ᠨᠢᠭᠡ᠂ ᠶᠠᠭᠤᠨ ᠳᠤ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠡᠭᠦᠳᠦᠨ | ᠪᠠᠶᠢᠭᠤᠯᠬᠤ ᠪᠣᠶ︖ | ( ᠨᠢᠭᠡ ) ᠨᠡᠶᠢᠲᠡᠯᠡᠭᠰᠡᠨ ᠠᠬᠤᠶ ᠪᠠᠶᠢᠳᠠᠯ | ᠠᠮᠢ ᠠᠬᠤᠶ ᠶᠢᠨ ᠱᠣᠰᠢᠭ᠎ᠠ ᠶᠢᠨ ᠳᠦᠷᠢᠮ ᠨᠢ ᠪᠦᠬᠦ ᠳᠡᠯᠡᠬᠡᠶ ᠶᠢᠨ ᠬᠡᠪᠴᠢᠶᠡᠨ ᠳᠤ ᠬᠡᠪ ᠵᠠᠩᠰᠢᠯ ᠪᠣᠯᠵᠤ᠂ | 2012 ᠣᠨ ᠳᠤ ᠤᠤᠯ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠠᠴᠠ 《 ᠠᠮᠢ ᠠᠬᠤᠶ | ᠶᠢᠨ ᠤᠤᠯ ᠭᠠᠷᠤᠯᠲᠠ ᠶᠢᠨ ᠣᠷᠣᠨ ᠤ ᠦᠢᠯᠡᠳᠬᠦᠨ ᠤ ᠬᠠᠮᠠᠭᠠᠯᠠᠯᠲᠠ ᠶᠢ ᠦᠨᠡᠯᠡᠨ ᠲᠣᠭᠲᠠᠭᠠᠬᠤ ᠶᠡᠷᠦᠩᠬᠡᠶ | ᠳᠦᠷᠢᠮ 》᠂ 《 ᠠᠮᠢ ᠠᠬᠤᠶ ᠶᠢᠨ ᠤᠤᠯ ᠭᠠᠷᠤᠯᠲᠠ ᠶᠢᠨ ᠣᠷᠣᠨ ᠤ ᠦᠢᠯᠡᠳᠬᠦᠨ ᠢ ᠬᠠᠮᠠᠭᠠᠯᠠᠬᠤ ᠠᠵᠢᠯ ᠤᠨ | ᠵᠢᠯᠣᠭᠤᠳᠤᠮᠵᠢ ᠳᠦᠷᠢᠮ 》 ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠮᠢ | ᠠᠬᠤᠶ ᠶᠢᠨ ᠣᠨᠣᠯᠵᠢᠬᠤᠨ ᠬᠢᠭᠡᠳ ᠤᠤᠯ ᠭᠠᠷᠤᠯᠲᠠ ᠶᠢᠨ ᠣᠷᠣᠨ ᠤ ᠣᠨᠣᠯᠵᠢᠬᠤᠨ ᠢ ᠠᠩᠬ᠎ᠠ ᠤᠳᠠᠭ᠎ᠠ | ᠬᠠᠷᠢᠯᠴᠠᠨ ᠤᠶᠠᠯᠳᠤᠭᠤᠯᠵᠤ᠂ ᠠᠮᠢ ᠠᠬᠤᠶ ᠪᠠᠷ ᠤᠤᠯ ᠭᠠᠷᠤᠯᠲᠠ ᠶᠢᠨ ᠣᠷᠣᠨ ᠤ ᠲᠡᠮᠳᠡᠭ ᠢ ᠵᠢᠩᠬᠢᠨᠢ ᠪᠠᠷ | ᠣᠯᠭᠤᠵᠤ᠂ ᠳᠡᠯᠡᠬᠡᠶ ᠳᠡᠭᠡᠷ᠎ᠡ ᠤᠯᠤᠰ ᠤᠨ ᠠᠮᠢ ᠠᠬᠤᠶ ᠶᠢᠨ ᠤᠤᠯ ᠭᠠᠷᠤᠯᠲᠠ ᠶᠢᠨ ᠣᠷᠣᠨ ᠤ ᠦᠢᠯᠡᠳᠬᠦᠨ ᠢ | ᠬᠠᠮᠠᠭᠠᠯᠠᠬᠤ ᠳᠦᠷᠢᠮ ᠢ ᠠᠩᠬ᠎ᠠ ᠤᠳᠠᠭ᠎ᠠ ᠡᠭᠦᠳᠴᠦ᠂ ᠣᠳᠣᠬᠠᠨ ᠤ ᠳᠡᠯᠡᠬᠡᠶ ᠳᠡᠭᠡᠷᠡᠬᠢ ᠦᠢᠯᠡᠳᠬᠦᠨ ᠢ | ᠬᠠᠮᠠᠭᠠᠯᠠᠬᠤ ᠡᠷᠴᠢᠮ ᠢᠶᠠᠷ ᠬᠠᠮᠤᠭ ᠤᠨ ᠶᠡᠭᠡ ᠠᠮᠢ ᠠᠬᠤᠶ ᠶᠢᠨ ᠳᠦᠷᠢᠮ ᠪᠣᠯᠤᠭᠰᠠᠨ ᠪᠠᠶᠢᠨ᠎ᠠ ᠃ | ( ᠬᠤᠶᠠᠷ ) ᠡᠭᠦᠳᠦᠨ ᠪᠠᠶᠢᠭᠤᠯᠬᠤ ᠠᠴᠢ ᠬᠤᠯᠪᠣᠭᠳᠠᠯ | 1 % ᠠᠮᠢ ᠠᠬᠤᠢ ᠶᠢᠨ ᠤᠤᠯ ᠭᠠᠷᠤᠯᠲᠠ ᠶᠢᠨ ᠣᠷᠣᠨ ᠤ ᠦᠢᠯᠡᠳᠬᠦᠨ ᠤ ᠬᠠᠮᠠᠭᠠᠯᠠᠯᠲᠠ ᠶᠢᠨ ᠣᠷᠣᠨ ᠢ | ᠭᠤᠶᠤᠴᠢᠯᠠᠨ ᠮᠡᠳᠡᠭᠦᠯᠬᠦ ᠨᠢ ᠮᠠᠨ ᠤ ᠰᠢᠶᠠᠨ ᠤ ᠤᠨᠴᠠᠯᠢᠭᠳᠤ ᠲᠠᠷᠢᠶᠠᠯᠠᠩ ᠣᠨ ᠪᠦᠲᠦᠭᠡᠭᠳᠡᠬᠦᠨ ᠪᠣᠯᠤᠨ ᠬᠠᠮᠢᠶ᠎ᠠ | ᠪᠥᠬᠦᠢ ᠡ ᠰᠢᠭᠦᠯᠬᠦ ᠦᠢᠯᠡᠳᠬᠦᠨ ᠤ ᠥᠪᠡᠷ ᠣᠨ ᠲᠥᠷᠥᠯ ᠲᠡᠮᠳᠡᠭ ᠢ ᠪᠣᠶᠢᠵᠢᠭᠤᠯᠤᠨ᠂ ᠣᠷᠣᠨ ᠪᠦᠰᠡ ᠶᠢᠨ | ᠰᠢᠯᠢᠳᠡᠭ ᠠᠮᠢ ᠠᠬᠤᠢ ᠶᠢᠨ ᠣᠨᠴᠠᠯᠢᠭ ᠰᠢᠨᠵᠢ᠂ ᠦᠨᠳᠦᠰᠦᠲᠡᠨ᠂ ᠣᠷᠣᠨ ᠪᠦᠰᠡ ᠵᠡᠷᠭᠡ ᠤᠨᠴᠠᠯᠢᠭᠳᠤ ᠰᠣᠶᠣᠯ | ᠢ ᠬᠠᠷᠠᠭᠤᠯᠵᠤ᠂ ᠨᠡᠶᠢᠭᠡᠮ ᠣᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠠᠮᠢ ᠠᠬᠤᠢ ᠶᠢᠨ | ᠦᠷ᠎ᠡ ᠠᠰᠢᠭ ᠢ ᠬᠠᠮᠲᠤᠪᠠᠷ ᠬᠥᠷᠳᠡᠬᠦ ᠪᠠᠶᠢᠷᠢᠰᠢᠯ ᠢ ᠪᠡᠶᠡᠯᠡᠭᠦᠯᠵᠦ ᠪᠣᠯᠤᠨ᠎ᠠ ᠃ | 2 . ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠢ | ᠭᠤᠶᠤᠴᠢᠯᠠᠨ ᠮᠡᠳᠡᠭᠦᠯᠬᠦ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ᠂ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ | ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠯᠵᠢᠶᠠᠨ ᠤ ᠪᠠᠬᠢᠯᠡᠯᠲᠡ ᠶᠢ ᠡᠪᠳᠡᠬᠦ | ᠴᠢᠬᠤᠯᠠ ᠠᠷᠭ᠎ᠠ ᠪᠠᠷᠢᠯ ᠪᠣᠯᠤᠨ᠎ᠠ᠂ ᠣᠯᠠᠨ ᠤᠯᠤᠰ ᠤᠨ ᠵᠠᠬ᠎ᠠ ᠳᠡᠯᠭᠡᠭᠦᠷ ᠲᠠᠬᠢ ᠦᠶᠯᠡᠳᠬᠦᠨ ᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠵᠦ᠂ ᠦᠶᠯᠡᠳᠬᠦᠨ ᠤ ᠣᠭ ᠭᠠᠷᠤᠯᠲᠠ ᠶᠢᠨ ᠣᠷᠣᠨ ᠤ ᠲᠡᠮᠳᠡᠭ ᠢ ᠡᠵᠡᠮᠰᠢᠵᠦ | ᠭᠠᠳᠠᠭᠠᠳᠤ ᠳᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠠᠯ᠎ᠠ ᠪᠠᠷ ᠲᠥᠬᠦᠮ ᠦᠵᠡᠭᠦᠯᠵᠦ᠂ | ᠤᠷᠢᠳᠠᠪᠠᠷ ᠰᠠᠭᠠᠳ ᠥᠬᠡᠶ ᠨᠡᠪᠲᠡᠷᠡᠬᠦ ᠵᠠᠮ ᠳᠤ ᠣᠷᠣᠭᠤᠯᠤᠨ᠎ᠠ ᠃ | 3 . ᠤᠯᠤᠰ ᠤᠨ ᠲᠠᠰ ᠤᠨ ᠠᠮᠢ ᠠᠬᠤᠶ ᠶᠢᠨ ᠤᠤᠯ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠣᠷᠣᠨ | ᠢ ᠡᠭᠦᠳᠦᠨ ᠪᠠᠶᠢᠭᠤᠯᠬᠤ ᠶᠢ ᠬᠡᠷᠡᠭᠵᠢᠭᠦᠯᠬᠦ ᠨᠢ᠂ ᠠᠮᠢ ᠠᠬᠤᠶ ᠶᠢᠨ ᠤᠤᠯ ᠭᠠᠷᠤᠯᠲᠠ ᠶᠢᠨ ᠣᠷᠣᠨ ᠤ ᠬᠠᠮᠠᠭᠠᠯᠠᠯᠲᠠ | ᠶᠢᠨ ᠦᠶᠯᠡᠳᠬᠦᠨ ᠤ ᠠᠮᠢ ᠠᠬᠤᠶ ᠶᠢᠨ ᠴᠢᠳᠠᠮᠵᠢ ᠪᠠ ᠶᠠᠰᠤ ᠴᠢᠨᠠᠷ ᠤᠨ ᠳᠠᠪᠠᠭᠤᠯᠢᠭ ᠢ ᠭᠦᠶᠴᠡᠳ ᠢᠯᠡᠷᠡᠭᠦᠯᠵᠦ᠂ | ᠦᠶᠯᠡᠳᠪᠦᠷᠢᠯᠡᠭᠴᠢᠳ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠂ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠦᠶᠯᠡᠳᠬᠦᠨ | ᠤ ᠦᠶᠯᠡᠳᠪᠦᠷᠢᠯᠡᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ | ᠶᠢ ᠠᠬᠢᠭᠤᠯᠤᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠢᠯᠢᠳᠡᠭᠵᠢᠭᠦᠯᠦᠨ ᠪᠤᠵᠠᠭᠠᠶᠢᠷᠠᠭᠤᠯᠵᠤ | ᠂ ᠬᠦᠴᠦᠷᠬᠡᠭᠵᠢᠭᠦᠯᠦᠨ᠎ᠡ ᠃ | ( ᠭᠤᠷᠪᠠ ) ᠳᠠᠪᠠᠭᠤᠯᠢᠭ ᠢᠶᠠᠨ ᠡᠭᠦᠳᠦᠨ ᠪᠠᠶᠢᠭᠤᠯᠬᠤ ᠬᠡᠷᠡᠭᠲᠡᠶ ᠃ᠲᠦᠴᠢᠦᠸᠠᠨ ᠰᠢᠶᠠᠨ ᠶᠡᠭᠡ ᠬᠢᠩᠭᠠᠨ | ᠳᠠᠪᠠᠭ᠎ᠠ ᠶᠢᠨ ᠦᠯᠡᠳᠡᠭᠳᠡᠯ ᠳᠤ ᠪᠠᠶᠢᠷᠢᠯᠠᠵᠤ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠠᠢ᠂ ᠣᠨᠴᠠᠭᠠᠢ | ᠭᠠᠵᠠᠷ ᠵᠦᠢ ᠶᠢᠨ ᠣᠷᠴᠢᠨ ᠲᠣᠭᠤᠷᠢᠨ ᠲᠠᠢ᠂ ᠲᠠᠩᠰᠤᠭ ᠰᠠᠶᠢᠬᠠᠨ ᠦᠨᠳᠦᠰᠦᠲᠡᠨ ᠤ ᠰᠣᠶᠣᠯ ᠲᠠᠢ᠂ ᠬᠥᠷᠥᠰᠥ | ᠰᠢᠷᠣᠢ ᠦᠩ ᠰᠢᠮᠡᠯᠢᠭ᠂ ᠠᠭᠤᠷ ᠠᠮᠢᠰᠬᠤᠯ ᠳᠤᠯᠠᠭᠠᠨ᠂ ᠳᠠᠪᠠᠭᠤᠯᠢᠭ ᠲᠠᠷᠢᠶᠠᠯᠠᠩ᠂ ᠤᠢ ᠰᠢᠭᠤᠢ᠂ ᠮᠠᠯ ᠠᠵᠤ | ᠠᠬᠤᠢ ᠶᠢᠨ ᠬᠥᠭᠵᠢᠯᠲᠡ ᠶᠢᠨ ᠪᠠᠶᠢᠭᠠᠯᠢ ᠶᠢᠨ ᠨᠥᠬᠦᠴᠡᠯ ᠲᠠᠢ᠂ ᠪᠦᠬᠦ ᠤᠯᠤᠰ ᠤᠨ ᠲᠡᠰ ᠠᠴᠠ ᠳᠠᠪᠠᠭᠰᠠᠨ ᠠᠮᠤ | ᠪᠤᠳᠠᠭᠠᠨ ᠤ ᠭᠠᠷᠤᠯᠲᠠ ᠶᠢᠨ ᠲᠤᠮᠤ ᠰᠢᠶᠠᠨ᠂ ᠪᠦᠬᠦ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠲᠡᠷᠢᠭᠦᠨ ᠤ ᠰᠢᠶᠠᠨ᠂ ᠤᠯᠤᠰ ᠤᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠲᠤᠮᠤ ᠰᠢᠶᠠᠨ | ᠲᠠᠢ ᠤᠶᠠᠯᠳᠤᠭᠤᠯᠤᠨ ᠪᠦᠬᠦᠶᠢᠯᠡ ᠰᠢᠶᠠᠨ ᠢᠶᠠᠷ ᠨᠢ ᠲᠤᠷᠰᠢᠯᠲᠠ ᠶᠢᠨ ᠰᠢᠶᠠᠨ᠂ ᠤᠯᠤᠰ ᠤᠨ ᠲᠡᠰ ᠤᠨ ᠭᠠᠳᠠᠭᠠᠳᠤ | ᠳᠤ ᠭᠠᠷᠭᠠᠬᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ | ᠦᠵᠡᠭᠦᠯᠬᠦ ᠣᠷᠣᠨ᠂ ᠳᠤᠮᠳᠠᠳᠤ ᠤᠯᠤᠰ ᠤᠨ ᠭᠤᠸ᠎ᠠ ᠨᠣᠭᠤᠭ᠎ᠠ ᠶᠢᠨ ᠰᠢᠶᠠᠩ᠂ ᠪᠦᠬᠦ ᠤᠯᠤᠰ ᠤᠨ ᠰᠣᠶᠣᠯ ᠤᠨ | ᠲᠡᠷᠢᠭᠦᠨ ᠤ ᠰᠢᠶᠠᠨ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠪᠠᠷ ᠬᠦᠴᠦᠷᠬᠡᠭ ᠰᠢᠶᠠᠨ ᠢ ᠪᠦᠳᠦᠭᠡᠨ | ᠪᠠᠶᠢᠭᠤᠯᠬᠤ ᠲᠤᠷᠰᠢᠯᠲᠠ ᠶᠢᠨ ᠰᠢᠶᠠᠨ ᠃ ᠮᠠᠨ ᠤ ᠰᠢᠶᠠᠨ ᠤ ᠨᠠᠷᠢᠮᠤ᠂ ᠨᠣᠭᠤᠭᠠᠨ ᠪᠤᠷᠴᠠᠭ᠂ ᠪᠣᠷᠣ ᠰᠠᠷᠢᠮᠰᠠᠭ᠂ | ᠬᠠᠭᠤᠷᠠᠶ ᠳ᠋ᠧᠦᠹᠦ᠋᠂ ᠬᠡᠦᠬᠡᠯᠳᠡᠶ ᠬᠤᠷᠣᠬᠠᠶ ᠡᠪᠡᠰᠦ ᠵᠡᠷᠭᠡ ᠦᠶᠯᠡᠳᠬᠦᠨ ᠤ ᠠᠵᠤ ᠦᠶᠯᠡᠰ ᠤᠨ ᠬᠡᠯᠬᠢᠶ᠎ᠡ ᠪᠦᠷᠢᠨ | ᠪᠦᠲᠦᠨ᠂ ᠠᠵᠤ ᠦᠶᠯᠡᠰ ᠬᠢᠭᠡᠳ ᠣᠷᠴᠢᠨ ᠲᠣᠭᠤᠷᠢᠨ ᠨᠥᠬᠦᠷᠰᠡᠭ ᠢᠶᠠᠷ ᠬᠥᠭᠵᠢᠵᠦ᠂ ᠵᠢᠱᠢᠶ᠎ᠡ ᠦᠵᠡᠭᠦᠯᠬᠦ | ᠦᠶᠯᠡᠳᠦᠯ ᠢᠶᠠᠷ ᠴᠢᠩᠭ᠎ᠠ ᠪᠠᠶᠢᠵᠤ᠂ ᠨᠢᠭᠡᠨᠲᠡ ᠨᠢᠭᠡ ᠪᠦᠯᠦᠭ ᠠᠮᠢ ᠠᠬᠤᠶ ᠶᠢᠨ ᠥᠪᠡᠷᠮᠢᠴᠡ ᠣᠨᠴᠠᠯᠢᠭ ᠲᠠᠢ | ᠳᠠᠪᠠᠭᠤᠯᠢᠭ ᠠᠵᠤ ᠦᠶᠯᠡᠰ ᠢ ᠪᠣᠶ ᠪᠣᠯᠭᠠᠪᠠ ᠃ | ᠬᠤᠶᠠᠷ᠂ ᠶᠡᠷᠦᠩᠬᠡᠢ ᠱᠠᠭᠠᠷᠳᠠᠯᠭ᠎ᠠ | ( ᠨᠢᠭᠡ ) ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ | ᠪᠣᠯᠭᠠᠵᠤ᠂ ᠲᠥᠷᠥᠯ ᠲᠡᠮᠳᠡᠭ ᠤᠨ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠵᠤ᠂ ᠠᠮᠢ ᠠᠬᠤᠶ ᠶᠢᠨ ᠣᠭ | ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠣᠷᠣᠨ ᠢ ᠡᠭᠦᠳᠦᠨ ᠪᠠᠶᠢᠭᠤᠯᠬᠤ ᠪᠠ ᠬᠥᠭᠵᠢᠭᠦᠯᠬᠦ ᠶᠢ | ᠠᠬᠢᠭᠤᠯᠤᠨ᠎ᠠ ᠃ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠪᠠ | ᠠᠰᠢᠭᠯᠠᠬᠤ ᠶᠢ ᠴᠢᠩᠭᠠᠳᠬᠠᠬᠤ ᠪᠠᠷ ᠳᠠᠮᠵᠢᠨ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠶᠢᠨ | ᠬᠥᠭᠵᠢᠯᠲᠡ ᠶᠢᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠶ ᠃ | ( ᠬᠤᠶᠠᠷ ) ᠶᠡᠷᠦᠩᠬᠡᠶ ᠬᠠᠷᠠᠯᠲᠠ | 1 . ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠪᠦᠲᠦᠭᠡᠭᠳᠡᠬᠦᠨ ᠤ ᠠᠮᠢ ᠠᠬᠤᠶ ᠶᠢᠨ ᠴᠢᠨᠠᠷ ᠪᠠ ᠤᠭ ᠭᠠᠷᠤᠯᠲᠠ ᠶᠢᠨ ᠣᠷᠣᠨ ᠤ | ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ︔ | 2 . ᠠᠮᠢ ᠠᠬᠤᠢ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢᠨ | ᠦᠨ᠎ᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠨᠢᠭᠡ ᠪᠦᠯᠦᠭ | ᠲᠦᠴᠢᠦᠸᠠᠨ ᠤ ᠣᠨᠴᠠᠯᠢᠭ ᠲᠠᠢ ᠠᠮᠢ ᠠᠬᠤᠢ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠪᠤᠢ | ᠪᠣᠯᠭᠠᠨ᠎ᠠ︔ | 3 . ᠠᠮᠢ ᠠᠬᠤᠶ ᠶᠢᠨ ᠤᠭ ᠭᠠᠷᠤᠯᠲᠠ ᠶᠢᠨ ᠭᠠᠵᠠᠷ ᠤᠨ ᠦᠢᠯᠡᠳᠬᠦᠨ ᠤ ᠠᠵᠤ ᠦᠢᠯᠡᠰ ᠤᠨ ᠳᠡᠰ ᠳᠡᠪᠰᠢᠬᠦ | ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠲᠦᠴᠢᠦᠸᠠᠨ ᠰᠢᠶᠠᠨ ᠤ ᠠᠵᠤ ᠠᠬᠤᠶ ᠶᠢᠨ | ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ︔ | 4 . ᠣᠯᠠᠨ ᠤᠯᠤᠰ ᠤᠨ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ | ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠴᠢᠩᠭᠠᠳᠬᠠᠵᠤ᠂ ᠪᠦᠲᠦᠭᠡᠭᠳᠡᠬᠦᠨ ᠤ | ᠣᠯᠠᠨ ᠤᠯᠤᠰ ᠤᠨ ᠵᠠᠬ᠎ᠠ ᠳᠡᠯᠭᠡᠭᠦᠷ ᠲᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠃ | ( ᠭᠤᠷᠪᠠ ) ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ | 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠠᠷᠠᠭᠠᠨ ᠤ ᠤᠭ ᠭᠠᠷᠤᠯᠲᠠ ᠶᠢᠨ ᠭᠠᠵᠠᠷ ᠤᠨ ᠳᠦᠷᠢᠮ 》︔ | 《 ᠣᠬ ᠭᠠᠷᠤᠯᠲᠠ ᠶᠢᠨ ᠭᠠᠵᠠᠷ ᠤᠨ ᠲᠡᠮᠳᠡᠭ ᠤᠨ ᠬᠠᠮᠢᠶᠠᠷᠤᠯᠲᠠ ᠶᠢᠨ ᠲᠣᠭᠲᠠᠭᠠᠯ 》︔ | 《 ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠤᠨ | ᠵᠢᠯᠣᠭᠤᠳᠤᠮᠵᠢ ᠳᠦᠷᠢᠮ 》︔ | ᠭᠤᠷᠪᠠ᠂ ᠲᠤᠭᠤᠷᠪᠢᠨ ᠪᠢᠴᠢᠭᠰᠡᠨ ᠶᠠᠪᠤᠴᠠ | 2024 ᠣᠨ ᠤ 5 ᠰᠠᠷ᠎ᠠ ᠶᠢᠨ 7 ᠤ ᠡᠳᠦᠷ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ | ᠤ ᠳᠤᠷᠠᠳᠤᠭᠰᠠᠨ 《 ᠤᠯᠤᠰ ᠤᠨ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ | ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠮᠡᠳᠡᠭᠦᠯᠬᠦ 》 ᠱᠠᠭᠠᠷᠳᠠᠯᠭ᠎ᠠ ᠶᠣᠰᠣᠭᠠᠷ᠂ | 《 ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠤᠨ ᠵᠢᠯᠣᠭᠤᠳᠬᠤ | ᠲᠦᠷᠢᠮ 》 ᠢ ᠦᠨᠳᠦᠰᠦᠯᠡᠨ᠂ ᠲᠦᠴᠢᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠣᠰ ᠬᠡᠷᠡᠭᠵᠢᠭᠦᠯᠬᠦ ᠰᠠᠨᠠᠯ ᠢ ᠲᠦᠷᠦᠭᠦᠯᠡᠨ ᠲᠤᠭᠤᠷᠪᠢᠭᠰᠠᠨ ᠪᠥᠭᠡᠳ 5 ᠰᠠᠷ᠎ᠠ ᠶᠢᠨ 15 ᠤ ᠡᠳᠦᠷ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ | ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ 9 ᠨᠢᠭᠡᠴᠢ ᠠᠴᠠ ᠰᠠᠨᠠᠯ ᠬᠤᠷᠢᠶᠠᠪᠠ ᠃ 5 ᠰᠠᠷ᠎ᠠ ᠶᠢᠨ 27 ᠤ | ᠡᠳᠦᠷ᠂ ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠬᠤᠷᠢᠨ | ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠪᠡ ᠃ 5 ᠰᠠᠷ᠎ᠠ ᠶᠢᠨ 29 ᠤ ᠡᠳᠦᠷ 《 | ᠲᠦᠴᠢᠦᠸᠠᠨ ᠰᠢᠶᠠᠨ ᠤ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ | ᠡᠭᠦᠳᠦᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ 》 ᠢ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ ᠃ | ᠲᠦᠷᠪᠡ᠂ ᠭᠤᠣᠯ ᠠᠵᠢᠯ | 1 . ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠢ ᠪᠣᠶᠢᠵᠢᠭᠤᠯᠬᠤ ᠶᠢ | ᠲᠦᠷᠭᠡᠳᠬᠡᠨ᠎ᠡ ᠃ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ | ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠵᠤ᠂ ᠪᠦᠲᠦᠭᠡᠭᠳᠡᠬᠦᠨ ᠤ ᠠᠮᠢ ᠠᠬᠤᠶ ᠶᠢᠨ ᠴᠢᠨᠠᠷ ᠪᠠ ᠤᠭ ᠭᠠᠷᠤᠯᠲᠠ ᠶᠢᠨ | ᠣᠷᠣᠨ ᠤ ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ ᠃ | 2 . ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠦᠷᠢᠶ᠎ᠡ ᠬᠡᠪᠴᠢᠶ᠎ᠡ ᠶᠢ | ᠢᠳᠡᠪᠬᠢᠲᠡᠶ ᠪᠠᠷ ᠥᠷᠭᠡᠵᠢᠭᠦᠯᠦᠨ᠎ᠡ ᠃ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠦᠢᠯᠡᠳᠬᠦᠨ ᠤ | ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠦᠨ ᠤ ᠠᠯᠳᠠᠷᠰᠢᠯ ᠢ ᠳᠡᠭᠡᠭᠰᠢᠯᠡᠭᠦᠯᠬᠦ ᠬᠡᠷᠡᠭᠲᠡᠶ | ᠃ | 3 . ᠤᠯᠤᠰ ᠤᠨ ᠠᠮᠢ ᠠᠬᠤᠶ ᠶᠢᠨ ᠤᠭ ᠭᠠᠷᠤᠯᠲᠠ ᠶᠢᠨ ᠣᠷᠣᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ | ᠣᠷᠣᠨ ᠢ ᠰᠢᠯᠭᠠᠨ ᠬᠤᠷᠢᠶᠠᠬᠤ ᠪᠠᠷ ᠮᠡᠳᠡᠭᠦᠯᠦᠨ᠎ᠡ ᠃ ᠠᠮᠢ ᠠᠬᠤᠶ ᠶᠢᠨ ᠤᠭ ᠭᠠᠷᠤᠯᠲᠠ ᠶᠢᠨ ᠭᠠᠵᠠᠷ ᠤᠨ | ᠦᠢᠯᠡᠳᠬᠦᠨ ᠤ ᠦᠢᠯᠡᠳᠪᠦᠷᠢᠯᠡᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠦ᠂ | ᠠᠵᠤ ᠦᠢᠯᠡᠰ ᠤᠨ ᠳᠡᠰ ᠳᠡᠪᠰᠢᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠬᠡᠷᠡᠭᠲᠡᠶ ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ( ᠨᠢᠭᠡ ) ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | ( ᠬᠤᠶᠠᠷ ) ᠬᠠᠮᠵᠢᠯᠴᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | ( ᠭᠤᠷᠪᠠ ) ᠠᠮᠢ ᠠᠬᠤᠶ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | ( ᠳᠥᠷᠪᠡ ) ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | | ( ᠲᠠᠪᠤ ) ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ | ( ᠵᠢᠷᠭᠤᠭ᠎ᠠ ) ᠤᠬᠠᠭᠤᠯᠤᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ |