ᠠᠮᠤᠷ ᠲᠦᠪᠰᠢᠨ ᠤ ᠪᠠᠶᠢᠴᠠᠭᠠᠯᠲᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠠᠮᠤᠷ ᠲᠦᠪᠰᠢᠨ ᠢ ᠰᠠᠬᠢᠨ ᠬᠠᠮᠠᠭᠠᠯᠠᠵᠤ ᠡᠭᠦᠳᠡ ᠪᠠᠨ ᠬᠠᠭᠠᠬᠤ ᠦᠭᠡᠢ
ᠨᠡᠶᠢᠲᠡᠯᠡᠭᠰᠡᠨ ᠴᠠᠭ᠄
2024/6/4
   ᠠᠮᠤᠷ ᠲᠦᠪᠰᠢᠨ ᠤ ᠪᠠᠶᠢᠴᠠᠭᠠᠯᠲᠠ ᠪᠣᠯ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠬᠤᠯᠠ ᠠᠷᠭ᠎ᠠ ᠬᠡᠯᠪᠡᠷᠢ ᠮᠥᠨ᠂ ᠪᠠᠰᠠ ᠴᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠡᠮ ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠶᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠬᠡᠮ ᠰᠣᠭᠤᠭ ᠢ ᠭᠠᠮᠰᠢᠭ ᠪᠣᠯᠬᠤ ᠠᠴᠠ ᠡᠮᠦᠨ᠎ᠡ ᠠᠷᠢᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠰᠢᠶᠠᠨ ᠤ ᠬᠡᠪᠴᠢᠶᠡᠨ ᠳᠠᠬᠢ ᠠᠮᠤᠷ ᠲᠦᠪᠰᠢᠨ ᠲᠣᠭᠲᠠᠭᠤᠨ ᠢ ᠦᠷᠭᠦᠯᠵᠢᠯᠡᠨ ᠪᠠᠲᠤᠯᠠᠬᠤ ᠶᠢᠨ ᠲᠥᠯᠥᠭᠡ᠃ ᠣᠶᠢᠷ᠎ᠠ ᠳᠤ᠂ ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠢ ᠰᠢᠪᠠᠳᠠᠨ ᠠᠶᠤᠯᠭᠦᠶ ᠦᠶᠯᠡᠳᠪᠦᠷᠢᠯᠡᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
   ᠡᠨᠡ ᠬᠡᠳᠦᠨ ᠡᠳᠦᠷ᠂ ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠬᠠᠷᠢᠶ᠎ᠠ ᠣᠷᠣᠨ ᠤ ᠪᠠᠨ ᠳᠣᠲᠣᠷᠠᠬᠢ 2 ᠭᠤᠤᠯᠳᠠᠯᠭ᠎ᠠ ᠲᠠᠢ ᠠᠶᠤᠯᠲᠠᠶ ᠬᠢᠮᠢ ᠶᠢᠨ ᠪᠣᠳᠠᠰ ᠦᠶᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠦᠴᠢᠦᠸᠠᠨ ᠰᠢᠶᠠᠨ ᠤ ᠰᠢᠨᠬᠤᠸᠠ ᠵᠠᠮ ᠤᠨ ᠲᠣᠰᠣ ᠨᠡᠮᠡᠬᠦ ᠥᠷᠲᠡᠭᠡ᠂ ᠲᠦᠴᠢᠦᠸᠠᠨ ᠰᠢᠶᠠᠨ ᠤ ᠰᠢᠨ ᠶᠧ ᠬᠡᠶ ᠪᠡᠶᠡᠲᠦ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ  ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠵᠡᠷᠭᠡ ᠲᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠲᠡᠭᠦᠯᠳᠡᠷ ᠡᠰᠡᠬᠦ᠂ ᠠᠵᠢᠯᠲᠠᠨ ᠠᠵᠢᠯᠴᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠬᠢᠭᠰᠡᠨ ᠡᠰᠡᠬᠦ᠂ ᠠᠵᠤ ᠠᠬᠤᠶᠢᠯᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠡᠰᠡᠬᠦ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠦᠷᠢᠨ ᠭᠦᠶᠴᠡᠳ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
