ᠲᠦᠴᠢᠦᠸᠠᠨ ᠰᠢᠶᠠᠨ᠄ ᠪᠠᠶᠢᠰᠢᠩ ᠭᠡᠷ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/6/7
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠲᠥᠯᠥᠪᠵᠢᠭᠦᠯᠭᠡ  ᠪᠠᠷ ᠬᠦᠳᠦᠯᠥᠨ ᠳᠠᠭᠠᠭᠤᠯᠬᠤ᠂ ᠬᠠᠭᠤᠴᠢᠨ ᠢ ᠵᠠᠰᠠᠵᠤ ᠰᠢᠨ᠎ᠡ ᠶᠢ ᠡᠭᠦᠳᠬᠦ᠂ ᠤᠨᠴᠠᠯᠢᠬᠳᠤ ᠰᠢᠨ᠎ᠡ ᠶᠢ ᠡᠭᠦᠳᠬᠦ ᠵᠠᠭᠪᠤᠷ ᠢ ᠬᠡᠷᠡᠭᠵᠢᠭᠦᠯᠵᠦ᠂ ᠪᠠᠶᠢᠰᠢᠩ ᠭᠡᠷ ᠤᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠰᠢᠩ ᠭᠡᠷ ᠤᠨ ᠲᠣᠭᠤᠷᠢᠭ ᠤᠨ ᠳᠦᠷᠰᠦ ᠪᠠᠶᠢᠳᠠᠯ ᠰᠢᠨᠡᠳᠴᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠤᠯᠠᠮ ᠨᠢᠭᠡ ᠠᠯᠬᠤᠮ ᠳᠡᠭᠡᠭᠰᠢᠯᠡᠪᠡ᠃
   ᠵᠡᠭᠡᠯᠢ ᠭᠤᠳᠤᠮᠵᠢ ᠬᠠᠭᠤᠴᠢᠷᠠᠵᠤ᠂ ᠭᠡᠷ ᠪᠠᠶᠢᠰᠢᠩ ᠬᠠᠭᠤᠴᠢᠷᠠᠵᠤ᠂ ᠲᠥᠬᠦᠭᠡᠷᠦᠮᠵᠢ ᠬᠠᠭᠤᠴᠢᠷᠠᠵᠤ᠂ ᠣᠷᠴᠢᠨ ᠲᠣᠭᠤᠷᠢᠨ ᠠᠨᠠᠢ᠂ ᠠᠮᠢᠳᠤᠷᠠᠯ ᠳᠥᠭᠦᠮ ᠦᠭᠡᠢ ᠪᠠᠶᠢᠬᠤ ᠪᠣᠯ ᠪᠠᠶᠢᠰᠢᠩ ᠭᠡᠷ ᠤᠨ ᠲᠣᠭᠤᠷᠢᠭ ᠤᠨ ︽ᠨᠡᠶᠢᠳᠡᠮ ᠤᠨ ᠡᠪᠡᠳᠴᠢᠨ︾ ᠪᠣᠯᠤᠨ᠎ᠠ᠂ ᠡᠨᠡ ᠨᠢ ᠰᠠᠭᠤᠭᠠᠯᠢ ᠠᠷᠠᠳ ᠤᠨ ᠰᠡᠳᠬᠢᠯ ᠤᠨ ᠡᠪᠡᠳᠴᠢᠨ ᠪᠣᠯᠬᠤ ᠪᠠᠷ ᠪᠠᠷᠠᠬᠤ ᠦᠭᠡᠢ᠂ ᠪᠠᠰᠠ ᠴᠤ ᠬᠤᠳᠠ ᠶᠢᠨ ᠬᠥᠭᠵᠢᠯᠲᠡ ᠪᠠ ᠵᠠᠰᠠᠯᠲᠠ ᠶᠢᠨ ᠰᠡᠳᠬᠢᠯ ᠤᠨ ᠡᠪᠡᠳᠴᠢᠨ ᠪᠣᠯᠤᠨ᠎ᠠ᠃ ᠡᠭᠦᠨ ᠠᠴᠠ ᠡᠮᠦᠨ᠎ᠡ᠂ ᠭᠤᠸᠠᠩ ᠮᠢᠩ ᠵᠡᠭᠡᠯᠢ ᠶᠢᠨ ᠬᠤᠶᠠᠷ ᠲᠠᠯ᠎ᠠ ᠳᠤ ᠪᠠᠶᠢᠷᠢᠯᠠᠵᠤ ᠪᠠᠶᠢᠭ᠎ᠠ ᠪᠠᠶᠢᠰᠢᠩ ᠭᠡᠷ ᠨᠢ ᠵᠠᠮ ᠤᠨ ᠬᠤᠲᠣᠭᠤᠷ ᠭᠠᠵᠠᠷ᠂ ᠪᠣᠬᠢᠷᠲᠤᠯ ᠭᠠᠳᠠᠭᠰᠢᠯᠠᠭᠤᠯᠬᠤ ᠰᠢᠰᠲ᠋ᠧᠮ ᠤᠨ ᠬᠠᠭᠤᠴᠢᠷᠠᠯ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠪᠠ᠃ ᠡᠳᠦᠭᠡ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠠᠮ ᠤᠨ ᠲᠡᠷᠭᠡᠨ  ᠳᠤ ᠰᠠᠭᠤᠵᠤ᠂ ᠠᠳᠡᠬᠢ ᠣᠷᠣᠨ ᠰᠠᠭᠤᠴᠠ ᠶᠢᠨ ᠣᠷᠴᠢᠨ ᠲᠣᠭᠤᠷᠢᠨ ᠢ ︽ᠤᠭ ᠣᠷᠣᠨ ᠳᠤᠨᠢ ᠲᠡᠰ ᠳᠡᠪᠰᠢᠭᠦᠯᠪᠡ︾᠃
   ᠭᠤᠸᠠᠩ ᠮᠢᠩ ᠵᠡᠭᠡᠯᠢ ᠶᠢᠨ ᠬᠤᠶᠠᠷ ᠲᠠᠯ᠎ᠠ ᠶᠢᠨ ᠪᠠᠶᠢᠰᠢᠩ ᠤᠨ ᠬᠡᠰᠡᠭ ᠳᠤ ᠣᠷᠣᠬᠤ ᠳᠤ᠂ ᠴᠡᠪᠡᠷ ᠴᠡᠮᠴᠡᠭᠡᠷ ᠵᠠᠮ ᠳᠡᠭᠡᠷ᠎ᠡ᠂ ᠴᠣ ᠰᠢᠨ᠎ᠡ ᠭᠡᠷ ᠪᠠᠶᠢᠰᠢᠩ᠂ ᠴᠣ ᠰᠢᠨ᠎ᠡ ᠰᠡᠬᠦᠶᠢᠨ ᠰᠦᠨᠳᠡᠷᠯᠡᠭᠰᠡᠨ ᠵᠠᠮ ᠤᠨ ᠳ᠋ᠧᠩ᠂ ᠪᠠᠰᠠ ᠰᠢᠨ᠎ᠡ  ᠪᠠᠷ ᠰᠣᠯᠢᠭᠰᠠᠨ ᠵᠠᠮ ᠤᠨ ᠲᠣᠭᠤᠰᠬ᠎ᠠ᠂ ᠵᠠᠮ ᠤᠨ ᠴᠢᠯᠠᠭᠤ ᠵᠡᠷᠭᠡ ᠨᠢ ᠵᠡᠭᠡᠯᠢ ᠭᠤᠳᠤᠮᠵᠢ ᠶᠢ ᠡᠮᠬᠢ ᠴᠡᠭᠴᠡ ᠲᠠᠢ ᠬᠠᠷᠠᠭᠳᠠᠭᠤᠯᠤᠨ᠎ᠠ᠃ ᠡᠭᠦᠨ ᠢᠶᠠᠷ ᠪᠠᠷᠠᠬᠤ ᠥᠬᠡᠶ᠂ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠪᠠᠰᠠ ᠲᠤᠰᠬᠠᠶᠢᠯᠠᠨ ᠮᠣᠳᠣᠨ ᠴᠥᠭᠦᠷᠥᠮ ᠪᠠᠶᠢᠭᠤᠯᠤᠭᠰᠠᠨ ᠪᠥᠭᠡᠳ ᠮᠣᠳᠣ ᠳᠠᠷᠢᠵᠤ᠂ ᠨᠠᠷᠢᠨ ᠵᠦᠶᠯᠡᠰ ᠪᠦᠷᠢ ᠶᠢᠨ ᠬᠤᠪᠢᠷᠠᠯᠲᠠ ᠨᠢ ᠴᠥᠮ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠢᠯᠡᠷᠡᠭᠦᠯᠵᠦ᠂ ᠥᠭᠡᠷᠡᠴᠢᠯᠡᠨ ᠰᠠᠶᠢᠵᠢᠷᠠᠭᠤᠯᠤᠭᠰᠠᠨ ᠨᠢ ᠰᠠᠭᠤᠭᠠᠯᠢ ᠠᠷᠠᠳ ᠤᠨ ᠰᠡᠳᠬᠢᠯ ᠢ ᠲᠤᠯᠠᠭᠠᠴᠠᠭᠤᠯᠤᠭᠰᠠᠨ ᠪᠠᠶᠢᠨ᠎ᠠ᠃
   ︽ᠮᠠᠨ ᠤ ᠵᠠᠰᠠᠭ ᠤᠨ ᠣᠷᠳᠣᠨ ᠤ ᠡᠨᠡ ᠬᠦ ᠢᠨᠵᠧᠨᠧᠷᠢᠩ ᠮᠠᠰᠢ ᠰᠠᠶᠢᠨ᠂ ᠪᠠᠶᠢᠰᠢᠩ ᠭᠡᠷ ᠤᠨ ᠲᠣᠭᠤᠷᠢᠭ  ᠤᠨ ᠥᠭᠡᠷᠡᠴᠢᠯᠡᠯᠲᠡ ᠳᠤ ᠪᠢᠳᠡ ᠪᠦᠷ ᠠᠰᠢᠭ ᠬᠦᠷᠲᠡᠨ᠎ᠡ᠂ ᠤᠤᠯ ᠨᠢ ᠡᠨᠡ ᠭᠡᠷ ᠤᠨ ᠬᠡᠷᠡᠮ ᠨᠢ ᠪᠦᠷ ᠡᠪᠳᠡᠷᠡᠵᠦ ᠴᠤᠴᠠᠷᠠᠭᠰᠠᠨ᠂ ᠶᠠᠮᠠᠷ ᠶᠠᠩᠵᠤ ᠪᠦᠷ ᠪᠠᠶᠢᠨ᠎ᠠ᠂ ᠪᠣᠷᠣᠭᠠᠨ ᠣᠷᠣᠭᠰᠠᠨ ᠤ ᠳᠠᠷᠠᠭ᠎ᠠ ᠵᠡᠭᠡᠯᠢ ᠭᠤᠳᠤᠮᠵᠢ ᠪᠦᠷ ᠰᠢᠪᠠᠷ ᠱᠠᠯᠴᠢᠭ᠂ ᠭᠠᠷᠴᠤ ᠳᠡᠢᠯᠬᠦ ᠦᠭᠡᠢ᠂ ᠲᠡᠷᠭᠡ ᠴᠤ ᠱᠠᠪᠠᠷᠳᠠᠨ᠎ᠠ᠃ ᠤᠳᠤ ᠥᠭᠡᠷᠡᠴᠢᠯᠡᠭᠡᠳ ᠭᠠᠵᠠᠷ ᠤᠨ ᠭᠠᠳᠠᠷᠭᠤ  ᠶᠢ ᠪᠦᠷ ᠬᠠᠲᠠᠭᠤᠷᠠᠭᠤᠯᠵᠠᠢ᠂ ᠪᠦᠷ ᠴᠠᠷᠳᠠᠮᠠᠯ ᠵᠠᠮ᠂ ᠪᠤᠵᠠᠷ ᠤᠰᠤ ᠶᠢ ᠪᠦᠷ ᠲᠡᠭᠰᠢᠯᠡᠴᠢᠬᠡᠵᠡᠢ᠂ ᠲᠦᠷᠦᠭᠦᠦ ᠬᠤᠶᠠᠷ ᠡᠳᠦᠷ ᠪᠣᠷᠣᠭᠠᠨ ᠣᠷᠣᠵᠤ᠂ ᠭᠠᠵᠠᠷ ᠳᠡᠭᠡᠷ᠎ᠡ ᠵᠢᠭᠠᠬᠠᠨ ᠴᠤ ᠤᠰᠤ ᠭᠠᠷᠬᠤ ᠦᠭᠡᠢ ᠪᠣᠯᠵᠠᠢ᠂ ᠭᠠᠳᠠᠭᠰᠢ ᠭᠠᠷᠬᠤ ᠳᠤ ᠨᠡᠯᠢᠶᠡᠳ ᠳᠥᠭᠦᠮ ᠪᠣᠯᠵᠠᠢ᠃ ᠣᠨᠴᠠᠭᠠᠶᠢᠯᠠᠨ ᠮᠠᠨ ᠤ ᠬᠡᠷ ᠲᠤ ᠪᠠᠰᠠ ᠨᠢᠭᠡ ᠵᠡᠮᠳᠡᠭ ᠬᠥᠮᠦᠨ ᠪᠠᠶᠢᠨ᠎ᠠ ᠂ ᠬᠦᠷᠳᠦᠲᠦ ᠰᠠᠨᠳᠠᠯᠢ ᠪᠠᠷ ᠭᠠᠷᠴᠤ ᠳᠡᠶᠢᠯᠬᠦ ᠥᠬᠡᠶ᠂  ᠬᠦᠮᠦᠨ ᠲᠦᠯᠬᠢᠬᠦ ᠦᠭᠡᠢ ᠪᠤᠯ ᠭᠠᠷᠴᠤ ᠲᠡᠶᠢᠯᠬᠦ ᠦᠭᠡᠢ᠂ ᠣᠲᠣ ᠥᠪᠡᠰᠦᠪᠡᠨ ᠭᠠᠷᠤᠭᠠᠳ ᠳᠡᠶᠢᠯᠴᠢᠬᠡᠨ᠎ᠡ᠃︾ ᠭᠡᠵᠦ ᠰᠠᠭᠤᠭᠠᠯᠢ ᠠᠷᠠᠳ ᠹᠦ᠋ ᠭᠦᠸᠧ ᠵᠢᠶᠦ᠋ᠨ ᠬᠡᠯᠡᠪᠡ᠃
