ᠲᠦᠴᠢᠦᠸᠠᠨ ᠰᠢᠶᠠᠨ 2024 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/8
   ᠠᠷᠠᠳ ᠣᠯᠠᠨ ᠤ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠭᠠᠵᠠᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ᠂ ᠲᠦᠴᠢᠦᠸᠠᠨ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽ᠲᠡᠦᠬᠡ ᠶᠢᠨ ᠪᠤᠰᠤ ᠰᠣᠶᠣᠯ ᠤᠨ ᠥᠪ ᠢ ᠬᠠᠮᠠᠭᠠᠯᠠᠵᠤ᠂ ᠲᠡᠦᠬᠡ ᠶᠢᠨ ᠰᠤᠳᠠᠰᠤ ᠶᠢ ᠦᠷᠭᠦᠯᠵᠢᠯᠡᠭᠦᠯᠬᠦ︾ ᠪᠠᠷ ᠭᠤᠤᠯ ᠰᠡᠳᠦᠪ ᠪᠣᠯᠭᠠᠭᠰᠠᠨ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠲᠦᠴᠢᠦᠸᠠᠨ ᠰᠢᠶᠠᠨ ᠤ ᠭᠤᠤᠯ ᠴᠡᠴᠡᠷᠯᠢᠭ ᠲᠤ ᠶᠠᠪᠤᠭᠳᠠᠪᠠ᠃
   ᠲᠦᠴᠢᠦᠸᠠᠨ ᠰᠢᠶᠠᠨ ᠤ ᠭᠤᠣᠯ ᠴᠡᠴᠡᠷᠯᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ ᠬᠥᠮᠦᠨ ᠬᠠᠷ᠎ᠠ ᠦᠢᠮᠡᠯᠳᠦᠨ ᠱᠤᠤᠭᠢᠯᠳᠤᠵᠤ ᠪᠠᠶᠢᠯ᠎ᠠ᠃ ᠣᠯᠠᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠨᠢ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠠᠶ᠃ ︽ᠵᠡᠭᠦᠨ ᠬᠤᠶᠢᠲᠤ ᠶᠢᠨ ᠶᠠᠩᠭᠠᠷ︾᠂ ︽ᠡᠯ ᠷᠧᠨ ᠵᠤᠸᠠᠨ︾ ᠨᠢ ᠪᠠᠶᠠᠷ ᠪᠠᠶᠠᠰᠬᠤᠯᠠᠩᠲᠤ ᠠᠶᠢᠵᠠᠮ ᠪᠣᠯᠤᠨ ᠴᠣᠪᠣᠭᠤ ᠳᠡᠭᠵᠢᠨ ᠪᠥᠵᠢᠭ ᠢᠶᠠᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ  ᠢ ᠬᠤᠷᠣᠮᠬᠠᠨ ᠵᠠᠭᠤᠷ᠎ᠠ ᠬᠦᠭᠵᠢᠭᠡᠪᠡ᠃ ︽ᠯᠢᠴᠢᠤᠸᠠᠨ ᠤ ᠤᠯᠠᠮᠵᠢᠯᠠᠯᠲᠤ ᠨᠡᠷᠡᠭᠦᠶ ᠨᠢᠳᠤᠷᠭ᠎ᠠ︾ ᠶᠢᠨ ᠦᠵᠡᠭᠦᠯᠦᠯᠭᠡ ᠨᠢ ᠨᠠᠩ ᠴᠤ ᠳᠤᠮᠳᠠᠳᠤ ᠶᠢᠨ ᠵᠡᠪᠰᠡᠭ ᠤᠨ ᠡᠷᠳᠡᠮ ᠤᠨ ᠣᠬᠢ ᠰᠣᠳᠣ ᠶᠢ ᠭᠦᠶᠴᠡᠳ ᠢᠯᠡᠷᠡᠭᠦᠯᠵᠦ᠂ ᠬᠥᠮᠦᠰ ᠲᠤ ᠰᠣᠨᠢᠷᠬᠠᠭᠤᠯᠬᠤ ᠶᠢᠨ ᠬᠠᠮᠲᠤ ᠪᠠᠰᠠ ᠡᠲᠡᠭᠡᠷ ᠡᠷᠬᠢᠮ ᠨᠠᠨᠳᠢᠨ ᠰᠣᠶᠣᠯ ᠤᠨ ᠥᠪ ᠢ ᠨᠠᠩ ᠨᠠᠨᠳᠢᠩᠨᠠᠨ ᠤᠯᠠᠮᠵᠢᠯᠠᠭᠤᠯᠬᠤ ᠶᠢᠨ ᠲᠥᠯᠥᠭᠡ ᠶᠤᠮ᠃
   ︽ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠤᠷᠳᠤ ᠬᠤᠭᠤᠴᠠᠭ᠎ᠠ ᠪᠠᠷ ᠠᠩᠬᠠᠷᠴᠤ ᠢᠷᠡᠭᠰᠡᠨ ᠰᠠᠭᠤᠭᠠᠯᠢ ᠠᠷᠠᠳ ᠪᠣᠯᠤᠭᠰᠠᠨ ᠤ ᠬᠤᠪᠢ ᠳᠤ᠂ ᠪᠢ ᠡᠨᠡ ᠤᠳᠠᠭ᠎ᠠ ᠶᠢᠨ ᠭᠤᠣᠯ ᠰᠡᠳᠦᠪᠲᠦ ᠠᠵᠢᠯᠯᠠᠭ᠎ᠠ ᠡᠷᠬᠢᠯᠡᠭᠰᠡᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠮᠢᠨᠦ ᠦᠵᠡᠬᠦ ᠪᠠᠷ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠣᠯ ᠵᠠᠰᠠᠭ ᠤᠨ ᠣᠷᠳᠣᠨ ᠤ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ ᠨᠡᠩ ᠴᠤ ᠮᠠᠨ ᠤ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠮᠥᠨ᠃ ᠪᠢᠳᠡ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠳᠦᠷ ᠲᠤᠳᠤᠮ ᠤᠨ ᠠᠮᠢᠳᠤᠷᠠᠯ ᠳᠤᠮᠳᠠᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠳᠠᠰ ᠤᠨ ᠪᠤᠰᠤ ᠰᠣᠶᠣᠯ ᠤᠨ ᠥᠪ ᠪᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠤᠮᠳᠠ ᠢᠳᠡᠪᠬᠢᠲᠡᠢ ᠣᠷᠣᠯᠴᠠᠬᠤ ᠬᠡᠷᠡᠭᠲᠡᠢ᠃︾ ᠭᠡᠵᠦ ᠰᠠᠭᠤᠭᠠᠯᠢ ᠠᠷᠠᠳ ᠯᠢ ᠶᠠᠨ ᠲᠦᠩ ᠬᠡᠯᠡᠪᠡ᠃
   ᠡᠭᠦᠨ ᠤ ᠬᠠᠮᠲᠤ᠂ ᠲᠤᠬᠠᠶ ᠶᠢᠨ ᠲᠠᠯᠠᠪᠠᠶ ᠶᠢᠨ ᠠᠵᠢᠯᠲᠠᠳ ᠪᠠᠰᠠ ︽ᠲᠡᠦᠬᠡ ᠶᠢᠨ ᠳᠤᠷᠠᠰᠬᠠᠯᠲᠤ ᠵᠦᠶᠯᠡᠰ  ᠤᠨ ᠬᠠᠷᠠᠭᠠᠨ ᠳᠠᠬᠢ ᠲᠦᠴᠢᠦᠸᠠᠨ︾ ᠰᠢᠷᠢᠰ ᠦᠵᠡᠭᠦᠯᠭᠡ ᠶᠢᠨ ᠰᠠᠮᠪᠠᠷ᠎ᠠ᠂ ᠲᠡᠦᠬᠡ ᠶᠢᠨ ᠳᠤᠷᠠᠰᠬᠠᠯᠲᠤ ᠵᠦᠶᠯᠡᠰ  ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠲᠦᠴᠢᠦᠸᠠᠨ ᠰᠢᠶᠠᠨ ᠤ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠪᠠ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠲᠤ ᠰᠣᠶᠣᠯ ᠤᠨ ᠥᠪ ᠤᠨ ᠡᠷᠬᠢᠮ ᠨᠠᠨᠳᠢᠨ ᠪᠠ ᠥᠪᠡᠷᠮᠢᠴᠡ ᠣᠨᠴᠠᠯᠢᠭ ᠢ ᠨᠠᠩ ᠰᠢᠭᠤᠳ ᠮᠡᠳᠡᠷᠡᠭᠦᠯᠵᠦ᠂ ᠥᠷᠭᠡᠨ ᠣᠯᠠᠨ ᠲᠦᠮᠡᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠪᠡ᠃
