ᠲᠠᠷᠢᠬᠤ ᠵᠠᠭᠪᠤᠷ ᠰᠢᠨ᠎ᠡ ᠬᠠᠴᠢᠨ ᠪᠤᠯᠵᠦ ᠭᠦᠵᠡᠯᠵᠡᠭᠡᠨ᠎ᠡ ᠶᠢ ᠥᠨᠳᠥᠷ ᠵᠢᠶᠠᠰᠠᠨ ᠳᠤ ᠲᠠᠷᠢᠨ᠎ᠠ
ᠨᠡᠶᠢᠲᠡᠯᠡᠭᠰᠡᠨ ᠴᠠᠭ᠄
2024/6/7
   ︽ᠠᠮᠲᠠ ᠨᠢ ᠮᠠᠰᠢ ᠰᠠᠶᠢᠨ᠂ ᠮᠠᠰᠢ ᠠᠮᠲᠠᠲᠠᠶ︕︾ ᠬᠤᠲᠠ ᠶᠢᠨ ᠠᠷᠠᠳ ᠯᠢ ᠠᠪᠠᠭ᠋ᠠᠶ ᠨᠢᠭᠡ ᠭᠦᠵᠡᠯᠵᠡᠭᠡᠨ᠎ᠡ  ᠶᠢ ᠲᠡᠭᠦᠵᠦ ᠠᠪᠤᠭᠠᠳ ᠨᠠᠷᠢᠯᠢᠭ ᠠᠮᠲᠠᠯᠠᠭᠰᠠᠨ ᠤ ᠳᠠᠷᠠᠭ᠎ᠠ ᠰᠤᠷᠪᠤᠯᠵᠢᠯᠠᠭᠴᠢ ᠳᠤ᠄ ︽ᠠᠳᠡᠬᠢ ᠭᠦᠵᠡᠯᠵᠡᠭᠡᠨ᠎ᠡ ᠶᠢ ᠢᠳᠡᠬᠦ ᠳᠤ ᠰᠢᠭᠦᠰᠦᠯᠢᠭ  ᠰᠢᠬᠢᠷᠯᠢᠭ᠂ ᠵᠢᠮᠢᠰᠦᠨ ᠮᠢᠬ᠎ᠠ ᠨᠢ ᠨᠠᠩ ᠴᠢᠩᠭ᠎ᠠ᠂ ᠨᠠᠩ ᠴᠢᠨᠠᠷ ᠰᠠᠶᠢᠲᠠᠶ ᠪᠠᠶᠢᠳᠠᠭ᠃︾ ᠬᠡᠮᠡᠨ ᠬᠡᠯᠡᠨ᠎ᠡ᠃
   ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠦᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠶᠯᠡᠰ  ᠤᠨ ᠬᠦᠷᠢᠶᠡᠯᠡᠩ ᠤᠨ ᠰᠢᠯ ᠬᠦᠯᠡᠮᠵᠢ ᠶᠢᠨ ᠭᠦᠵᠡᠯᠵᠡᠭᠡᠨ᠎ᠡ ᠶᠢᠨ ᠬᠦᠯᠡᠮᠵᠢ ᠳᠤ ᠣᠷᠣᠬᠤ ᠳᠤ᠂ 1 ᠮᠧᠲᠷ ᠭᠠᠷᠤᠶ ᠥᠨᠳᠥᠷ ᠰᠦᠷᠯᠢᠭ ᠥᠨᠳᠥᠷ ᠵᠢᠶᠠᠰᠠ ᠨᠤᠭᠤᠳ ᠬᠠᠷᠠᠭᠳᠠᠵᠤ᠂ ᠥᠨᠳᠥᠷ ᠵᠢᠶᠠᠰᠠᠨ ᠳᠡᠭᠡᠷᠡᠬᠢ ᠭᠦᠵᠡᠯᠵᠡᠭᠡᠨ᠎ᠡ ᠶᠢᠨ ᠤᠷᠭᠤᠴᠠ ᠨᠢ ᠪᠠᠶᠠᠷᠯᠠᠭᠤᠰᠢᠲᠠᠶ ᠪᠠᠶᠢᠵᠤ᠂ ᠨᠢᠭᠡ ᠨᠢᠭᠡ ᠤᠯᠠᠭᠠᠨ ᠭᠦᠵᠡᠯᠵᠡᠭᠡᠨ᠎ᠡ ᠨᠣᠭᠤᠭᠠᠨ ᠨᠠᠪᠴᠢ ᠠᠴᠠ ᠲᠣᠯᠣᠭᠠᠶ ᠪᠠᠨ ᠪᠤᠯᠲᠠᠶᠢᠯᠭᠠᠨ᠎ᠠ᠃ ᠠᠵᠢᠯᠴᠢᠳ ᠶᠠᠭ ᠰᠠᠶᠢᠬᠠᠨ ᠴᠡᠴᠡᠭ ᠵᠢᠮᠢᠰ ᠢ ᠰᠡᠶᠢᠷᠡᠭᠵᠢᠭᠦᠯᠵᠦ᠂ ᠭᠦᠵᠡᠯᠵᠡᠭᠡᠨ᠎ᠡ ᠲᠡᠭᠦᠬᠦ ᠭᠡᠵᠦ ᠶᠠᠭᠠᠷᠠᠨ᠎ᠠ᠃
