ᠭᠠᠶᠢᠯᠢ ᠲᠤᠰᠢᠶᠠᠬᠤ ᠢᠲᠡᠭᠡᠮᠵᠢ ᠶᠢᠨ ︽ᠨᠣᠭᠤᠭᠠᠨ ᠺᠠᠷᠲ︾ ᠢᠶᠠᠷ ᠠᠵᠤ ᠠᠬᠤᠶᠢᠯᠠᠯ ᠢ ᠲᠤᠰᠠᠯᠠᠨ ᠰᠠᠯᠬᠢ ᠬᠥᠯᠥᠭᠯᠡᠨ ᠳᠠᠪᠠᠯᠭᠠᠨ ᠢ ᠵᠦᠰᠦᠨ᠎ᠡ
ᠨᠡᠶᠢᠲᠡᠯᠡᠭᠰᠡᠨ ᠴᠠᠭ᠄
2024/6/5
   ︽ᠡᠨᠡ ︿ᠨᠣᠭᠤᠭᠠᠨ ᠺᠠᠷᠲ﹀ ᠲᠠᠢ ᠪᠣᠯᠤᠭᠰᠠᠨ ᠠᠴᠠ ᠭᠠᠶᠢᠯᠢ ᠭᠦᠶᠴᠡᠳᠬᠡᠬᠦ ᠨᠢ ᠨᠠᠩ ᠲᠦᠷᠭᠡᠨ ᠪᠣᠯᠵᠣ᠂ ᠮᠠᠨ ᠤ ᠺᠣᠮᠫᠠᠨᠢ ᠶᠢᠨ ᠪᠠᠯᠠ ᠮᠥᠩᠭᠦᠨ ᠤ ᠡᠷᠭᠢᠯᠲᠡ ᠴᠦ ᠨᠠᠩ ᠥᠨᠳᠥᠷ ᠪᠦᠲᠦᠮᠵᠢᠲᠡᠶ ᠪᠣᠯᠵᠠᠶ︕︾ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠶᠴᠡᠳᠬᠡᠬᠦ ᠦᠶᠯᠡᠴᠢᠯᠡᠭᠡᠨ ᠤ ᠲᠢᠩᠬᠢᠮ ᠳᠤ ᠤᠯᠠᠮ ᠠᠴᠠ ᠤᠯᠠᠮ ᠡᠶᠢᠮᠦ ᠲᠠᠭᠤᠨ ᠭᠠᠷᠴᠤ ᠪᠠᠶᠢᠨ᠎ᠠ᠃
   ᠤᠤᠯ ᠨᠢ᠂ 2024 ᠣᠨ ᠤ 1 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ  ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠬᠤ ᠺᠠᠷᠲ﹀ ᠤᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ  ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠤᠰᠢᠶᠠᠬᠤ ᠢᠲᠡᠭᠡᠮᠵᠢ ᠪᠠᠷ ᠲᠤᠯᠬᠤ ᠴᠡᠭ ᠪᠣᠯᠭᠠᠵᠤ᠂ ᠵᠠᠰᠠᠭ  ᠤᠨ ᠣᠷᠳᠣᠨ ᠤ 25 ᠰᠠᠯᠠᠭ᠎ᠠ ᠮᠥᠴᠢᠷ ᠪᠣᠯᠤᠨ ᠨᠢᠭᠡᠴᠡ ᠲᠠᠢ ᠵᠥᠪᠳᠡᠯᠴᠡᠨ ᠰᠤᠳᠤᠯᠵᠤ᠂ ︽ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠬᠤ ᠺᠠᠷᠲ︾ ᠣᠯᠤᠭᠰᠠᠨ ᠤᠷᠮᠠᠰᠢᠭᠤᠯᠬᠤ ᠭᠤᠤᠯ ᠴᠣᠭᠴᠠ ᠳᠤ ᠢᠲᠡᠭᠡᠮᠵᠢ ᠶᠢᠨ ᠦᠶᠯᠡᠴᠢᠯᠡᠭᠡ ᠶᠢ ᠬᠠᠮᠲᠤᠷᠠᠨ ᠤᠷᠮᠠᠰᠢᠭᠤᠯᠬᠤ ᠶᠢ ᠬᠡᠷᠡᠭᠵᠢᠭᠦᠯᠵᠦ᠂ A ᠲᠠᠰ ᠤᠨ ᠢᠲᠡᠭᠡᠮᠵᠢᠲᠦ ᠭᠠᠶᠢᠯᠢ ᠲᠤᠰᠢᠶᠠᠭᠴᠢ ᠳᠤ 22 ᠵᠦᠶᠯ ᠤᠨ ᠬᠠᠮᠲᠤᠷᠠᠭᠰᠠᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠠᠩᠭᠠᠵᠤ᠂ A ᠲᠠᠰ ᠤᠨ ᠢᠲᠡᠭᠡᠮᠵᠢᠲᠦ ᠭᠠᠶᠢᠯᠢ ᠲᠤᠰᠢᠶᠠᠭᠴᠢ ᠶᠢᠨ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
   ︽ᠦᠨᠡᠨᠴᠢ ᠢᠲᠡᠭᠡᠮᠵᠢ ᠦᠨᠡᠨ ᠠᠯᠲᠠ ᠮᠥᠩᠭᠦ ᠰᠣᠯᠢᠵᠤ ᠠᠪᠴᠢᠷᠠᠨ᠎ᠠ ᠭᠡᠵᠦ ᠪᠣᠳᠣᠵᠤ ᠣᠯᠤᠭᠰᠠᠨ ᠦᠭᠡᠢ︕︾ ᠣᠶᠢᠷ᠎ᠠ ᠳᠤ᠂ ᠲᠦᠴᠢᠦᠸᠠᠨ ᠰᠢᠶᠠᠨ ᠤ ᠰᠢᠨ ᠬᠠᠶ ᠪᠠᠷᠢᠯᠭ᠎ᠠ ᠶᠢᠨ ᠮᠠᠲ᠋ᠧᠷᠢᠶᠠᠯ ᠤᠨ ᠪᠥᠭᠡᠮ ᠢᠶᠠᠷ ᠬᠤᠳᠠᠯᠳᠤᠬᠤ ᠬᠤᠲᠠ ᠳᠤ᠂ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠳ ᠶᠠᠭ ᠵᠢᠭᠡᠯᠡᠯᠭᠡ ᠶᠢᠨ ᠳᠠᠷᠠᠭ᠎ᠠ ᠬᠠᠷᠢᠭᠤ ᠰᠤᠷᠪᠤᠯᠵᠢᠯᠠᠭ᠎ᠠ ᠬᠢᠵᠦ ᠪᠠᠶᠢᠨ᠎ᠠ᠃    ᠲᠦᠴᠢᠦᠸᠠᠨ ᠰᠢᠶᠠᠨ ᠤ ᠰᠢᠨ ᠬᠠᠶ ᠪᠠᠷᠢᠯᠭ᠎ᠠ ᠶᠢᠨ ᠮᠠᠲ᠋ᠧᠷᠢᠶᠠᠯ ᠢ ᠪᠥᠭᠡᠮ ᠢᠶᠠᠷ ᠬᠤᠳᠠᠯᠳᠤᠬᠤ ᠬᠤᠲᠠ ᠪᠣᠯ ᠪᠠᠷᠢᠯᠭ᠎ᠠ ᠶᠢᠨ ᠮᠠᠲ᠋ᠧᠷᠢᠶᠠᠯ ᠪᠣᠷᠣᠯᠠᠭᠤᠯᠬᠤ᠂ ᠴᠠᠬᠢᠯᠭᠠᠨ ᠭᠠᠩᠨᠠᠯᠲᠠ᠂ ᠮᠠᠲ᠋ᠧᠷᠢᠶᠠᠯ ᠣᠷᠣᠭᠤᠯᠵᠤ ᠪᠣᠯᠪᠠᠰᠤᠷᠠᠭᠤᠯᠬᠤ ᠵᠡᠷᠭᠡ ᠲᠠᠯ᠎ᠠ ᠶᠢᠨ ᠠᠵᠤ ᠠᠬᠤᠶᠢᠯᠠᠯ ᠪᠣᠯᠤᠨ᠎ᠠ᠃ ᠲᠦᠷᠦᠭᠦᠬᠡᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠯᠠ ᠮᠥᠩᠭᠦ ᠪᠠᠴᠢᠮ ᠠᠴᠠ ᠪᠣᠯᠵᠣ᠂ ᠠᠵᠤ ᠠᠬᠤᠶᠢᠯᠠᠯ ︽ᠭᠠᠶᠢᠯᠢ ᠮᠥᠩᠭᠦ ᠬᠠᠷᠢᠯᠴᠠᠨ ᠬᠥᠳᠡᠯᠦᠯᠴᠡᠬᠦ︾ ᠲᠠᠪᠴᠠᠩ  ᠢᠶᠠᠷ ᠳᠠᠮᠵᠢᠭᠤᠯᠤᠨ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ  ᠠᠴᠠ ᠵᠢᠭᠡᠯᠡᠯᠭᠡ ᠭᠤᠶᠤᠴᠢᠯᠠᠵᠠᠶ᠂ ᠲᠣᠰ ᠠᠵᠤ ᠠᠬᠤᠶᠢᠯᠠᠯ ᠪᠣᠯ A ᠲᠠᠰ ᠤᠨ ᠭᠠᠶᠢᠯᠢ ᠲᠤᠰᠢᠶᠠᠬᠤ ᠢᠲᠡᠭᠡᠮᠵᠢᠲᠦ ᠠᠵᠤ ᠠᠬᠤᠶᠢᠯᠠᠯ ᠪᠠᠶᠢᠵᠤ᠂ ᠭᠠᠶᠢᠯᠢ ᠲᠤᠰᠢᠶᠠᠬᠤ ᠰᠠᠶᠢᠨ ᠰᠠᠶᠢᠬᠠᠨ ᠢᠲᠡᠭᠡᠯ ᠬᠦᠨᠳᠦ ᠪᠠᠷ ᠢᠶᠠᠨ ︽ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ︾ ᠲᠠᠪᠴᠠᠩ ᠢᠶᠠᠷ ᠳᠠᠮᠵᠢᠭᠤᠯᠤᠨ 90 ᠲᠦᠮᠡᠨ ᠲᠥᠭᠦᠷᠢᠭ ᠤᠨ ︽ᠭᠠᠶᠢᠯᠢ ᠮᠥᠩᠭᠦ ᠦᠨᠡᠨᠴᠢ ᠢᠲᠡᠭᠡᠮᠵᠢᠲᠡᠶ ᠬᠤᠳᠠᠯᠳᠤᠭᠠᠨ ᠤ ᠵᠢᠭᠡᠯᠡᠯᠭᠡ︾ ᠶᠢ ᠲᠦᠷᠭᠡᠨ ᠭᠤᠶᠤᠴᠢᠯᠠᠵᠠᠶ᠃
   ︽ᠭᠠᠶᠢᠯᠢ ᠪᠠ ᠪᠠᠩᠬᠢ ᠶᠢᠨ ᠢᠲᠡᠭᠡᠮᠵᠢᠲᠦ ᠬᠤᠳᠠᠯᠳᠤᠭ᠎ᠠ ᠵᠢᠭᠡᠯᠡᠯᠭᠡ︾ ᠪᠣᠯ ᠪᠠᠩᠬᠢ ᠪᠠ ᠭᠠᠶᠢᠯᠢ ᠶᠢᠨ ᠬᠠᠮᠲᠤᠷᠠᠯᠴᠠᠭᠠᠨ ᠤ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ᠂ ᠭᠠᠶᠢᠯᠢ ᠲᠤᠰᠢᠶᠠᠬᠤ ᠲᠤᠭ᠎ᠠ ᠪᠠᠷᠢᠮᠲᠠ ᠶᠢ ᠮᠥᠩᠭᠦᠨ ᠭᠦᠶᠯᠭᠡᠭᠡᠨ ᠤ ᠦᠶᠯᠡᠴᠢᠯᠡᠭᠡ ᠲᠠᠢ ᠤᠶᠠᠯᠳᠤᠭᠤᠯᠵᠤ᠂ ᠭᠠᠶᠢᠯᠢ ᠲᠤᠰᠢᠶᠠᠬᠤ ᠢᠲᠡᠭᠡᠮᠵᠢ ᠶᠢ ᠵᠢᠩᠬᠢᠨᠢ ᠮᠥᠩᠭᠦ ᠮᠥᠩᠭᠦ ᠪᠣᠯᠭᠠᠨ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠮᠥᠩᠭᠦᠨ ᠭᠦᠶᠯᠭᠡᠭᠡᠨ ᠤ ᠬᠦᠴᠦᠨ  ᠢ ᠦᠨᠡᠨ ᠬᠦ ᠣᠷᠣᠭᠤᠯᠤᠨ᠎ᠠ᠃ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠡᠶᠢᠲᠡ 1187 . 7 ᠲᠦᠮᠡᠨ ᠲᠥᠭᠦᠷᠢᠭ ᠤᠨ ᠭᠠᠶᠢᠯᠢ ᠲᠤᠰᠢᠶᠠᠬᠤ ᠢᠲᠡᠭᠡᠮᠵᠢᠲᠦ ᠵᠢᠭᠡᠯᠡᠯᠭᠡ ᠲᠠᠯᠪᠢᠪᠠ᠃