   ︽ᠥᠩᠭᠡᠷᠡᠭᠰᠡᠨ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠢ ᠳᠡᠮᠡᠢ ᠣᠶᠢᠯᠠᠭᠠᠬᠤ ᠦᠭᠡᠢ ᠪᠠᠶᠢᠵᠠᠢ᠂ ᠥᠨᠥᠳᠦᠷ ᠠᠵᠢᠯᠲᠠᠨ ᠤ ᠲᠠᠶᠢᠯᠪᠤᠷᠢᠯᠠᠯᠲᠠ ᠶᠢ ᠰᠣᠨᠣᠰᠤᠭᠠᠳ ᠰᠠᠶ᠋ᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠴᠢᠬᠤᠯᠠ ᠴᠢᠨᠠᠷ ᠢ ᠵᠢᠩᠬᠢᠨᠢ ᠪᠠᠷ ᠲᠠᠨᠢᠵᠤ ᠣᠯᠵᠠᠢ᠃ ᠬᠤᠵᠢᠮ ᠪᠢ ᠪᠠᠰᠠ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠳᠤ ᠢᠳᠡᠪᠬᠢᠲᠡᠢ ᠣᠷᠣᠯᠴᠠᠨ᠎ᠠ᠃︾ ᠭᠡᠵᠦ ᠰᠠᠭᠤᠭᠠᠯᠢ ᠠᠷᠠᠳ ᠯᠢᠨ ᠯᠢ ᠬᠤᠩ ᠬᠡᠯᠡᠪᠡ᠃
   ᠰᠣᠶᠣᠯ ᠤᠨ ᠥᠪ ᠪᠣᠯ ᠲᠡᠦᠬᠡ ᠰᠣᠶᠣᠯ ᠤᠨ ᠬᠤᠷᠠᠮᠳᠤᠭᠤᠯᠤᠭᠰᠠᠨ ᠦᠨᠡᠲᠦ ᠡᠷᠳᠡᠨᠢ᠂ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠶᠢᠷ᠎ᠠ ᠶᠢᠨ ᠵᠢᠯ ᠠᠴᠠ ᠨᠠᠰᠢ ᠲᠦᠴᠢᠦᠸᠠᠨ ᠰᠢᠶᠠᠨ ᠤ ᠬᠢᠨ ᠬᠥᠮᠦᠨ ᠤ ᠬᠦᠴᠦ᠂ ᠪᠣᠳᠠᠰ ᠤᠨ ᠬᠦᠴᠦ ᠵᠡᠷᠭᠡ ᠲᠠᠯ᠎ᠠ ᠶᠢᠨ ᠣᠷᠣᠭᠤᠯᠤᠯᠲᠠ ᠪᠠᠨ ᠲᠠᠰᠤᠷᠠᠯᠲᠠ ᠦᠭᠡᠶ ᠴᠢᠩᠭᠠᠳᠬᠠᠵᠤ᠂ ᠰᠣᠶᠣᠯ ᠤᠨ ᠥᠪ ᠢ ᠬᠠᠮᠠᠭᠠᠯᠠᠬᠤ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃
   ︽ᠲᠣᠰ ᠤᠳᠠᠭᠠᠨ ᠤ ︿ᠲᠡᠦᠬᠡ ᠶᠢᠨ ᠳᠤᠷᠠᠰᠬᠠᠯᠲᠤ ᠵᠦᠶᠯᠡᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ﹀ ᠭᠤᠤᠯ ᠰᠡᠳᠦᠪᠲᠦ ᠠᠵᠢᠯᠯᠠᠭ᠎ᠠ ᠶᠢᠨ ᠵᠣᠷᠢᠯᠭ᠎ᠠ ᠨᠢ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠣᠶᠣᠯ  ᠤᠨ ᠥᠪ ᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠶ ᠠᠷᠠᠳ ᠣᠯᠠᠨ ᠤ ᠲᠠᠨᠢᠯᠲᠠ ᠶᠢ ᠳᠡᠭᠡᠭᠰᠢᠯᠡᠭᠦᠯᠵᠦ᠂ ᠪᠥᠬᠦ ᠨᠡᠶᠢᠭᠡᠮ ᠢ ᠳᠠᠶᠢᠴᠢᠯᠠᠨ ᠰᠣᠶᠣᠯ ᠤᠨ ᠥᠪ ᠢ ᠬᠠᠮᠲᠤ ᠪᠠᠷ ᠣᠷᠣᠯᠴᠠᠬᠤ᠂ ᠬᠠᠯᠠᠮᠵᠢᠯᠠᠬᠤ ᠪᠠ ᠬᠠᠮᠠᠭᠠᠯᠠᠵᠤ᠂ ᠪᠥᠬᠦ ᠨᠡᠶᠢᠭᠡᠮ ᠤᠨ ᠰᠣᠶᠣᠯ ᠤᠨ ᠥᠪ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠬᠤ ᠶᠢᠨ ᠲᠥᠯᠥᠭᠡ ᠶᠤᠮ᠃︾ ᠭᠡᠵᠦ ᠲᠦᠴᠢᠦᠸᠠᠨ ᠰᠢᠶᠠᠨ ᠤ ᠲᠡᠦᠬᠡ ᠶᠢᠨ ᠳᠤᠷᠠᠰᠬᠠᠯᠲᠤ ᠵᠦᠶᠯ ᠤᠨ ᠭᠠᠵᠠᠷ ᠤᠨ ᠳᠠᠷᠤᠭ᠎ᠠ ᠴᠢᠦ ᠬᠤᠩ ᠢᠦ᠋ᠶ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号