠨᠢ ᠵᠦᠴᠦᠭᠡ ᠶᠢᠨ ᠲᠠᠯᠠᠪᠤᠷ ᠲᠤ ᠭᠠᠷᠴᠤ᠂ ᠨᠢᠭᠡ ᠬᠡᠪᠯᠡᠯ ᠨᠢ ᠦᠵᠡᠮᠵᠢ ᠶᠢᠨ ᠣᠷᠣᠨ ᠳᠤ ᠣᠷᠣᠬᠤ ᠪᠣᠳᠠᠲᠤ ᠦᠵᠡᠭᠳᠡᠯ ᠳᠤ ᠭᠠᠷᠴᠤ ᠬᠡᠪᠯᠡᠭᠳᠡᠨ᠎ᠡ᠃ ᠪᠢᠳᠡ ᠮᠢᠩ ᠰᠢᠩ ᠨᠠᠭᠤᠷ ᠤᠨ ᠵᠢᠵᠢᠭ ᠨᠠᠶᠮᠠᠯᠵᠢ ᠪᠣᠯᠤᠨ ᠬᠢᠩᠭᠠᠨ ᠲᠤᠲᠤᠷᠭ᠎ᠠ᠂ ᠤᠰᠤᠨ ᠲᠤᠲᠤᠷᠭ᠎ᠠ ᠵᠡᠷᠭᠡ ᠣᠯᠠᠨ ᠵᠦᠶᠯ ᠤᠨ ᠡᠯᠧᠮᠧᠨ᠋ᠲ ᠢᠶᠠᠷ ᠬᠢᠩᠭᠠᠨ ᠠᠶᠢᠮᠠᠭ ᠤᠨ ᠰᠠᠶᠢᠨ ᠠᠭᠤᠯᠠ ᠰᠠᠶᠢᠨ ᠦᠵᠡᠮᠵᠢ ᠪᠣᠯᠤᠨ ᠨᠤᠲᠤᠭ ᠤᠨ ᠣᠨᠴᠠ ᠭᠠᠷᠤᠯᠲᠠ ᠶᠢ ᠤᠬᠠᠭᠤᠯᠵᠤ᠂ ᠨᠠᠩ ᠣᠯᠠᠨ ᠭᠠᠳᠠᠷ ᠣᠷᠣᠨ ᠤ ᠵᠤᠭᠠᠴᠠᠭᠰᠠᠳ ᠢ ᠬᠢᠩᠭᠠᠨ ᠠᠶᠢᠮᠠᠭ ᠲᠤ ᠢᠷᠡᠭᠦᠯᠵᠦ᠂ ᠬᠢᠩᠭᠠᠨ ᠠᠶᠢᠮᠠᠭ ᠢ ᠤᠶᠢᠯᠠᠭᠠᠭᠤᠯᠤᠨ᠎ᠠ᠃︾ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠳᠠᠷᠤᠭ᠎ᠠ ᠳ᠋ᠦᠩ ᠶᠢᠨ ᠮᠧᠢ ᠲᠠᠨᠢᠯᠴᠠᠭᠤᠯᠪᠠ᠃    ︽ᠨᠠᠶᠮᠠᠯᠵᠢ ᠶᠢᠨ ᠬᠠᠴᠢᠨ ᠶᠢᠨ ᠤᠴᠠᠷᠠᠯ︾ ᠳᠤ ᠭᠤᠤᠯᠳᠠᠭᠤ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠨᠠᠭᠤᠷ ᠤᠨ ᠲᠤᠲᠤᠷᠭ᠎ᠠ ᠶᠢᠨ ᠲᠠᠷᠢᠶᠠᠨ ᠳᠤ ᠠᠮᠢᠳᠤᠷᠠᠵᠤ ᠪᠠᠶᠢᠭ᠎ᠠ ᠨᠠᠶᠮᠠᠯᠵᠢ ᠶᠢᠨ ᠵᠡᠭᠦᠳᠦᠨ ᠤ ᠠᠶᠠᠯᠠᠯ ᠢᠶᠠᠨ ᠡᠬᠢᠯᠡᠭᠦᠯᠦᠭᠰᠡᠨ ᠥᠯᠢᠭᠡᠷ ᠢ ᠶᠠᠷᠢᠵᠠᠶ᠃ ᠲᠤᠰ ᠵᠦᠴᠦᠭᠡ ᠨᠢ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ  ᠳᠤ ᠢᠷᠡᠭᠰᠡᠨ︾ ᠵᠡᠷᠭᠡ ᠶᠢ ᠪᠠᠭᠲᠠᠭᠠᠭᠰᠠᠨ ᠣᠷᠣᠨ ᠨᠤᠲᠤᠭ ᠤᠨ ᠣᠨᠴᠠᠯᠢᠭ ᠲᠠᠢ ᠠᠯᠢ ᠤᠯᠠᠨ ᠲᠡᠦᠬᠡ ᠶᠢᠨ ᠮᠡᠳᠡᠯᠭᠡ ᠪᠠ ᠬᠤᠪᠢᠰᠬᠠᠯ ᠤᠨ ᠦᠯᠢᠭᠡᠷ ᠢ ᠤᠷᠠᠨ ᠢᠶᠠᠷ ᠬᠤᠯᠪᠣᠵᠤ᠂ ᠪᠢᠴᠢᠬᠠᠨ ᠨᠠᠶᠢᠵᠠ ᠨᠠᠷ ᠤᠨ ᠪᠠᠭ᠋ᠠᠷᠬᠠᠳᠠᠭ᠂ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠯᠦ ᠮᠡᠳᠡᠭᠳᠡᠮ᠎ᠡ  ᠪᠠᠷ ᠤᠯᠠᠮᠵᠢᠯᠠᠨ ᠵᠠᠯᠭᠠᠮᠵᠢᠯᠠᠪᠠ᠃    ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠢᠮᠠᠭᠲᠠ ︽ᠠᠷᠠᠳ ᠲᠦᠮᠡᠨ ᠢᠶᠠᠷ ᠭᠤᠣᠯ ᠪᠣᠯᠭᠠᠬᠤ︾ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠦᠨᠳᠦᠰᠦᠯᠡᠵᠦ᠂ ᠠᠮᠢᠳᠤᠷᠠᠯ ᠳᠤ ᠦᠨᠳᠦᠰᠦᠯᠡᠵᠦ᠂ ᠠᠷᠠᠳ ᠲᠦᠮᠡᠨ ᠤ ᠲᠥᠯᠥᠭᠡ ᠪᠢᠴᠢᠵᠦ᠂ ᠠᠷᠠᠳ ᠲᠦᠮᠡᠨ ᠤ ᠲᠥᠯᠥᠭᠡ ᠤᠶᠠᠩᠭᠠᠯᠠᠵᠤ᠂ ᠠᠷᠠᠳ ᠲᠦᠮᠡᠨ ᠤ ᠲᠥᠯᠥᠭᠡ ᠪᠤᠳᠤᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃ ︽ᠵᠢᠯ ᠤᠨ ᠡᠬᠢᠨ ᠠᠴᠠ ᠣᠲᠣ ᠪᠣᠯᠲᠠᠯ᠎ᠠ᠂ ᠪᠢᠳᠡ ᠲᠣᠭᠯᠠᠯᠲᠠ᠂ ᠤᠬᠠᠭᠤᠯᠭ᠎ᠠ᠂ ᠦᠶᠯᠡᠴᠢᠯᠡᠭᠡᠨ ᠤ ᠠᠵᠢᠯᠯᠠᠭ᠎ᠠ ᠶᠢ ᠨᠡᠶᠢᠲᠡ 70 ᠭᠠᠷᠤᠶ ᠤᠳᠠᠭ᠎ᠠ ᠪᠡᠶᠡᠯᠡᠭᠦᠯᠵᠦ᠂ ᠭᠥᠯᠢᠶᠡᠨ ᠠᠪᠤᠭᠴᠢᠳ 3 ᠲᠦᠮᠡ ᠶᠢ ᠳᠠᠪᠠᠪᠠ᠃︾ ᠭᠡᠵᠦ ᠳ᠋ᠦᠩ ᠶᠢᠨ ᠮᠧᠶ ᠬᠡᠯᠡᠪᠡ᠃    ᠲᠦᠴᠢᠦᠸᠠᠨ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠦᠶᠯᠡᠳᠦᠯᠭᠡ ᠶᠢᠨ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠡᠪᠯᠡᠯ ᠪᠣᠯ ᠮᠥᠨ ᠴᠦ ᠪᠠᠰᠤᠵᠤ ᠪᠣᠯᠤᠰᠢ ᠦᠭᠡᠢ ᠬᠦᠴᠦᠨ ᠮᠥᠨ᠃    2021 ᠣᠨ ᠳᠤ᠂ ᠲᠦᠴᠢᠦᠸᠠᠨ ᠰᠢᠶᠠᠨ ᠪᠦᠬᠦ ᠣᠷᠣᠨ ᠳᠤ ᠡᠩ ᠲᠡᠷᠢᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠢ ᠪᠠᠶᠢᠭᠤᠯᠵᠤ᠂ 1 ᠰᠢᠶᠠᠨ ᠤ ᠱᠠᠲᠤᠨ ᠤ ᠠᠬᠢᠭᠤᠯᠬᠤ ᠬᠤᠷᠠᠯ᠂ 10 ᠰᠢᠶᠠᠩ ᠪᠠᠯᠭᠠᠰᠤᠨ ᠤ ᠠᠬᠢᠭᠤᠯᠬᠤ ᠬᠤᠷᠠᠯ᠂ 203 ᠲᠣᠰᠬᠤᠨ ︵ᠨᠡᠶᠢᠭᠡᠮ ᠲᠣᠭᠤᠷᠢᠭ︶ ᠤ ᠠᠬᠢᠭᠤᠯᠬᠤ ᠬᠤᠷᠠᠯ ᠪᠣᠯᠤᠨ 2380 ᠳᠠᠩᠰᠠᠯᠠᠭᠤᠯᠤᠭᠰᠠᠨ ᠭᠡᠰᠢᠭᠦᠨ ᠢ ᠲᠦᠰᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ ᠨᠠᠷᠢᠯᠢᠬᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠪᠠ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠬᠤᠪᠢᠰᠬᠠᠯ ᠤᠨ ᠰᠣᠶᠣᠯ ᠤᠨ ᠰᠤᠳᠤᠯᠭᠠᠨ ᠤ ᠬᠤᠷᠠᠯ᠂ ᠲᠦᠷᠦ ᠶᠢᠨ ᠪᠤᠳᠤᠯᠭ᠎ᠠ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠲᠡᠷᠢᠭᠦᠨ ᠤ ᠦᠢᠯᠡ ᠠᠵᠢᠯᠯᠠᠭ᠎ᠠ  ᠶᠢᠨ ᠮᠡᠳᠡᠭᠦᠯᠦᠯᠲᠡ ᠶᠢᠨ ᠪᠦᠯᠬᠦᠮ᠂ ᠳᠤᠮᠳᠠᠳᠤ ᠶᠢᠨ ᠰᠣᠶᠣᠯ ᠤᠷᠠᠯᠢᠭ ᠤᠨ ᠪᠦᠯᠬᠦᠮ᠂ ︽ᠵᠢᠵᠢᠭ ᠠᠨᠠᠷ ᠤᠨ ᠦᠷ᠎ᠡ︾ ᠨᠡᠶᠢᠭᠡᠮ ᠤᠨ ᠪᠦᠯᠬᠦᠮ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠠᠬᠢᠭᠤᠯᠬᠤ ᠬᠤᠷᠠᠯ ᠵᠡᠷᠭᠡ ᠵᠢᠷᠭᠤᠭᠠᠨ ᠠᠵᠢᠯᠯᠠᠭ᠎ᠠ ᠶᠢᠨ ᠠᠴᠢᠶᠠᠯᠠᠪᠤᠷᠢ ᠳᠤ ᠲᠦᠰᠢᠭᠯᠡᠵᠦ᠂ ᠤᠨᠤᠯ ᠤᠨ ᠵᠢᠯᠤᠭᠤᠳᠤᠯᠭ᠎ᠠ᠂ ᠤᠬᠠᠭᠤᠯᠭ᠎ᠠ ᠶᠢᠨ ᠤᠳᠤᠷᠢᠳᠤᠮᠵᠢ᠂ ᠵᠢᠱᠢᠶ᠎ᠡ ᠦᠵᠡᠭᠦᠯᠵᠦ ᠳᠠᠶᠢᠴᠢᠯᠠᠬᠤ᠂ ᠰᠣᠶᠣᠯ ᠤᠨ ᠤᠮᠳᠠᠯᠠᠯ᠂ ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠬᠤ᠂ ᠤᠯᠠᠨ ᠲᠦᠮᠡᠨ ᠤ ᠭᠤᠣᠯ ᠴᠣᠭᠴᠠ ᠵᠡᠷᠭᠡ ᠵᠢᠷᠭᠤᠭᠠᠨ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃    ᠦᠨᠳᠦᠰᠦᠲᠡᠨ ᠨᠦᠭᠦᠳ ᠤᠨ ᠤᠯᠠᠨ ᠲᠦᠮᠡᠨ ᠲᠦᠷᠦᠭᠰᠡᠨ ᠠᠬ᠎ᠠ ᠳᠡᠭᠦᠦ ᠮᠡᠲᠦ ᠳᠣᠲᠣᠨᠣ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠶᠠᠪᠤᠬᠤ ᠲᠤᠳᠤᠮ ᠪᠠᠬᠢᠵᠢᠪᠡ᠂ ᠡᠨᠡ ᠪᠣᠯ ᠲᠦᠴᠢᠦᠸᠠᠨ ᠰᠢᠶᠠᠨ ᠤ ᠭᠤᠣᠯ ᠬᠦᠭ ᠠᠶᠠᠰ ᠪᠣᠯᠤᠨ᠎ᠠ᠃ ᠲᠠᠰᠤᠷᠠᠯᠲᠠ ᠦᠭᠡᠢ ᠶᠠᠪᠤᠯᠴᠠᠵᠤ ᠰᠣᠯᠢᠯᠴᠠᠵᠤ ᠠᠭᠤᠰᠤᠯᠴᠠᠬᠤ ᠳᠤᠮᠳᠠ᠂ ᠲᠦᠴᠢᠦᠸᠠᠨ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠶᠠᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠴᠣ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠯ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号