   ︽︿ᠭᠠᠶᠢᠯᠢ ᠮᠥᠩᠭᠦ ᠢᠲᠡᠭᠡᠮᠵᠢᠲᠦ ᠵᠢᠭᠡᠯᠡᠯᠭᠡ﹀ ᠪᠣᠯ ᠲᠦᠴᠢᠦᠸᠠᠨ ᠰᠢᠶᠠᠨ ᠤ ᠬᠠᠷᠢᠶ᠎ᠠ ᠲᠣᠭᠤᠷᠢᠭ ᠲᠠᠬᠢ ᠳᠡᠭᠡᠷ᠎ᠡ ᠨᠢᠭᠡ ᠵᠢᠯ ᠤᠨ ᠭᠠᠶᠢᠯᠢ ᠲᠤᠰᠢᠶᠠᠬᠤ ᠢᠲᠡᠭᠡᠮᠵᠢ ᠶᠢᠨ ᠲᠠᠰ ᠨᠢ B ᠲᠠᠰ ᠠᠴᠠ ᠳᠡᠭᠡᠭᠰᠢᠬᠢ B ᠲᠠᠰ ᠢ ᠪᠠᠭᠲᠠᠭᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ  ᠳᠤ ᠴᠢᠭᠯᠡᠭᠦᠯᠦᠭᠰᠡᠨ ᠵᠢᠭᠡᠯᠡᠯᠭᠡ ᠪᠣᠯᠤᠨ᠎ᠠ᠂ ᠵᠢᠭᠡᠯᠡᠯᠭᠡ ᠶᠢᠨ ᠬᠠᠮᠤᠭ ᠤᠨ ᠥᠨᠳᠥᠷ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠨᠢ 500 ᠲᠦᠮᠡᠨ ᠲᠥᠭᠦᠷᠢᠭ᠂ ᠢᠲᠡᠭᠡᠮᠵᠢ ᠶᠢᠨ ᠠᠷᠭ᠎ᠠ ᠮᠠᠶ᠋ᠢᠭ ᠤᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 200 ᠲᠦᠮᠡᠨ ᠲᠥᠭᠦᠷᠢᠭ᠂ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ 200 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠷᠣᠭᠰᠢ ᠪᠠᠶᠢᠵᠤ᠂ ᠪᠠᠷᠢᠴᠠᠭᠠᠨ ᠤ ᠬᠡᠯᠪᠡᠷᠢ ᠪᠠᠷ ᠲᠠᠯᠪᠢᠨ᠎ᠠ᠃︾ ᠭᠡᠵᠦ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ  ᠶᠢᠨ ᠳᠠᠭᠠᠭᠠᠮᠠᠯ ᠵᠠᠩ ᠰᠢᠶᠤᠤ ᠢᠦ᠋ᠶ ᠲᠠᠨᠢᠯᠴᠠᠭᠤᠯᠤᠨ᠎ᠠ᠃
   ᠢᠲᠡᠭᠡᠯ ᠵᠢᠷᠤᠮᠯᠠᠭᠰᠠᠳ ᠢ ᠤᠷᠮᠠᠰᠢᠭᠤᠯᠵᠦ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠦᠨ᠎ᠡ᠃ ᠤᠯᠤᠰ  ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠭᠰᠠᠨ ᠪᠥᠭᠡᠳ ᠪᠤᠰᠤᠳ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠲᠠᠢ ᠪᠠ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠮᠲᠤ ᠪᠠᠷ ᠱᠠᠩᠨᠠᠵᠤ ᠰᠢᠳᠬᠡᠪᠡ᠃ ᠡᠭᠦᠨ ᠤ ᠬᠠᠮᠲᠤ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠭᠠᠶᠢᠯᠢ ᠲᠤᠰᠢᠶᠠᠭᠴᠢ ᠶᠢᠨ ᠭᠦᠶᠴᠡᠳᠬᠡᠯ ᠲᠤᠭ᠎ᠠ ᠶᠢᠨ ᠮᠡᠳᠡᠭᠡ ᠵᠠᠩᠭᠢ ᠪᠠ ᠭᠠᠶᠢᠯᠢ ᠳᠤ ᠬᠤᠯᠪᠣᠭᠳᠠᠬᠤ ᠲᠤᠭ᠎ᠠ ᠪᠠᠷᠢᠮᠲᠠ  ᠶᠢ ᠰᠢᠷᠪᠢᠨ ᠵᠠᠳᠠᠯᠬᠤ ᠶᠢ ᠴᠢᠩᠭᠠᠳᠬᠠᠨ᠎ᠠ᠂ ᠵᠢᠱᠢᠶᠡᠯᠡᠪᠡᠯ ᠠᠵᠤ ᠠᠬᠤᠶᠢᠯᠠᠯ ᠳᠤ ︽ᠢᠲᠡᠭᠡᠮᠵᠢ ᠶᠢᠨ ᠲᠦᠭᠰᠢᠭᠦᠷᠢ︾ ᠣᠷᠣᠰᠢᠵᠤ᠂ ︽ᠢᠲᠡᠭᠡᠮᠵᠢ ᠶᠢᠨ ᠠᠯᠳᠠᠭᠳᠠᠯ︾ ᠭᠠᠷᠴᠤ ᠮᠡᠳᠡᠬᠦ ᠶᠢ ᠣᠯᠵᠤ ᠮᠡᠳᠡᠪᠡᠯ᠂ ᠭᠠᠶᠢᠯᠢ ᠶᠢᠨ ᠶᠠᠪᠤᠳᠠᠯ  ᠤᠨ ᠲᠣᠪᠴᠢᠶ᠎ᠠ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠶᠢᠯᠢ ᠲᠠᠲᠠᠪᠤᠷᠢᠯᠠᠵᠤ ᠲᠤᠰᠢᠶᠠᠬᠤ ᠬᠠᠷᠢᠯᠴᠠᠨ ᠦᠶᠯᠡᠳᠦᠯᠴᠡᠬᠦ ᠲᠠᠪᠴᠠᠩ ᠪᠠ ᠭᠠᠶᠢᠯᠢ ᠲᠤᠰᠢᠶᠠᠬᠤ ᠦᠶᠯᠡᠴᠢᠯᠡᠭᠡᠨ ᠤ ᠰᠦᠷᠦᠭᠵᠢᠯ ᠵᠡᠷᠭᠡ ᠵᠠᠭᠤᠴᠢ ᠪᠠᠷ ᠳᠠᠮᠵᠢᠭᠤᠯᠤᠨ ᠠᠵᠤ ᠠᠬᠤᠶᠢᠯᠠᠯ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠠᠪᠤᠭᠤᠯᠵᠤ᠂ ᠭᠠᠶᠢᠯᠢ ᠲᠤᠰᠢᠶᠠᠭᠴᠢ ᠶᠢᠨ ᠠᠯᠳᠠᠰᠢ ᠪᠠᠨ ᠡᠷᠲᠡᠬᠡᠨ ᠵᠠᠯᠠᠷᠠᠭᠤᠯᠵᠤ᠂ ᠢᠲᠡᠭᠡᠮᠵᠢ ᠶᠢᠨ ᠠᠯᠳᠠᠭᠳᠠᠯ ᠠᠴᠠ ᠵᠠᠶᠢᠯᠠᠰᠬᠢᠬᠦ ᠶᠢ ᠰᠠᠨᠠᠭᠤᠯᠤᠨ᠎ᠠ᠃
