ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾  ᠨᠢ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/6/8
   ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠮ  ᠤᠨ ᠲᠠᠭᠤᠨ᠂ ᠠᠷᠠᠳ ᠲᠤ ᠠᠰᠢᠭᠲᠠᠶ ᠲᠥᠷᠥ ᠶᠢᠨ ᠪᠣᠳᠣᠯᠭ᠎ᠠ᠂ ᠰᠢᠯᠢᠳᠡᠭ ᠰᠣᠶᠣᠯ᠂ ᠬᠡᠷᠡᠭᠯᠡᠭᠡᠨ ᠤ ᠮᠡᠷᠭᠡᠵᠢᠯ ᠪᠠ ᠡᠷᠡᠭᠦᠯ ᠮᠡᠨᠳᠦ ᠶᠢᠨ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠦᠨᠡᠨ ᠬᠦ ᠬᠦᠷᠭᠡᠵᠦ᠂ ᠥᠷᠭᠡᠨ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ 6 ᠰᠠᠷ᠎ᠠ ᠶᠢᠨ 7  ᠤ ᠡᠳᠦᠷ᠂ ᠬᠢᠩᠭᠠᠨ ᠠᠶᠢᠮᠠᠭ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠫᠢᠩ ᠰᠢᠨ ᠲᠣᠰᠬᠤᠨ  ᠳᠤ ᠶᠠᠪᠤᠭᠳᠠᠪᠠ᠃
   ᠠᠵᠢᠯᠯᠠᠭ᠎ᠠ ᠨᠢ ᠥᠩᠭᠡᠲᠦ ᠳᠡᠪᠢᠭᠦᠷ᠂ ᠬᠠᠷᠠᠩᠭ᠎ᠠ ᠬᠡᠩᠭᠡᠷᠭᠡ ᠨᠢᠵᠢᠭᠢᠨᠡᠭᠰᠡᠨ ᠶᠠᠩᠭᠠᠷ ᠤᠨ ᠲᠣᠭᠯᠠᠯᠲᠠ ᠳᠤᠮᠳᠠ ᠡᠬᠢᠯᠡᠪᠡ᠃ ᠰᠢᠶᠠᠨ ᠤ ᠤᠯᠠᠭᠠᠨᠮᠥ᠋ᠴᠢᠷ ᠠᠴᠠ ᠠᠪᠴᠢᠷᠠᠭᠰᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ᠃ ᠲᠣᠭᠯᠠᠭᠴᠢᠳ ᠭᠤᠶᠣᠯᠠᠯ ᠤᠨ ᠬᠤᠪᠴᠠᠰᠤ᠂ ᠪᠥᠵᠢᠭ᠂ ᠳᠠᠭᠤᠤ᠂ ᠱᠤᠭ ᠵᠦᠴᠦᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠷ ᠡᠭᠡᠯᠵᠢᠯᠡᠨ ᠲᠣᠭᠯᠠᠵᠤ᠂ ᠤᠯᠠᠨ ᠲᠦᠮᠡᠨ ᠳᠤ ᠡᠯᠪᠡᠭ ᠪᠠᠶᠠᠯᠢᠭ ᠤᠶᠤᠨ ᠰᠠᠨᠠᠭᠠᠨ ᠤ ︽ᠰᠣᠶᠣᠯ ᠤᠨ ᠠᠮᠲᠠᠲᠤ ᠬᠤᠭᠤᠯᠠ︾ ᠶᠢ ᠡᠷᠭᠦᠨ ᠳᠡᠪᠰᠢᠭᠦᠯᠪᠡ᠃
   ᠡᠭᠦᠨ ᠤ ᠬᠠᠮᠲᠤ᠂ ᠤᠬᠠᠭᠤᠯᠬᠤ ᠬᠡᠯᠲᠡᠰ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠣᠰ ᠲᠣᠰ ᠤᠨ ᠴᠢᠳᠠᠪᠤᠷᠢ ᠪᠠᠨ ᠪᠠᠳᠠᠷᠠᠭᠤᠯᠵᠤ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠯᠠᠪᠯᠠᠭ᠎ᠠ᠂ ᠡᠳ᠋ ᠪᠣᠳᠠᠰ ᠬᠦᠷᠭᠡᠬᠦ᠂ ᠲᠠᠷᠢᠶᠠᠯᠠᠩ ᠤᠨ ᠮᠡᠷᠭᠡᠵᠢᠯ ᠤᠨ ᠬᠠᠪᠰᠤᠷᠤᠨ ᠵᠢᠯᠣᠭᠤᠳᠣᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠠᠯᠪᠠᠨ ᠵᠢᠷᠤᠮ ᠤᠨ ᠡᠮᠴᠢᠯᠡᠭᠡ ᠵᠡᠷᠭᠡ ᠦᠶᠯᠡᠴᠢᠯᠡᠭᠡ ᠬᠠᠩᠭᠠᠪᠠ᠃ ᠲᠠᠷᠢᠶᠠᠯᠠᠩ᠂ ᠤᠢ ᠰᠢᠭᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤᠬᠠᠢ  ᠶᠢᠨ ᠲᠠᠯᠠᠪᠤᠷ ᠲᠤ ᠬᠠᠷᠢᠭᠤᠯᠲᠠ ᠥᠭᠬᠦ᠂ ᠮᠠᠲ᠋ᠧᠷᠢᠶᠠᠯ ᠪᠡᠯᠡᠭᠯᠡᠬᠦ ᠵᠡᠷᠭᠡ ᠠᠷᠭ᠎ᠠ ᠮᠠᠶ᠋ᠢᠭ ᠢᠶᠠᠷ ᠲᠠᠷᠢᠶᠠᠴᠢᠨ ᠲᠦᠮᠡᠨ  ᠳᠤ ᠲᠠᠷᠢᠵᠤ ᠲᠡᠵᠢᠭᠡᠬᠦ ᠬᠡᠷᠡᠭᠯᠡᠭᠡᠨ ᠤ ᠮᠡᠷᠭᠡᠵᠢᠯ ᠢ ᠤᠯᠠᠮᠵᠢᠯᠠᠵᠤ᠂ ᠥᠷᠭᠡᠨ ᠤᠯᠠᠨ ᠲᠦᠮᠡᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠵᠥᠪᠯᠡᠯᠭᠡ ᠥᠭᠴᠦ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠩᠰᠢᠬᠤ ᠪᠢᠴᠢᠭ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠤᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢ ᠤᠯᠠᠨ ᠲᠦᠮᠡᠨ ᠤ ᠳᠡᠷᠭᠡᠳᠡ ᠬᠦᠷᠭᠡᠨ᠎ᠡ᠃ ᠡᠮᠨᠡᠯᠭᠡ ᠶᠢᠨ ᠠᠵᠢᠯᠲᠠᠳ ᠲᠠᠷᠢᠶᠠᠴᠢᠳ ᠲᠤ ᠠᠯᠪᠠᠨ ᠵᠢᠷᠤᠮ ᠤᠨ ᠡᠮᠴᠢᠯᠡᠭᠡ ᠬᠢᠵᠦ᠂ ᠡᠪᠡᠳᠴᠢᠨ ᠡᠮᠭᠡᠭ ᠢ ᠰᠡᠷᠭᠡᠶᠢᠯᠡᠬᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠮᠡᠳᠡᠯᠭᠡ ᠪᠣᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠬᠠᠯᠳᠠᠪᠤᠷᠢᠲᠤ ᠲᠠᠭᠰᠢᠭᠤᠷ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠷᠡᠭᠦᠯ ᠴᠢᠭᠢᠷᠠᠭ ᠢᠳᠡᠭᠡᠨ ᠤᠮᠳᠠᠭᠠᠨ ᠵᠡᠷᠭᠡ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠭᠦᠨ᠎ᠡ᠃ ᠵᠠᠮ ᠬᠠᠷᠢᠯᠴᠠᠭᠠᠨ ᠤ ᠴᠠᠭᠳᠠᠭ᠎ᠠ᠂ ᠭᠠᠯ ᠤᠨᠲᠠᠷᠠᠭᠠᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠤᠳ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ᠂ ᠭᠠᠮᠰᠢᠭ ᠢ ᠪᠠᠭᠠᠰᠬᠠᠵᠤ ᠭᠠᠮᠰᠢᠭ ᠠᠴᠠ ᠵᠠᠶᠢᠯᠠᠬᠤ ᠵᠡᠷᠭᠡ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠬᠡᠷᠡᠭᠲᠡᠶ᠃
   ᠰᠠᠭᠤᠭᠠᠯᠢ ᠠᠷᠠᠳ ᠬᠤᠤ ᠢᠦ᠋ᠢ ᠵᠢᠶᠧ᠄ ︽ᠡᠨᠡ ᠬᠦ ︿ᠭᠤᠷᠪᠠ ᠶᠢ ᠬᠥᠳᠡᠭᠡ ᠪᠠᠭᠤᠯᠭᠠᠬᠤ﹀ ᠠᠵᠢᠯᠯᠠᠭ᠎ᠠ ᠦᠨᠡᠬᠡᠷ ᠰᠠᠶᠢᠨ ᠪᠣᠯᠵᠠᠢ︕ ᠪᠢ ᠰᠠᠶ᠋ᠢ ᠡᠷᠡᠭᠦᠯ ᠮᠡᠨᠳᠦ ᠶᠢᠨ ᠵᠢᠷᠤᠮ ᠤᠨ ᠡᠮᠴᠢᠯᠡᠭᠡ ᠠᠴᠠ ᠭᠠᠷᠴᠤ ᠢᠷᠡᠵᠡᠢ᠂ ᠲᠡᠳᠡ ᠡᠷᠡᠭᠦᠯ ᠮᠡᠨᠳᠦ ᠶᠢᠨ ᠮᠡᠳᠡᠯᠭᠡ ᠶᠢ ᠭᠡᠷ ᠤᠨ ᠡᠭᠦᠳᠡᠨ ᠳᠤ ᠬᠦᠷᠭᠡᠵᠦ᠂ ᠪᠠᠰᠠ ᠪᠢᠳᠡᠨ ᠳᠤ ᠡᠷᠡᠭᠦᠯ ᠮᠡᠨᠳᠦ  ᠶᠢᠨ ᠭᠠᠷ ᠳᠡᠪᠲᠡᠷ ᠲᠠᠷᠬᠠᠭᠠᠵᠤ᠂ ᠴᠢᠰᠤᠨ ᠳᠠᠷᠤᠯᠲᠠ ᠴᠢᠰᠤᠨ ᠰᠢᠬᠢᠷ ᠵᠡᠷᠭᠡ ᠰᠠᠭᠤᠷᠢ ᠪᠠᠶᠢᠴᠠᠭᠠᠯᠲᠠ ᠶᠢ ᠬᠡᠮᠵᠢᠵᠡᠢ ᠂ ᠣᠨᠴᠠᠭᠠᠢ ᠳᠥᠭᠦᠮ᠃︾ ᠭᠡᠮᠡᠨ ᠬᠡᠯᠡᠨ᠎ᠡ᠃
   ︽ᠡᠨᠡ ᠤᠳᠠᠭᠠᠨ ᠤ ︿ᠭᠤᠷᠪᠠ ᠶᠢ ᠬᠥᠳᠡᠭᠡ ᠪᠠᠭᠤᠯᠭᠠᠬᠤ﹀ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠪᠢᠳᠡᠨ ᠤ ᠳᠡᠷᠭᠡᠳᠡ ᠲᠦᠭᠡᠮᠡᠯᠵᠢᠭᠦᠯᠵᠦ᠂ ᠪᠢᠳᠡ ᠨᠠᠩ ᠰᠠᠶᠢᠨ ᠬᠠᠤᠯᠢ ᠶᠢ ᠮᠡᠳᠡᠵᠦ ᠬᠠᠤᠯᠢ ᠶᠢ ᠤᠶᠢᠯᠠᠭᠠᠵᠦ᠂ ᠬᠠᠤᠯᠢ ᠴᠠᠭᠠᠵᠠ ᠪᠠᠷ ᠥᠪᠡᠷ ᠢ ᠪᠠᠨ ᠬᠢᠵᠠᠭᠠᠷᠯᠠᠶ᠎ᠠ᠃︾ ᠰᠠᠭᠤᠭᠠᠯᠢ ᠠᠷᠠᠳ ᠯᠢ ᠭᠤᠸᠠᠩ ᠢᠤᠢ ᠬᠡᠯᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ  ᠤᠨ ᠤᠯᠠᠮᠵᠢᠯᠠᠭᠴᠢ ᠣᠯᠠᠨ ᠳᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠵᠢᠭᠠᠵᠤ᠂ ᠣᠯᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ᠂ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ᠶᠢ ᠵᠢᠭᠠᠵᠤ᠂ ᠥᠷᠭᠡᠨ ᠣᠯᠠᠨ ᠲᠦᠮᠡᠨ ᠳᠤ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠷ᠎ᠠ ᠵᠠᠶ  ᠠᠴᠠ ᠮᠡᠳᠡᠷᠡᠭᠦᠯᠪᠡ᠃