   ᠬᠤᠪᠢᠷᠠᠯᠲᠠ ᠨᠢ ᠡᠭᠦᠨ ᠢᠶᠠᠷ ᠪᠠᠷᠠᠬᠤ ᠦᠭᠡᠢ᠂ ᠲᠦᠴᠢᠦᠸᠠᠨ ᠰᠢᠶᠠᠨ ᠪᠠᠰᠠ ᠪᠠᠶᠢᠰᠢᠩ ᠭᠡᠷ ᠤᠨ ᠲᠣᠭᠤᠷᠢᠭ  ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠨᠳᠦᠰᠦᠯᠡᠨ ᠰᠠᠭᠤᠭᠠᠯᠢ ᠠᠷᠠᠳ ᠤᠨ ᠰᠡᠯᠡᠭᠦᠴᠡᠯ ᠤᠨ ︽ᠬᠠᠷᠮᠠᠨ ᠴᠡᠴᠡᠷᠯᠢᠭ︾ ᠢ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠪᠡ᠃ ᠬᠠᠷᠮᠠᠨ ᠴᠡᠴᠡᠷᠯᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠭᠤᠤᠯ ᠴᠣᠭᠴᠠ ᠶᠢᠨ ᠪᠠᠷᠢᠯᠭ᠎ᠠ ᠨᠢᠭᠡᠨᠲᠡ ᠳᠠᠭᠤᠰᠴᠤ᠂ ᠨᠡᠶᠢᠲᠡ ᠶᠢᠨ ᠵᠣᠷᠯᠣᠩ ᠢ ᠶᠠᠭ ᠰᠠᠶᠢᠬᠠᠨ ᠪᠣᠰᠤᠭ᠎ᠠ ᠪᠠᠷ ᠵᠠᠰᠠᠵᠤ ᠪᠠᠶᠢᠬᠤ ᠶᠢ ᠣᠯᠵᠤ ᠬᠠᠷᠠᠵᠤ᠂ ᠠᠭᠤᠳᠠᠮ ᠲᠠᠯᠠᠪᠠᠶ ᠳᠡᠭᠡᠷᠡᠬᠢ ᠵᠥᠷᠢᠭ ᠵᠠᠮ᠂ ᠨᠣᠭᠤᠭᠠᠷᠠᠭᠤᠯᠤᠨ ᠳᠠᠷᠢᠬᠤ ᠣᠷᠣᠨ ᠪᠦᠰᠡ᠂ ᠰᠢᠲᠠᠷ᠎ᠠ ᠫᠠᠶᠢᠰᠠ ᠰᠢᠷᠡᠭᠡ ᠰᠠᠨᠳᠠᠯᠢ ᠳᠤ ᠣᠷᠣᠨ ᠵᠠᠶ ᠦᠯᠡᠳᠡᠭᠡᠬᠦ ᠵᠡᠷᠭᠡ ᠲᠥᠯᠥᠪ ᠪᠠᠶᠢᠳᠠᠯ ᠢ ᠲᠣᠳᠣᠷᠬᠠᠶ ᠣᠯᠵᠤ ᠬᠠᠷᠠᠵᠤ᠂ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠲᠤ ᠰᠡᠯᠡᠭᠦᠴᠡᠯ᠂ ᠵᠤᠭ᠎ᠠ ᠴᠡᠩᠭᠡᠯ ᠤᠨ ᠰᠠᠶᠢᠬᠠᠨ ᠭᠠᠵᠠᠷ ᠪᠠᠶᠢᠭᠤᠯᠵᠤ ᠥᠭᠴᠦ ᠪᠠᠶᠢᠨ᠎ᠠ᠃
   ︽ᠪᠢ ᠠᠳᠡ ᠨᠢᠭᠡᠨᠲᠡ ᠳᠥᠴᠢᠨ ᠬᠡᠳᠦᠨ ᠵᠢᠯ ᠰᠠᠭᠤᠵᠠᠢ᠂ ᠡᠭᠦᠨ ᠠᠴᠠ ᠡᠮᠦᠨ᠎ᠡ ᠡᠨᠡ ᠵᠡᠭᠡᠯᠢ ᠶᠢᠨ ᠬᠤᠶᠠᠷ ᠲᠠᠯ᠎ᠠ ᠳᠤ ᠪᠦᠷ ᠬᠤᠭ ᠨᠣᠪᠰᠢ ᠣᠪᠣᠭᠠᠯᠠᠵᠤ ᠪᠠᠶᠢᠵᠠᠢ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠠᠴᠠ ᠨᠠᠭᠠᠰᠢ᠂ ᠪᠢᠳᠡᠨ ᠢ ᠬᠠᠪᠰᠤᠷᠤᠨ ᠬᠤᠭ ᠨᠣᠪᠰᠢ ᠶᠢ ᠴᠡᠪᠡᠷᠯᠡᠵᠦ᠂ ᠵᠠᠮ ᠢ ᠬᠠᠲᠠᠭᠤᠷᠠᠭᠤᠯᠵᠤ ᠂ ᠰᠢᠨ᠎ᠡ ᠬᠡᠷᠡᠮ ᠪᠠᠷᠢᠵᠤ᠂ ᠶᠡᠭᠡ ᠡᠭᠦᠳᠡ ᠰᠣᠯᠢᠵᠤ᠂  ᠤᠶᠢᠷ᠎ᠠ ᠬᠠᠪᠢ ᠳᠤ ᠪᠠᠰᠠ ᠪᠢᠳᠡᠨ ᠢ ᠬᠠᠪᠰᠤᠷᠤᠨ ᠴᠡᠴᠡᠷᠯᠢᠭ ᠪᠠᠶᠢᠭᠤᠯᠵᠤ ᠥᠭᠴᠡᠢ᠂ ᠤᠳᠤ ᠣᠷᠴᠢᠨ ᠲᠣᠭᠤᠷᠢᠨ ᠭᠤᠶᠤ ᠪᠣᠯᠵᠠᠢ᠂ ᠠᠭᠤᠷ ᠠᠮᠢᠰᠬᠤᠯ ᠪᠠᠰᠠ ᠰᠠᠶᠢᠨ ᠪᠣᠯᠵᠠᠢ᠂ ᠬᠦᠷᠢᠶ᠎ᠡ ᠬᠠᠰᠢᠶ᠎ᠠ ᠶᠢ ᠴᠡᠪᠡᠷᠯᠡᠬᠦ ᠳᠤ ᠪᠠᠰᠠ ᠢᠳᠡ ᠲᠠᠢ ᠪᠣᠯᠵᠠᠢ᠃︾ ᠭᠡᠵᠦ ᠰᠠᠭᠤᠭᠠᠯᠢ ᠠᠷᠠᠳ ᠵᠤᠤ ᠲᠢᠩ ᠲᠢᠩ ᠬᠡᠯᠡᠪᠡ᠃
   ᠲᠦᠴᠢᠦᠸᠠᠨ ᠰᠢᠶᠠᠨ ᠪᠠᠶᠢᠰᠢᠩ ᠬᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠨᠡᠶᠢᠲᠡ 7657.13 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠥᠭᠡᠷᠡᠴᠢᠯᠡᠨ ᠵᠠᠰᠠᠭᠰᠠᠨ ᠲᠠᠯᠠᠪᠠᠶ 50 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠥᠭᠡᠷᠡᠴᠢᠯᠡᠨ ᠪᠠᠶᠢᠭᠤᠯᠤᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ 7400 ᠲᠡᠭᠰᠢ ᠳᠥᠷᠪᠡᠯᠵᠢᠨ ᠮᠧᠲᠷ ᠲᠤ ᠬᠦᠷᠴᠦ᠂ ᠥᠭᠡᠷᠡᠴᠢᠯᠡᠨ ᠪᠠᠶᠢᠭᠤᠯᠤᠭᠰᠠᠨ ᠣᠷᠣᠨ ᠪᠦᠰᠡ ᠶᠢᠨ ᠳᠣᠲᠣᠷᠠᠬᠢ 724 ᠡᠷᠦᠬᠡ ᠲᠠᠢ ᠬᠤᠯᠪᠣᠭᠳᠠᠵᠤ᠂ 2172 ᠬᠥᠮᠦᠨ ᠳᠤ ᠠᠰᠢᠭ ᠬᠦᠷᠲᠡᠭᠡᠪᠡ᠃
   ︽ᠲᠦᠴᠢᠦᠸᠠᠨ ᠰᠢᠶᠠᠨ ᠤ ᠪᠠᠶᠢᠰᠢᠩ ᠬᠡᠷ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠳᠤ ᠭᠤᠤᠯᠳᠠᠭᠤ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠳᠡᠪᠢᠰᠴᠦ ᠂ ᠬᠠᠷᠮᠠᠨ ᠴᠡᠴᠡᠷᠯᠢᠭ᠂ ᠴᠠᠷᠳᠠᠮᠠᠯ ᠵᠠᠮ ᠢ ᠰᠢᠨ᠎ᠡ ᠪᠠᠷ ᠳᠡᠪᠢᠰᠦᠨ᠎ᠡ᠃ ᠰᠢᠨ᠎ᠡ ᠪᠠᠷ ᠪᠠᠶᠢᠭᠤᠯᠤᠭᠰᠠᠨ ᠴᠡᠴᠡᠷᠯᠢᠭ ᠲᠤ ᠪᠠᠰᠠ ᠵᠣᠷᠯᠣᠩ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠬᠤ ᠥᠷᠲᠡᠭᠡ ᠵᠡᠷᠭᠡ ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ᠵᠤᠭ᠎ᠠ ᠴᠡᠩᠭᠡᠯ ᠬᠠᠩᠭᠠᠵᠤ ᠪᠣᠯᠤᠨ᠎ᠠ᠃ ᠣᠳᠣᠬᠠᠨ ᠳᠤ ᠬᠤᠶᠠᠳᠤᠭᠠᠷ ᠲᠡᠮᠳᠡᠭ ᠤᠨ ᠪᠦᠲᠦᠭᠡᠨ ᠪᠠᠶᠢᠭᠤᠯᠤᠯᠲᠠ ᠨᠢ ᠶᠠᠭ ᠵᠠᠮ ᠤᠨ ᠳ᠋ᠧᠩ ᠤᠭᠰᠠᠷᠠᠬᠤ ᠵᠡᠷᠭᠡ ᠰᠡᠭᠦᠯ ᠬᠤᠷᠢᠶᠠᠬᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠨᠢᠭᠡ ᠪᠠᠷᠢᠮᠵᠢᠶᠠᠲᠤ ᠬᠡᠰᠡᠭ ᠢ ᠶᠠᠭ ᠪᠦᠬᠦ ᠲᠠᠯ᠎ᠠ ᠪᠠᠷ ᠪᠠᠷᠢᠵᠤ ᠪᠠᠶᠢᠨ᠎ᠠ᠂ ᠣᠳᠣᠬᠢ ᠱᠠᠲᠤᠨ ᠳᠤ ᠶᠠᠭ ᠬᠦᠷᠢᠶ᠎ᠡ ᠬᠠᠰᠢᠶ᠎ᠠ ᠪᠠᠷᠢᠬᠤ ᠪᠠ ᠵᠠᠮ ᠳᠡᠪᠢᠰᠬᠦ ᠠᠵᠢᠯ ᠢ ᠬᠢᠵᠦ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠶᠠᠪᠤᠳᠠᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠠᠵᠢᠯᠲᠠᠨ ᠰᠢᠤᠢ ᠶᠢᠩ ᠮᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号