   ᠡᠨᠡ ᠵᠢᠯ ᠠᠴᠠ ᠨᠠᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠪᠥᠬᠦ ᠰᠢᠶᠠᠨ ᠤ A ᠲᠠᠰ ᠤᠨ ᠢᠲᠡᠭᠡᠮᠵᠢᠲᠦ ᠭᠠᠶᠢᠯᠢ ᠲᠤᠰᠢᠶᠠᠭᠴᠢ ᠳᠤ ︽ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠨ ᠤᠷᠮᠠᠰᠢᠭᠤᠯᠬᠤ ᠺᠠᠷᠲ︾ ᠤᠨ ᠡᠯᠧᠺᠲᠷᠣᠨ ᠦᠨᠡᠮᠯᠡᠯ ᠣᠯᠭᠤᠵᠤ᠂  ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ︽ᠮᠡᠳᠡᠭᠡ ᠵᠠᠩᠭᠢ ᠶᠢ ᠳᠠᠮᠵᠢᠭᠤᠯᠤᠨ ᠬᠦᠷᠭᠡᠬᠦ︾ ᠴᠢᠳᠠᠮᠵᠢ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠤᠷᠮᠠᠰᠢᠭᠤᠯᠬᠤ ᠪᠡᠶᠡᠴᠢ ᠴᠣᠭᠴᠠ ᠳᠤ ᠨᠠᠷᠢᠯᠢᠭ ᠣᠨᠣᠴᠠᠲᠠᠶ ᠪᠠᠷ ᠳᠠᠮᠵᠢᠭᠤᠯᠤᠨ ᠬᠦᠷᠭᠡᠵᠦ᠂ ᠭᠠᠶᠢᠯᠢ ᠲᠤᠰᠢᠶᠠᠭᠴᠢ ᠶᠢᠨ ᠬᠠᠮᠲᠤᠷᠠᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠭᠥᠷᠳᠡᠭᠰᠡᠨ ᠭᠡᠷᠡᠴᠢ ᠪᠠᠷᠢᠮᠲᠠ ᠪᠣᠯᠭᠠᠪᠠ᠃ ᠡᠭᠦᠨ ᠤ ᠬᠠᠮᠲᠤ᠂ ᠪᠠᠷᠢᠮᠲᠠ ᠠᠪᠬᠤ᠂ ᠭᠠᠶᠢᠯᠢ ᠪᠤᠴᠠᠭᠠᠬᠤ᠂ ᠲᠠᠩᠰᠠᠨ ᠠᠴᠠ ᠬᠠᠰᠤᠬᠤ ᠵᠡᠷᠭᠡ ᠵᠦᠶᠯᠡᠰ ᠢ ᠭᠦᠶᠴᠡᠳᠬᠡᠬᠦ ᠳᠤ ᠲᠦᠷᠭᠡᠨ ᠭᠦᠶᠴᠡᠳᠬᠡᠬᠦ ᠲᠣᠭᠲᠠᠴᠠ ᠬᠠᠩᠭᠠᠵᠤ᠂ ᠲᠤᠭ᠎ᠠ ᠪᠠᠷᠢᠮᠲᠠ ᠶᠢ ︽ᠢᠯᠡᠭᠦᠦ ᠭᠦᠶᠦᠯᠭᠡᠵᠦ︾᠂ ᠣᠯᠠᠨ ᠲᠦᠮᠡᠨ ᠢ ︽ᠳᠤᠲᠠᠭᠤ ᠭᠦᠶᠦᠯᠭᠡᠬᠦ︾ ᠪᠣᠯᠭᠠᠪᠠ᠃    ︽ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠤᠯ ᠤᠨ ᠺᠠᠷᠲ︾ ᠪᠣᠯ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢᠨ ᠴᠢᠬᠤᠯᠠ ᠢᠯᠡᠷᠡᠯ ᠮᠥᠨ᠂ ᠤᠯᠠᠮ  ᠠᠴᠠ ᠤᠯᠠᠮ ᠣᠯᠠᠨ ᠠᠵᠤ ᠠᠬᠤᠶᠢᠯᠠᠯ ᠭᠠᠶᠢᠯᠢ ᠲᠤᠰᠢᠶᠠᠬᠤ ᠢᠲᠡᠭᠡᠮᠵᠢ ᠶᠢ ᠴᠢᠬᠤᠯᠠᠴᠢᠯᠠᠵᠤ᠂ ᠭᠠᠶᠢᠯᠢ ᠲᠤᠰᠢᠶᠠᠬᠤ ᠢᠲᠡᠭᠡᠮᠵᠢ ᠶᠢ ᠬᠠᠮᠠᠭᠠᠯᠠᠵᠤ ᠪᠠᠶᠢᠬᠤ ᠪᠥᠭᠡᠳ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠶᠢᠨ ᠬᠠᠪᠰᠤᠷᠤᠯᠭ᠎ᠠ ᠳᠣᠤᠷ᠎ᠠ᠂ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠢᠲᠡᠭᠡᠮᠵᠢ ᠪᠠᠨ ᠴᠢᠷᠮᠠᠶᠢᠨ ᠨᠡᠮᠡᠭᠳᠡᠭᠦᠯᠵᠦ ᠪᠠᠶᠢᠨ᠎ᠠ᠃    ︽ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︿ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠬᠤ ᠺᠠᠷᠲ﹀ ᠢ ᠦᠷᠭᠦᠯᠵᠢᠯᠡᠨ ᠭᠦᠨᠵᠡᠭᠡᠶᠢᠷᠡᠭᠦᠯᠦᠨ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ᠂ ᠮᠡᠳᠡᠭᠡ ᠵᠠᠩᠭᠢᠵᠢᠯᠲᠠ ᠪᠠ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠠᠰᠢᠭᠯᠠᠨ᠂ ᠦᠶᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ  ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠢᠲᠡᠭᠡᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠨ᠎ᠠ᠃︾ ᠭᠡᠵᠦ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠦᠴᠢᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠶᠢᠨ ᠨᠢᠭᠡᠳᠦᠭᠡᠷ ᠳᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠸᠧᠶ ᠶᠢᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号