   ︽ᠮᠠᠨ ᠤ ᠲᠣᠰᠣ ᠨᠡᠮᠡᠬᠦ ᠥᠷᠲᠡᠭᠡ ᠪᠣᠯ ᠠᠶᠤᠯ ᠶᠡᠬᠡᠲᠡᠶ ᠠᠵᠢᠯ ᠲᠥᠷᠥᠯ ᠳᠤ ᠬᠠᠷᠢᠶᠠᠯᠠᠭᠳᠠᠨ᠎ᠠ᠂ ᠪᠠᠭ᠎ᠠ ᠰᠠᠭ᠎ᠠ ᠠᠮᠤᠷ ᠲᠦᠪᠰᠢᠨ ᠤ ᠳᠠᠯᠳᠠ ᠬᠡᠮ ᠣᠷᠣᠰᠢᠬᠤ ᠶᠢ ᠵᠥᠪᠰᠢᠶᠡᠷᠡᠬᠦ ᠥᠬᠡᠶ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠳᠠᠯᠳᠠ ᠬᠡᠮ ᠤᠨ ᠪᠠᠶᠢᠴᠠᠭᠠᠯᠲᠠ ᠬᠢᠪᠠ᠂ ᠡᠨᠡ ᠨᠢ ᠪᠢᠳᠡᠨ ᠤ ᠰᠡᠳᠬᠢᠯ ᠢ ᠲᠣᠭᠲᠠᠪᠤᠷᠢᠵᠢᠭᠤᠯᠬᠤ ᠪᠣᠯᠤᠨ᠎ᠠ᠂ ᠬᠤᠶᠢᠰᠢᠳᠠ  ᠶᠢᠨ ᠠᠵᠢᠯ ᠤᠨ ᠳᠤᠮᠳᠠ ᠪᠢᠳᠡ ᠠᠶᠤᠯᠭᠦᠶ ᠦᠶᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ ᠠᠵᠢᠯ ᠤᠨ ᠲᠦᠷᠢᠮ ᠲᠣᠭᠲᠠᠭᠠᠯ ᠢ ᠰᠠᠨᠠᠭᠠᠴᠢᠯᠠᠭ᠎ᠠ ᠠᠴᠠ ᠪᠠᠨ ᠦᠶᠯᠡᠳᠦᠯᠭᠡᠵᠢᠭᠦᠯᠵᠦ᠂ ᠳᠠᠯᠳᠠ ᠬᠡᠮ ᠤᠨ ᠪᠠᠶᠢᠴᠠᠭᠠᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠤᠷᠢᠳᠴᠢᠯᠠᠨ ᠰᠡᠷᠭᠡᠶᠢᠯᠡᠬᠦ ᠶᠢ ᠡᠷᠡᠰ ᠪᠡᠶᠡᠯᠡᠭᠦᠯᠦᠨ᠎ᠡ᠃︾ ᠭᠡᠵᠦ ᠳᠤᠮᠳᠠᠳᠤ ᠤᠯᠤᠰ ᠤᠨ ᠴᠢᠯᠠᠭᠤᠨ ᠲᠤᠰᠤᠨ ᠤ ᠪᠦᠯᠦᠭᠯᠡᠯ ᠤᠨ ᠲᠦᠴᠢᠦᠸᠠᠨ ᠰᠢᠶᠠᠨ ᠤ ᠰᠢᠨᠬᠤᠸᠠ ᠵᠠᠮ ᠤᠨ ᠲᠤᠰᠤ ᠨᠡᠮᠡᠬᠦ ᠥᠷᠲᠡᠭᠡᠨ ᠤ ᠳᠡᠳ᠋ ᠳᠠᠷᠤᠭ᠎ᠠ ᠸᠠᠩ ᠨᠠᠨ ᠬᠡᠯᠡᠪᠡ᠃
   ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠠᠴᠠ ᠠᠵᠤ ᠠᠬᠤᠶᠢᠯᠠᠯ ᠢ ᠴᠠᠭ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠠᠪᠠᠯ ᠠᠶᠤᠯ ᠥᠬᠡᠶ ᠦᠶᠯᠡᠳᠪᠦᠷᠢᠯᠡᠯ ᠤᠨ ᠵᠢᠵᠢᠭᠦᠷᠯᠡᠨ ᠰᠠᠬᠢᠬᠤ᠂ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠶᠤᠯ ᠥᠬᠡᠶ ᠦᠶᠯᠡᠳᠪᠦᠷᠢᠯᠡᠯ ᠳᠤ ᠪᠠᠭ᠎ᠠ ᠶᠠᠪᠤᠳᠠᠯ ᠥᠬᠡᠶ ᠭᠡᠬᠦ ᠣᠨᠣᠯᠵᠢᠬᠤᠨ ᠢ ᠪᠣᠶ ᠪᠣᠯᠭᠠᠵᠤ᠂ ᠠᠶᠤᠯ ᠥᠬᠡᠶ ᠦᠶᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠪᠠ ᠠᠵᠢᠯᠲᠠᠨ ᠤ ᠠᠶᠤᠯ ᠥᠬᠡᠶ ᠦᠶᠯᠡᠳᠪᠦᠷᠢᠯᠡᠯ ᠤᠨ ᠮᠡᠳᠡᠯᠭᠡ ᠤᠷ᠎ᠠ ᠴᠢᠳᠠᠪᠤᠷᠢ ᠶᠢᠨ ᠪᠣᠯᠪᠠᠰᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ ᠭᠡᠵᠦ ᠰᠠᠨᠠᠭᠤᠯᠪᠠ᠃
