ᠲᠦᠴᠢᠦᠸᠠᠨ ᠰᠢᠶᠠᠨ ᠪᠦᠬᠦ ᠬᠦᠴᠦᠨ ᠪᠠᠷ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ‌‍ᠳᠤ ᠠᠶᠠᠯᠠᠯ ᠬᠠᠮᠠᠭᠠᠯᠠᠨ᠎ᠠ
ᠨᠡᠶᠢᠲᠡᠯᠡᠭᠰᠡᠨ ᠴᠠᠭ᠄
2024/6/29
   ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢ ᠳᠤ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠰᠢᠯᠭᠠᠯᠲᠠ ᠶᠢᠨ ᠣᠷᠴᠢᠨ ᠨᠥᠬᠦᠴᠡᠯ  ᠢ ᠪᠣᠶ ᠪᠣᠯᠭᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠡᠯ᠎ᠡ ᠰᠠᠯᠠᠭ᠎ᠠ ᠮᠥᠴᠢᠷ ︽ᠠᠮᠤᠷ ᠲᠦᠪᠰᠢᠨ ᠢᠶᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ︾ ᠶᠢᠨ ᠬᠠᠷᠠᠯᠲᠠ ᠶᠢᠨ ᠲᠣᠭᠤᠷᠢᠨ  ᠳᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃
   ᠰᠢᠯᠭᠠᠭᠤᠯᠤᠭᠴᠢ ᠶᠢᠨ ᠠᠮᠤᠷ ᠲᠦᠪᠰᠢᠨ ᠤᠷᠤᠭᠰᠢᠲᠠᠶ ᠰᠢᠯᠭᠠᠯᠲᠠ ᠳᠤ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ ᠡᠨᠡ ᠵᠢᠯ᠂ ᠲᠦᠴᠢᠦᠸᠠᠨ ᠰᠢᠶᠠᠨ ᠤ ᠹᠦ᠋ ᠰᠢᠶᠠᠩ ᠰᠤᠷᠭᠠᠭᠤᠯᠢ ᠶᠢᠨ ᠲᠡᠷᠭᠡᠨ ᠤ ᠬᠢᠵᠠᠭᠠᠷᠲᠤ ᠺᠣᠮᠫᠠᠨᠢ 35 ᠲᠤᠰᠬᠠᠶ ᠰᠤᠷᠭᠠᠭᠤᠯᠢ ᠶᠢᠨ ᠲᠡᠷᠭᠡ ᠬᠥᠳᠡᠯᠭᠡᠵᠦ᠂ ᠰᠤᠷᠤᠭᠴᠢᠳ ᠲᠤ ᠰᠤᠷᠭᠠᠭᠤᠯᠢ ᠶᠢᠨ ᠲᠡᠷᠭᠡ ᠬᠦᠷᠭᠡᠬᠦ ᠦᠶᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠵᠢᠯᠣᠭᠤᠴᠢ ᠶᠢ ᠤᠷᠢᠳᠴᠢᠯᠠᠨ ᠰᠢᠯᠭᠠᠯᠲᠠ ᠶᠢᠨ ᠲᠠᠯᠠᠪᠤᠷ  ᠤᠨ ᠡᠷᠬᠢᠨ ᠲᠣᠭᠤᠷᠢᠨ ᠤ ᠵᠠᠮ ᠱᠤᠭᠤᠮ ᠢ ᠲᠣᠳᠣᠷᠬᠠᠶ ᠮᠡᠳᠡᠭᠦᠯᠵᠦ᠂ ᠰᠤᠷᠭᠠᠭᠤᠯᠢ ᠪᠣᠯᠤᠨ ᠰᠢᠯᠭᠠᠯᠲᠠ ᠶᠢᠨ ᠴᠡᠭ  ᠤᠨ ᠬᠤᠭᠤᠷᠣᠨᠳᠣᠬᠢ ᠵᠠᠮ ᠢ ᠬᠠᠶᠢᠨ ᠪᠠᠶᠢᠴᠠᠭᠠᠪᠠ᠃ ᠡᠭᠦᠨ ᠤ ᠬᠠᠮᠲᠤ᠂ ᠲᠡᠷᠭᠡᠨ ᠤ ᠲᠣᠷᠣᠮᠰᠤᠯᠠᠬᠤ᠂ ᠴᠢᠭᠯᠡᠯ ᠰᠣᠯᠢᠬᠤ ᠵᠡᠷᠭᠡ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠣᠷᠣᠭᠴᠢ ᠳᠤ ᠪᠠᠲᠤᠯᠠᠭ᠎ᠠ ᠬᠠᠩᠭᠠᠨ᠎ᠠ᠃
   ︽ᠪᠢᠳᠡ ᠡᠳᠦᠷ ᠪᠦᠷᠢ ᠲᠡᠷᠭᠡᠨ ᠤ ᠳᠤᠭᠤᠶᠢᠯᠠᠪᠤᠷᠢ ᠶᠢᠨ ᠲᠣᠷᠣᠮᠰᠤᠯᠠᠭᠤᠷ ᠢ ᠪᠠᠶᠢᠴᠠᠭᠠᠵᠤ᠂ ᠲᠡᠷᠭᠡ ᠬᠥᠰᠬᠡ  ᠳᠤ ᠶᠠᠮᠠᠷ ᠴᠤ ᠠᠰᠠᠭᠤᠳᠠᠯ ᠥᠬᠡᠶ ᠪᠠᠶᠢᠬᠤ ᠶᠢ ᠪᠠᠲᠤᠯᠠᠨ᠎ᠠ᠂ ᠢᠯᠠᠩᠭᠤᠶ᠎ᠠ ᠣᠲᠣ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠤᠳᠠᠭ᠎ᠠ ᠨᠡᠮᠡᠵᠦ᠂ ᠰᠤᠷᠤᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠨ᠎ᠠ᠃︾ ᠭᠡᠵᠦ ᠲᠦᠴᠢᠦᠸᠠᠨ ᠰᠢᠶᠠᠨ ᠤ ᠹᠦ᠋ ᠰᠢᠶᠠᠩ ᠰᠤᠷᠭᠠᠭᠤᠯᠢ  ᠶᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠵᠢᠯᠣᠭᠤᠴᠢ ᠬᠤᠩ ᠪᠤᠤ ᠵᠢᠶᠠᠩ ᠬᠡᠯᠡᠪᠡ᠃    ᠡᠯ᠎ᠡ ᠵᠦᠶᠯ ᠤᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠤᠷᠤᠭᠰᠢᠲᠠᠶ ᠪᠥᠭᠡᠳ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠵᠡᠷᠭᠡ ᠰᠠᠯᠠᠭ᠎ᠠ ᠮᠥᠴᠢᠷ ᠤᠷᠢᠳᠴᠢᠯᠠᠨ ᠪᠠᠶᠢᠷᠢᠯᠠᠭᠤᠯᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠭᠤᠯᠤᠭᠴᠢ ᠳᠤ ᠬᠠᠮᠤᠭ ᠤᠨ ᠶᠡᠭᠡ ᠬᠡᠮᠵᠢᠶ᠎ᠡ ᠪᠠᠷ ᠨᠠᠷᠢᠯᠢᠭ ᠣᠨᠣᠴᠠᠲᠠᠶ ᠦᠶᠯᠡᠴᠢᠯᠡᠭᠡ ᠬᠠᠩᠭᠠᠪᠠ᠃    ︽ᠣᠲᠣ ᠶᠠᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠠᠭ ᠪᠣᠯᠵᠣ ᠪᠠᠶᠢᠨ᠎ᠠ᠂ ᠠᠵᠢᠯᠲᠠᠳ ᠪᠢᠳᠡᠨ ᠤ ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ᠂ ᠡᠯ᠎ᠡ ᠨᠢᠭᠡᠴᠡ ᠶᠢᠨ ᠬᠢᠨ ᠴᠦ ᠠᠵᠢᠯ ᠢᠶᠠᠨ ᠡᠶᠢᠮᠦ ᠰᠠᠶᠢᠨ ᠬᠢᠵᠦ ᠪᠠᠶᠢᠬᠤ ᠶᠢ ᠬᠠᠷᠠᠭᠠᠳ ᠪᠢᠳᠡ ᠬᠡᠷ ᠤᠨ ᠠᠬᠠᠮᠠᠳ ᠪᠣᠯᠤᠭᠰᠠᠨ ᠤ ᠬᠤᠪᠢ ᠳᠤ ᠮᠠᠰᠢ ᠰᠡᠳᠬᠢᠯ ᠬᠥᠳᠡᠯᠵᠦ ᠪᠠᠶᠢᠨ᠎ᠠ᠂ ᠰᠤᠷᠤᠭᠴᠢᠳ ᠴᠥᠮ ᠰᠠᠶᠢᠨ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ᠃︾ ᠭᠡᠵᠦ ᠭᠡᠷ ᠤᠨ ᠠᠬᠠᠮᠠᠳ ᠴᠧᠩ ᠰᠢᠶᠤᠤ ᠬᠤᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号