   ︽ᠡᠨᠡ ᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠭᠦᠵᠡᠯᠵᠡᠭᠡᠨ᠎ᠡ ᠳᠤ ᠨᠡᠶᠢᠲᠡ ᠳᠥᠷᠪᠡᠨ ᠲᠥᠷᠥᠯ ᠵᠦᠶᠯ ᠪᠣᠶ᠂ ᠪᠡᠶ᠎ᠡ ᠪᠢᠯᠳᠠᠷ ᠨᠢ ᠲᠣᠮᠣ᠂ ᠠᠮᠲᠠ ᠰᠠᠶᠢᠲᠠᠶ᠂ ᠮᠥ ᠪᠦᠷᠢ ᠶᠢᠨ ᠤᠨᠠᠯᠳᠠ ᠨᠢ 1500 ᠵᠢᠩ ᠳᠤ ᠬᠦᠷᠴᠦ᠂ 5760 ᠲᠡᠭᠰᠢ ᠳᠥᠷᠪᠡᠯᠵᠢᠨ ᠮᠧᠲᠷ ᠤᠨ ᠰᠢᠯ ᠬᠦᠯᠡᠮᠵᠢ ᠶᠢ ᠡᠵᠡᠯᠡᠵᠦ᠂ ᠭᠦᠵᠡᠯᠵᠡᠭᠡᠨ᠎ᠡ ᠶᠢᠨ ᠠᠰᠢᠭ ᠣᠷᠣᠯᠭ᠎ᠠ  ᠨᠢ 30 ᠲᠦᠮᠡᠨ ᠲᠥᠭᠦᠷᠢᠭ ᠣᠷᠴᠢᠮ ᠬᠦᠷᠴᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠵᠠᠩ ᠵᠢᠩ ᠢᠲᠡᠭᠡᠯ ᠲᠡᠭᠦᠯᠳᠡᠷ ᠬᠡᠯᠡᠨ᠎ᠡ᠃
   ᠤᠯᠠᠮᠵᠢᠯᠠᠯᠲᠤ ᠬᠦᠯᠡᠮᠵᠢ ᠶᠢᠨ ᠳᠠᠷᠢᠬᠤ ᠵᠠᠭᠪᠤᠷ ᠤᠨ ᠰᠠᠭᠤᠷᠢᠨ ᠳᠡᠭᠡᠷ᠎ᠡ᠂ ᠰᠢᠯ ᠬᠦᠯᠡᠮᠵᠢ ᠨᠢ ᠥᠨᠳᠥᠷ ᠵᠢᠶᠠᠰᠠ ᠲᠠᠢ ᠪᠣᠰᠤᠭ᠎ᠠ ᠪᠡᠶᠡᠲᠦ ᠰᠢᠷᠣᠶ ᠥᠬᠡᠶ ᠪᠠᠷ ᠳᠠᠷᠢᠬᠤ ᠮᠡᠷᠭᠡᠵᠢᠯ ᠢ ᠰᠦᠪᠡᠭᠴᠢᠯᠡᠨ ᠭᠠᠷᠭᠠᠵᠤ᠂ ᠤᠤᠯ ᠤᠨ ᠲᠡᠭᠰᠢ ᠭᠠᠵᠠᠷ ᠲᠤ ᠳᠠᠷᠢᠵᠤ ᠪᠠᠶᠢᠭᠰᠠᠨ ᠭᠦᠵᠡᠯᠵᠡᠭᠡᠨ᠎ᠡ ᠶᠢ ᠠᠭᠠᠷ ᠳᠡᠭᠡᠷ᠎ᠡ ᠤᠷᠭᠤᠭᠤᠯᠵᠤ᠂ ᠣᠷᠣᠨ ᠵᠠᠶ ᠶᠢ ᠠᠷᠪᠢᠯᠠᠵᠤ᠂ ᠤᠨᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠲᠡᠭᠦᠬᠦ ᠳᠤ ᠲᠥᠬᠦᠮ ᠪᠣᠯᠭᠠᠵᠤ᠂ ᠦᠶ ᠣᠯᠠᠨ ᠵᠤᠭᠠᠴᠠᠭᠰᠠᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃
   ᠰᠤᠷᠪᠤᠯᠵᠢᠯᠠᠭᠴᠢ ᠳᠤ ᠰᠢᠯ ᠬᠦᠯᠡᠮᠵᠢ ᠶᠢᠨ ᠳᠣᠲᠣᠷ᠎ᠠ ᠨᠢᠭᠡᠨ ᠲᠣᠮᠣ ᠳᠡᠯᠭᠡᠴᠡ ᠬᠠᠷᠠᠭᠳᠠᠵᠤ᠂ ᠳᠡᠭᠡᠷ᠎ᠡ ᠨᠢ ᠬᠡᠷ ᠳᠣᠲᠣᠷᠠᠬᠢ ᠳᠤᠯᠠᠭᠠᠨ ᠤ ᠬᠡᠮᠵᠢᠶ᠎ᠡ 20.2℃᠂ ᠬᠡᠷ ᠳᠣᠲᠣᠷᠠᠬᠢ ᠴᠢᠭᠢᠭ ᠤᠨ ᠬᠡᠮᠵᠢᠶ᠎ᠡ 23 %᠂ ᠬᠥᠷᠥᠰᠥᠨ ᠤ ᠳᠤᠯᠠᠭᠠᠨ ᠤ ᠬᠡᠮᠵᠢᠶ᠎ᠡ 11.7℃ ᠵᠡᠷᠭᠡ ᠲᠤᠭ᠎ᠠ ᠪᠠᠷᠢᠮᠲᠠ ᠢᠯᠡᠷᠡᠵᠦ ᠪᠣᠶ᠃  ︽ᠣᠷᠴᠢᠨ ᠲᠣᠭᠤᠷᠢᠨ ᠤ ᠲᠤᠭ᠎ᠠ ᠪᠠᠷᠢᠮᠲᠠ ᠲᠣᠪ ᠲᠣᠳᠣᠷᠬᠠᠶ ᠪᠠᠶᠢᠵᠤ᠂ ᠬᠡᠵᠢᠶ᠎ᠡ ᠰᠠᠯᠬᠢ ᠨᠡᠪᠲᠡᠷᠡᠭᠦᠯᠦᠨ ᠢᠯᠴᠢ ᠰᠠᠷᠨᠢᠭᠤᠯᠵᠤ᠂ ᠬᠡᠵᠢᠶ᠎ᠡ ᠤᠰᠤ ᠣᠷᠣᠭᠤᠯᠤᠨ ᠪᠣᠷᠲᠣᠭᠤᠷ ᠣᠷᠣᠭᠤᠯᠬᠤ ᠲᠤᠬᠠᠶ ᠴᠥᠮ ᠲᠣᠪ ᠲᠣᠳᠣᠷᠬᠠᠶ ᠪᠠᠶᠢᠳᠠᠭ᠃︾ ᠭᠡᠵᠦ ᠵᠠᠩ ᠵᠢᠩ ᠬᠡᠯᠡᠪᠡ
   ︽ᠭᠦᠵᠡᠯᠵᠡᠭᠡᠨ᠎ᠡ ᠲᠠᠷᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠨᠡᠯᠢᠶᠡᠳ ᠥᠨᠳᠥᠷ᠂ ᠡᠷᠬᠡᠪᠰᠢ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠵᠠᠩ ᠵᠢᠩ ᠲᠠᠨᠢᠯᠴᠠᠭᠤᠯᠬᠤ ᠳᠠᠭᠠᠨ᠂ ᠠᠵᠤ ᠦᠶᠯᠡᠰ ᠤᠨ ᠬᠦᠷᠢᠶᠡᠯᠡᠩ ᠨᠢ ᠪᠥᠬᠦ ᠤᠯᠤᠰ ᠤᠨ ᠬᠠᠮᠤᠭ ᠤᠨ ᠲᠡᠷᠢᠭᠦᠨ ᠤ ᠲᠣᠮᠣ ᠫᠧᠩ ᠤᠨ ᠵᠢᠷᠤᠭ ᠲᠥᠯᠥᠪᠯᠡᠭᠡ ᠪᠠ ᠪᠥᠲᠥᠭᠡᠨ ᠪᠠᠶᠢᠭᠤᠯᠤᠯᠲᠠ ᠶᠢᠨ ᠲᠥᠰᠦᠯ᠂ ᠬᠠᠮᠤᠭ ᠤᠨ ᠲᠡᠷᠢᠭᠦᠨ ᠤ ᠡᠨᠧᠷᠭᠢ ᠶᠢᠨ ᠰᠢᠰᠲ᠋ᠧᠮ ᠵᠢᠴᠢ ᠬᠠᠮᠤᠭ ᠤᠨ ᠲᠡᠷᠢᠭᠦᠨ ᠤ ᠲᠣᠭᠠᠴᠢᠯᠠᠭᠰᠠᠨ ᠲᠠᠷᠢᠶᠠᠯᠠᠩ ᠤᠨ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠵᠠᠭᠪᠤᠷ ᠢ ᠣᠷᠣᠭᠤᠯᠤᠨ ᠠᠪᠴᠢᠷᠠᠵᠤ᠂ ᠣᠶᠤᠨᠴᠢ ᠡᠨᠧᠷᠭᠢ ᠶᠢᠨ ᠰᠢᠰᠲ᠋ᠧᠮ ᠢ ᠲᠣᠬᠢᠷᠠᠭᠤᠯᠬᠤ ᠪᠠᠷ ᠳᠠᠮᠵᠢᠭᠤᠯᠤᠨ᠂ ᠢᠰᠷᠧᠯ ᠤᠨ ᠤᠰᠤᠯᠠᠯᠲᠠ ᠶᠢᠨ ᠰᠢᠰᠲ᠋ᠧᠮ ᠪᠠ ᠲᠣᠭᠠᠴᠢᠯᠠᠭᠰᠠᠨ ᠦᠶᠯᠡᠳᠪᠦᠷᠢᠯᠡᠯ ᠤᠨ ᠰᠢᠰᠲ᠋ᠧᠮ ᠢ ᠲᠥᠬᠦᠷᠵᠢᠭᠦᠯᠵᠦ᠂ ᠳᠠᠷᠢᠬᠤ ᠶᠠᠪᠤᠴᠠ ᠳᠤ ᠬᠥᠮᠦᠨ ᠤ ᠬᠦᠴᠦ ᠪᠠᠷ ᠡᠵᠡᠮᠳᠡᠬᠦ ᠪᠠ ᠲᠣᠬᠢᠷᠠᠭᠤᠯᠵᠤ᠂ ᠰᠢᠨ᠎ᠡ ᠰᠣᠷᠭᠤᠭ ᠵᠢᠮᠢᠰ ᠤᠨ ᠬᠠᠩᠭᠠᠯᠭ᠎ᠠ ᠶᠢᠨ ᠬᠤᠭᠤᠴᠠᠭ᠎ᠠ ᠶᠢ ᠤᠷᠲᠤᠳᠬᠠᠵᠤ᠂ ᠭᠦᠵᠡᠯᠵᠡᠭᠡᠨ᠎ᠡ ᠶᠢᠨ ᠵᠢᠮᠢᠰ ᠨᠢ ᠶᠡᠭᠡ᠂ ᠠᠮᠲᠠ ᠰᠠᠶᠢᠲᠠᠶ ᠪᠠᠶᠢᠳᠠᠭ᠃
   ᠭᠦᠵᠡᠯᠵᠡᠭᠡᠨ᠎ᠡ ᠨᠢᠭᠡ ᠵᠦᠶᠯ ᠤᠨ ᠰᠢᠮ᠎ᠡ ᠲᠡᠵᠢᠭᠡᠯ ᠶᠡᠬᠡᠲᠡᠶ ᠡᠷᠡᠭᠦᠯ ᠢᠳᠡᠭᠡᠨ ᠪᠣᠯᠤᠭᠰᠠᠨ ᠤ ᠬᠤᠪᠢ ᠳᠤ᠂ ᠣᠯᠠᠨ ᠵᠦᠶᠯ ᠤᠨ ᠸᠢᠲ᠋ᠠᠮᠢᠨ᠂ ᠡᠷᠦᠳᠡᠰᠦᠨ ᠪᠣᠳᠠᠰ ᠪᠠ ᠢᠰᠦᠯᠳᠦᠬᠦ ᠶᠢ ᠡᠰᠡᠷᠭᠦᠴᠡᠬᠦ ᠡᠳ᠋᠂ ᠢᠯᠠᠩᠭᠤᠶ᠎ᠠ ᠸᠢᠲ᠋ᠠᠮᠢᠨ C᠂ ᠸᠢᠲ᠋ᠠᠮᠢᠨ E ᠵᠢᠴᠢ ᠺᠠᠯᠢ᠂ ᠲᠡᠮᠦᠷ ᠵᠡᠷᠭᠡ ᠪᠢᠴᠢᠯ ᠡᠯᠧᠮᠧᠨ᠋ᠲ ᠤᠨ ᠠᠭᠤᠯᠤᠭᠳᠠᠴᠠ ᠪᠠᠷ ᠨᠡᠯᠢᠶᠡᠳ ᠥᠨᠳᠥᠷ ᠪᠠᠶᠢᠳᠠᠭ᠃ ᠰᠢᠨ᠎ᠡ ᠮᠡᠷᠭᠡᠵᠢᠯ ᠨᠢ ᠭᠦᠵᠡᠯᠵᠡᠭᠡᠨ᠎ᠡ ᠶᠢᠨ ᠲᠠᠷᠢᠮᠠᠯ ᠤᠨ ᠬᠡᠯᠪᠡᠷᠢ ᠶᠢ ᠬᠤᠪᠢᠷᠠᠭᠤᠯᠤᠭᠰᠠᠨ ᠪᠥᠭᠡᠳ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠴᠦ ᠬᠤᠪᠢᠷᠠᠭᠤᠯᠵᠤ᠂ ᠣᠳᠣᠬᠢᠴᠢᠯᠠᠭᠰᠠᠨ ᠥᠨᠳᠥᠷ ᠪᠦᠲᠦᠮᠵᠢᠲᠡᠢ ᠲᠠᠷᠢᠶᠠᠯᠠᠩ ᠨᠢ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠣᠷᠣᠯᠭ᠎ᠠ ᠶᠢ ᠴᠤ ᠨᠡᠮᠡᠭᠳᠡᠭᠦᠯᠵᠡᠢ᠃
   ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠰᠠᠶᠢᠨᠬᠤᠸᠠᠷ ᠰᠢᠭᠦᠰᠦᠯᠢᠭ ᠵᠢᠮᠢᠰ ᠤᠨ ᠤᠶᠤᠨᠲᠤ ᠲᠠᠷᠢᠶᠠᠯᠠᠩ  ᠤᠨ ᠠᠵᠤ ᠦᠶᠯᠡᠰ ᠤᠨ ᠬᠦᠷᠢᠶᠡᠯᠡᠩ ᠢ ᠱᠢ ᠴᠤᠸᠠᠩ ᠲᠠᠷᠢᠶᠠᠯᠠᠩ ︵ᠱᠠᠩᠬᠠᠶ︶ ᠤᠨ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠪᠥᠲᠥᠭᠡᠨ ᠪᠠᠶᠢᠭᠤᠯᠵᠤ ᠡᠵᠡᠩᠨᠡᠵᠦ᠂ ᠭᠤᠤᠯᠳᠠᠭᠤ ᠬᠥᠬᠡ ᠵᠢᠮᠢᠰᠭᠡᠨ᠎ᠡ᠂ ᠭᠦᠵᠡᠯᠵᠡᠭᠡᠨ᠎ᠡ ᠵᠡᠷᠭᠡ ᠭᠦᠵᠡᠯᠵᠡᠭᠡᠨ᠎ᠡ ᠶᠢᠨ ᠲᠥᠷᠥᠯ ᠤᠨ ᠵᠢᠮᠢᠰ ᠢ ᠲᠡᠭᠦᠬᠦ᠂ ᠪᠡᠶᠡᠴᠢᠯᠡᠨ ᠣᠶᠢᠯᠠᠭᠠᠬᠤ᠂ ᠵᠤᠭᠠᠴᠠᠨ ᠰᠤᠷᠤᠯᠴᠠᠬᠤ᠂ ᠡᠴᠢᠭᠡ ᠡᠬᠡ ᠦᠷ᠎ᠡ ᠬᠡᠦᠬᠡᠳ ᠤᠨ ᠦᠶᠯᠡᠳᠦᠯᠴᠡᠬᠦ ᠪᠠᠷ ᠭᠤᠤᠯ ᠪᠣᠯᠭᠠᠵᠤ᠂ ᠲᠥᠷᠥᠯ ᠵᠦᠶᠯ ᠨᠢ ︽ᠪᠠᠶᠢᠭᠠᠯᠢ ᠶᠢᠨ ᠲᠠᠷᠢᠶᠠᠯᠠᠩ ᠤᠨ ᠰᠣᠨᠢᠷᠬᠠᠯ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠡᠯᠡᠭᠦᠴᠡᠯ + ᠤᠶᠤᠨᠲᠤ ᠲᠠᠷᠢᠶᠠᠯᠠᠩ︾ ᠭᠡᠬᠦ ᠭᠤᠷᠪᠠᠨ ᠶᠡᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠬᠤ ᠪᠠᠷ ᠤᠬᠠᠭᠳᠠᠬᠤᠨ ᠪᠣᠯᠭᠠᠵᠤ᠂ ᠬᠦᠷᠢᠶᠡᠯᠡᠩ ᠲᠣᠭᠤᠷᠢᠭ ᠤᠨ ᠦᠵᠡᠮᠵᠢ ᠶᠢᠨ ᠠᠮᠢ ᠠᠬᠤᠶᠢᠵᠢᠭᠰᠠᠨ᠂ ᠦᠶᠯᠡᠳᠪᠦᠷᠢᠯᠡᠯ ᠤᠨ ᠶᠠᠪᠤᠴᠠ ᠶᠢᠨ ᠰᠡᠯᠡᠭᠦᠴᠡᠯ᠂ ᠪᠦᠲᠦᠭᠡᠭᠳᠡᠬᠦᠨ ᠤ ᠣᠨᠴᠠᠯᠢᠭ ᠰᠢᠨᠵᠢ ᠶᠢᠨ ᠵᠦᠷᠢᠶᠡᠴᠢᠯᠡᠭᠰᠡᠨ ᠲᠠᠷᠢᠶᠠᠯᠠᠩ ᠤᠨ ᠭᠤᠤᠯ ᠰᠡᠳᠦᠪᠲᠦ ᠠᠮᠢ ᠠᠬᠤᠶ ᠶᠢᠨ ᠴᠡᠩᠭᠡᠯ ᠤᠨ ᠬᠦᠷᠢᠶᠡᠯᠡᠩ ᠢ ᠪᠠᠶᠢᠭᠤᠯᠬᠤ ᠶᠢᠨ ᠬᠠᠮᠲᠤ ᠬᠥᠬᠡ ᠵᠢᠮᠢᠰᠭᠡᠨ᠎ᠡ᠂ ᠭᠦᠵᠡᠯᠵᠡᠭᠡᠨ᠎ᠡ ᠵᠡᠷᠭᠡ ᠭᠦᠵᠡᠯᠵᠡᠭᠡᠨ᠎ᠡ ᠶᠢᠨ ᠲᠥᠷᠥᠯ ᠤᠨ ᠵᠢᠮᠢᠰ ᠢ ᠦᠶᠯᠡᠳᠪᠦᠷᠢᠯᠡᠬᠦ ᠪᠠ ᠲᠡᠭᠦᠵᠦ᠂ ᠲᠠᠷᠢᠶᠠᠯᠠᠩ ᠤᠨ ᠦᠷ᠎ᠡ ᠠᠰᠢᠭ  ᠢ ᠨᠡᠮᠡᠭᠳᠡᠭᠦᠯᠬᠦ ᠪᠠ ᠵᠢᠭᠤᠯᠴᠢᠯᠠᠯ ᠤᠨ ᠠᠵᠤ ᠦᠶᠯᠡᠰ ᠤᠨ ᠲᠠᠰ ᠳᠡᠪᠰᠢᠬᠦ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号