   ︽ᠮᠢᠨᠦ ᠦᠵᠡᠬᠦ ᠪᠠᠷ ᠡᠶᠢᠮᠦᠷᠬᠦᠦ ᠠᠮᠤᠷ ᠲᠦᠪᠰᠢᠨ ᠤ ᠪᠠᠶᠢᠴᠠᠭᠠᠯᠲᠠ ᠨᠢ ᠮᠠᠰᠢ ᠰᠠᠶᠢᠨ᠂ ᠮᠠᠨ ᠤ ᠠᠵᠤ ᠠᠬᠤᠶᠢᠯᠠᠯ ᠤᠨ ᠠᠮᠤᠷ ᠲᠦᠪᠰᠢᠨ ᠳᠤ ᠬᠠᠷᠢᠭᠤᠴᠠᠬᠤ ᠮᠥᠷᠲᠡᠭᠡᠨ ᠪᠠᠰᠠ ᠬᠡᠷᠡᠭᠯᠡᠭᠴᠢᠳ ᠲᠤ ᠬᠠᠷᠢᠭᠤᠴᠠᠬᠤ ᠶᠠᠪᠤᠳᠠᠯ ᠪᠣᠯᠤᠨ᠎ᠠ᠃ ᠮᠠᠨ ᠤ ᠲᠦᠴᠢᠦᠸᠠᠨ ᠤ ᠰᠢᠨ ᠶᠧ ᠺᠣᠮᠫᠠᠨᠢ ᠡᠳᠦᠷ ᠪᠦᠷᠢ ᠪᠥᠬᠦ ᠭᠡᠰᠢᠭᠦᠳ ᠢᠶᠠᠨ ᠠᠮᠤᠷ ᠲᠦᠪᠰᠢᠨ ᠤ ᠪᠠᠶᠢᠴᠠᠭᠠᠯᠲᠠ ᠳᠤ ᠣᠷᠣᠯᠴᠠᠭᠤᠯᠵᠤ᠂ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠳᠡᠭᠡᠭᠰᠢᠯᠡᠭᠦᠯᠵᠦ᠂ ᠠᠯᠢᠪᠠ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠪᠠ᠃︾ ᠭᠡᠵᠦ ᠲᠦᠴᠢᠦᠸᠠᠨ ᠰᠢᠶᠠᠨ ᠤ ᠰᠢᠨ ᠶᠧ ᠬᠡᠶ ᠪᠡᠶᠡᠲᠦ  ᠶᠢᠨ ᠬᠢᠵᠠᠭᠠᠷᠲᠤ ᠺᠣᠮᠫᠠᠨᠢ ᠶᠢᠨ ᠠᠮᠤᠷ ᠲᠦᠪᠰᠢᠨ ᠤ ᠠᠵᠢᠯᠲᠠᠨ ᠡᠦ ᡁᠢ ᠴᠢᠶᠠᠩ ᠬᠡᠯᠡᠪᠡ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 129 ᠠᠵᠤ ᠠᠬᠤᠶᠢᠯᠠᠯ ᠢ ᠪᠠᠶᠢᠴᠠᠭᠠᠵᠤ᠂ 216 ᠬᠡᠮ ᠰᠣᠭᠤᠭ ᠤᠨ ᠠᠰᠠᠭᠤᠳᠠᠯ ᠢ ᠢᠯᠡᠷᠡᠭᠦᠯᠵᠦ᠂ 187 ᠵᠦᠶᠯ ᠢ ᠴᠡᠭᠴᠡᠯᠡᠨ ᠰᠠᠶᠢᠵᠢᠷᠠᠭᠤᠯᠵᠤ᠂ 29 ᠵᠦᠶᠯ ᠢ ᠴᠡᠭᠴᠡᠯᠡᠨ ᠰᠠᠶᠢᠵᠢᠷᠠᠭᠤᠯᠤᠭᠰᠠᠨ ᠥᠬᠡᠶ᠃
   ᠲᠦᠴᠢᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ ᠪᠠᠶ ᠬᠦᠶ ᠯᠢᠨ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠪᠠᠭᠤᠷᠠᠶ ᠭᠤᠭᠴᠤᠭ᠎ᠠ ᠪᠣᠯᠤᠨ ᠬᠡᠮ ᠰᠣᠭᠤᠭ ᠤᠨ ᠠᠰᠠᠭᠤᠳᠠᠯ ᠢ ᠭᠦᠨᠵᠡᠭᠡᠶ ᠪᠠᠶᠢᠴᠠᠭᠠᠨ ᠡᠷᠢᠵᠦ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠴᠢᠩᠭᠠᠳᠬᠠᠨ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠳᠡᠯ ᠤᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠬᠤ᠂ ᠠᠮᠤᠷ ᠲᠦᠪᠰᠢᠨ ᠤ ᠰᠠᠭᠤᠷᠢ ᠲᠠᠰᠤᠷᠠᠯᠲᠠ ᠥᠬᠡᠶ ᠪᠠᠬᠢᠵᠢᠬᠦ᠂ ᠠᠶᠤᠯᠭᠦᠶ ᠦᠶᠯᠡᠳᠪᠦᠷᠢᠯᠡᠯ  ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃︾ ᠭᠡᠮᠡᠨ ᠬᠡᠯᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号