ᠪᠤᠤ ᠱᠢ ᠪᠠᠯᠭᠠᠰᠤᠨ ᠤ ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ︽ᠤᠭ ᠰᠠᠨᠠᠭ᠎ᠠ ᠪᠠᠨ ᠦᠯᠦ ᠮᠠᠷᠲᠠᠵᠤ ᠨᠠᠮ ᠢᠶᠠᠨ ᠳᠠᠭᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠶᠠᠨ ᠵᠠᠮ  ᠳᠠᠭᠠᠨ ᠮᠣᠷᠳᠠᠬᠤ︾ ᠰᠢᠷᠢᠰ ᠭᠤᠤᠯ ᠰᠡᠳᠦᠪᠲᠦ ᠠᠵᠢᠯᠯᠠᠭ᠎ᠠ
ᠨᠡᠶᠢᠲᠡᠯᠡᠭᠰᠡᠨ ᠴᠠᠭ᠄
2024/6/30
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠨᠠᠮ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠠ ᠥᠷᠭᠡᠨ ᠣᠯᠠᠨ ᠠᠵᠢᠯᠲᠠᠨ ᠠᠵᠢᠯᠴᠢᠨ ᠤ ᠳᠠᠶᠢᠴᠢᠨ ᠨᠢᠭᠲᠠᠷᠠᠯ  ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠪᠤᠤ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠪᠤᠤ ᠴᠧᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ᠂ ᠴᠦᠨ ᠵᠧᠦ ᠶᠢᠨ ᠡᠷᠲᠡᠨ ᠤ ᠬᠤᠲᠠ ᠶᠢᠨ ᠲᠡᠦᠬᠡ ᠰᠣᠶᠣᠯ ᠤᠨ ᠮᠦᠽᠧᠶ ᠵᠡᠷᠭᠡ ᠭᠠᠵᠠᠷ ᠲᠤ ᠬᠦᠷᠴᠦ᠂ ᠲᠤᠯᠤᠭᠠᠨ ᠰᠠᠷ᠎ᠠ ᠶᠢᠨ ᠨᠢᠭᠡᠨ ᠤ ᠡᠳᠦᠷ ᠤᠨ ︽ᠣᠭ ᠰᠠᠨᠠᠭ᠎ᠠ ᠪᠠᠨ ᠥᠯᠥ ᠮᠠᠷᠲᠠᠵᠤ ᠨᠠᠮ  ᠢᠶᠠᠨ ᠳᠠᠭᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠶᠠᠨ ᠵᠠᠮ ᠳᠠᠭᠠᠨ ᠮᠣᠷᠳᠠᠬᠤ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠣᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃
   ᠠᠵᠢᠯᠯᠠᠭ᠎ᠠ ᠶᠢᠨ ᠲᠤᠬᠠᠶ ᠶᠢᠨ ᠡᠳᠦᠷ᠂ ᠪᠥᠬᠦ ᠪᠠᠯᠭᠠᠰᠤᠨ ᠤ ᠺᠠᠳ᠋ᠷ ᠠᠵᠢᠯᠲᠠᠨ ᠪᠤᠤ ᠴᠧᠩ ᠲᠣᠰᠬᠤᠨ ᠳᠤ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠣᠭᠤᠷᠢᠨ ᠦᠵᠡᠵᠦ ᠂ ᠠᠷᠠᠳ ᠤᠨ ᠪᠠᠭᠤᠳᠠᠯ᠂ ᠲᠠᠷᠢᠶᠠᠴᠢᠨ ᠠᠶᠢᠯ ᠤᠨ ᠵᠢᠭᠤᠯᠴᠢᠯᠠᠯ᠂ ᠭᠤᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ ᠭᠠᠵᠠᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠴᠦᠨᠵᠧᠦ ᠶᠢᠨ ᠡᠷᠲᠡᠨ ᠤ ᠬᠤᠳᠠ ᠶᠢᠨ ᠲᠡᠦᠬᠡ ᠰᠣᠶᠣᠯ ᠤᠨ ᠮᠦᠽᠧᠢ ᠳᠤ᠂ ᠲᠠᠶᠢᠯᠪᠤᠷᠢᠯᠠᠭᠴᠢ ᠲᠠᠢ ᠪᠠᠨ ᠬᠠᠮᠲᠤ ᠮᠦᠽᠧᠢ ᠶᠢᠨ ᠡᠯ᠎ᠡ ᠬᠡᠰᠡᠭ ᠲᠤ ᠣᠷᠣᠵᠤ ᠬᠠᠳᠠᠭᠠᠯᠠᠮᠵᠢ ᠶᠢᠨ ᠡᠳ᠋ ᠢ ᠰᠣᠨᠢᠷᠬᠠᠨ᠂ ᠲᠡᠦᠬᠡ ᠰᠣᠶᠣᠯ ᠤᠨ ᠬᠥᠭᠵᠢᠯᠲᠡ ᠶᠢᠨ ᠤᠯᠠ ᠮᠥᠷ ᠢ ᠣᠶᠢᠯᠠᠭᠠᠵᠤ᠂ ᠲᠠᠷᠠᠭ᠎ᠠ ᠨᠢ ᠮᠦᠽᠧᠢ ᠶᠢᠨ 4 ᠳ᠋ᠦ᠋ᠭᠡᠷ ᠳᠠᠪᠬᠤᠷᠯᠢᠭ ᠲᠤ ᠬᠦᠷᠴᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ  ᠶᠢᠨ ᠹᠢᠯᠢᠮ ᠢ ᠦᠵᠡᠭᠰᠡᠨ ᠪᠥᠭᠡᠳ ᠬᠠᠮᠲᠤ ᠪᠠᠷ ᠢᠶᠠᠨ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ  ᠢᠶᠠᠨ ᠲᠠᠬᠢᠨ ᠤᠩᠰᠢᠵᠤ᠂ ︽ᠪᠢ ᠡᠭᠡ ᠤᠯᠤᠰ ᠲᠠᠢ ᠪᠠᠨ︾ ᠭᠡᠬᠦ ᠨᠠᠶᠢᠷᠠᠯ ᠳᠠᠭᠤᠤ ᠪᠠᠨ ᠳᠠᠭᠤᠯᠠᠪᠠ᠃ ᠨᠠᠮ ᠤᠨ ᠭᠡᠰᠢᠭᠦᠨ ᠺᠠᠳ᠋ᠷᠴᠤᠳ ᠯᠠᠪᠲᠠᠶ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠶᠴᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠶᠴᠡᠳᠬᠡᠵᠦ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ᠎ᠠ ᠭᠡᠵᠦ ᠢᠯᠡᠷᠬᠡᠶᠢᠯᠡᠵᠡᠭᠡᠪᠡ᠃
   ᠡᠭᠦᠨ ᠠᠴᠠ ᠭᠠᠳᠠᠨ᠎ᠠ᠂ ᠨᠠᠮ ᠤᠨ ᠪᠠᠶᠢᠭᠤᠯᠤᠯᠳᠠ ᠶᠢᠨ ᠭᠤᠤᠯ ᠰᠡᠳᠦᠪᠲᠦ ᠠᠵᠢᠯᠯᠠᠭ᠎ᠠ ᠶᠢᠨ ᠠᠭᠤᠯᠭ᠎ᠠ ᠶᠢᠨ ᠣᠯᠠᠨ ᠶᠠᠩᠵᠤᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠤᠤ ᠱᠢ ᠪᠠᠯᠭᠠᠰᠤᠨ ᠤ ᠠᠵᠢᠯᠲᠠᠨ ᠠᠵᠢᠯᠴᠢᠨ ᠺᠠᠳ᠋ᠷᠴᠤᠳ ᠴᠦᠨ ᠵᠧᠦ ᠶᠢᠨ ᠡᠷᠲᠡᠨ ᠤ ᠬᠤᠲᠠ ᠶᠢᠨ ᠲᠣᠭᠯᠠᠯᠲᠠ ᠶᠢᠨ ᠠᠭᠤᠳᠠᠮ ᠲᠠᠯᠠᠪᠠᠶ  ᠳᠤ ᠠᠯᠢ ᠣᠯᠠᠨ ᠭᠤᠶᠢᠳᠠ ᠰᠠᠶᠢᠬᠠᠨ ᠪᠠᠶᠠᠷ ᠤᠨ ᠡᠳᠦᠷ ᠪᠠ ᠰᠣᠨᠢᠷᠬᠠᠯᠲᠤ ᠠᠵᠢᠯᠯᠠᠭ᠎ᠠ ᠥᠷᠨᠢᠭᠦᠯᠪᠡ᠃ ᠨᠠᠮ ᠤᠨ ᠲᠦᠷᠢᠮ ᠤᠨ ᠤᠷᠠᠨ ᠤᠩᠰᠢᠯᠭ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠲᠡᠨ ᠤ ᠪᠦᠯᠬᠦᠮᠳᠡᠯ ᠵᠡᠷᠭᠡ ᠮᠡᠳᠡᠯᠭᠡ ᠶᠢᠨ ᠤᠷᠤᠯᠳᠤᠭᠠᠨ᠂ ᠶᠡᠭᠡ ᠨᠠᠶᠢᠷᠠᠯ ᠳᠠᠭᠤᠤ ︽ᠪᠢ ᠡᠬᠡ ᠤᠯᠤᠰ ᠲᠠᠢ ᠪᠠᠨ︾᠂ ᠡᠷᠡᠭᠲᠡᠶ ᠶᠢᠨ ᠭᠤᠴᠣᠯᠠᠯ ᠳᠠᠭᠤᠤ ︽ᠡᠬᠡ ᠨᠤᠲᠤᠭ ᠤᠨ ᠬᠥᠬᠡᠮᠳᠦᠭ ᠨᠣᠭᠤᠭᠠᠨ ᠠᠭᠤᠯᠠ ᠤᠰᠤ︾᠂ ︽ᠠᠪᠤ ᠶᠢᠨ ᠲᠠᠯ᠎ᠠ ᠨᠤᠲᠤᠭ ᠤᠨ ᠡᠵᠢ ᠶᠢᠨ ᠭᠤᠤᠯ ᠮᠥᠷᠡᠨ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾᠂ ᠮᠣᠩᠭᠤᠯ ᠦᠨᠳᠦᠰᠦᠲᠡᠨ ᠤ ᠪᠥᠵᠢᠭ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ︾᠂ ᠰᠣᠨᠢᠷᠬᠠᠯᠲᠠᠶ ᠲᠣᠭᠯᠠᠭᠠᠮ ᠮᠢᠨᠠᠲᠤ ᠣᠷᠣᠨ ᠠᠴᠠ ᠤᠰᠤ ᠲᠠᠲᠠᠬᠤ᠂ ᠡᠴᠦᠰ ᠲᠤᠨᠢ ᠲᠤᠯᠲᠠᠯ᠎ᠠ ᠲᠣᠭᠯᠠᠬᠤ ᠵᠡᠷᠭᠡ ᠡᠯ᠎ᠡ ᠵᠦᠶᠯ ᠤᠨ ᠭᠤᠶᠢᠳᠠ ᠰᠠᠶᠢᠬᠠᠨ ᠲᠣᠭᠯᠠᠯᠲᠠ᠂ ᠲᠣᠭᠯᠠᠭᠠᠮ ᠡᠭᠡᠯᠵᠢᠯᠡᠨ ᠶᠠᠪᠤᠭᠳᠠᠵᠤ᠂ ᠲᠤᠬᠠᠶ ᠶᠢᠨ ᠲᠠᠯᠠᠪᠠᠶ ᠶᠢᠨ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠲᠠ ᠥᠬᠡᠶ ᠦᠷᠭᠦᠯᠵᠢᠯᠡᠵᠦ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠪᠡ᠃
   ᠡᠨᠡ ᠤᠳᠠᠭ᠎ᠠ ᠶᠢᠨ ︽ᠤᠭ ᠰᠠᠨᠠᠭ᠎ᠠ ᠪᠠᠨ ᠦᠯᠥ ᠮᠠᠷᠲᠠᠵᠤ ᠨᠠᠮ ᠢᠶᠠᠨ ᠲᠠᠭᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠶᠠᠨ ᠵᠠᠮ ᠳᠠᠭᠠᠨ ᠮᠣᠷᠳᠠᠬᠤ︾ ᠭᠤᠣᠯ ᠰᠡᠳᠦᠪᠲᠦ ᠠᠵᠢᠯᠯᠠᠭ᠎ᠠ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠢ ᠵᠣᠷᠢᠭᠵᠢᠭᠤᠯᠤᠨ ᠨᠠᠮ ᠤᠨ ᠭᠡᠷᠡᠯ ᠰᠠᠴᠤᠷᠠᠩᠭᠤᠢ ᠲᠡᠦᠬᠡ᠂ ᠤᠯᠠᠮᠵᠢᠯᠠᠯᠲᠤ ᠬᠤᠪᠢᠰᠬᠠᠯᠲᠤ ᠤᠳᠤᠮᠰᠢᠯ ᠢ ᠪᠠᠲᠤ ᠴᠡᠭᠡᠵᠢᠯᠡᠭᠦᠯᠵᠦ᠂ ᠣᠳᠣᠬᠠᠨ ᠤ ᠺᠠᠳ᠋ᠷ ᠤᠯᠠᠨ ᠲᠦᠮᠡᠨ ᠤ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢ ᠢᠯᠡᠷᠡᠭᠦᠯᠬᠦ ᠶᠢᠨ ᠲᠥᠯᠥᠭᠡ ᠶᠤᠮ᠃ ᠵᠠᠭᠤᠨ ᠵᠢᠯ ᠤᠨ ᠠᠶᠠᠨ ᠵᠠᠮ  ᠳᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠲᠠᠷᠠᠭᠠᠴᠢ ᠶᠢᠨ ᠠᠯᠬᠤᠮ ᠳᠤ᠂ ᠪᠦ᠋ᠦ ᠱᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠦᠶᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠪᠦ᠋ᠦ ᠱᠢ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号