   ︽ᠡᠨᠡ ᠬᠦ ᠠᠵᠢᠯᠯᠠᠭ᠎ᠠ ᠨᠢ ᠪᠢᠳᠡᠨ ᠤ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠲᠠᠯ᠎ᠠ ᠶᠢᠨ ᠠᠰᠠᠭᠤᠳᠠᠯ ᠢ ᠴᠥᠭᠡᠨ ᠪᠤᠰᠤ ᠰᠢᠢᠳᠪᠦᠷᠢᠯᠡᠪᠡ᠂ ᠪᠢ ᠪᠠᠰᠠ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ  ᠤᠨ ᠥᠪ ᠤᠨ ᠴᠠᠭᠠᠰᠤᠨ ᠬᠠᠶᠢᠴᠢᠯᠠᠮᠠᠯ ᠪᠠ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ᠶᠢ ᠰᠤᠷᠤᠯᠴᠠᠪᠠ᠃ ᠪᠢ ᠤᠷᠠᠨ ᠪᠢᠴᠢᠯᠭᠡ ᠳᠤ ᠮᠠᠰᠢ ᠳᠤᠷᠠᠲᠠᠶ᠂ ᠬᠤᠵᠢᠮ ᠪᠢ ᠤᠷᠠᠨ ᠪᠢᠴᠢᠯᠭᠡ ᠶᠢ ᠰᠠᠶᠢᠨ ᠰᠤᠳᠤᠯᠤᠨ᠎ᠠ᠃︾ ᠰᠠᠭᠤᠭᠠᠯᠢ ᠠᠷᠠᠳ ᠯᠢᠦ ᠲᠢᠶᠧ᠄ ︽ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠪᠢᠳᠡ ᠪᠣᠳᠠᠰ ᠤᠨ ᠪᠤᠰᠤ ᠰᠣᠶᠣᠯ ᠤᠨ ᠥᠪ ᠪᠣᠯᠤᠨ ᠳᠤᠮᠳᠠᠳᠤ ᠶᠢᠨ ᠰᠣᠶᠣᠯ ᠤᠨ ᠷᠢᠳᠢ ᠰᠢᠳᠢ ᠶᠢ ᠤᠢᠢᠷ᠎ᠡ ᠠᠴᠠ ᠮᠡᠳᠡᠷᠡᠵᠦ᠂ ᠮᠠᠰᠢ ᠰᠡᠳᠬᠢᠯ ᠬᠠᠨᠤᠮᠵᠢᠲᠠᠢ ᠪᠠᠶᠢᠨ᠎ᠠ᠃︾ ᠭᠡᠵᠡᠢ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠬᠦ ᠶᠢ ᠢᠮᠠᠭᠲᠠ ᠦᠨᠳᠦᠰᠦᠨ ᠱᠠᠳᠤ ᠶᠢ ᠴᠢᠬᠤᠯᠠᠴᠢᠯᠠᠬᠤ᠂ ᠠᠷᠠᠳ ᠤᠨ ᠠᠮᠢᠳᠤᠷᠠᠯ ᠢ ᠬᠠᠯᠠᠮᠵᠢᠯᠠᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠭᠠᠵᠤ᠂ ᠵᠦᠴᠦᠭᠡ ᠶᠢᠨ ᠲᠠᠶᠢᠰᠠ ᠶᠢ ᠲᠣᠰᠬᠤᠨ ᠤ ᠵᠠᠬ᠎ᠠ ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠷᠢᠶᠠᠨ ᠭᠠᠵᠠᠷ ᠲᠤ ᠬᠦᠷᠭᠡᠵᠦ᠂ ᠡᠷᠡᠭᠦᠯ ᠮᠡᠨᠳᠦ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠬᠠᠤᠯᠢ ᠴᠠᠭᠠᠵᠠ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠪᠡ᠃    ︽ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︿ᠭᠤᠷᠪᠠ ᠶᠢ ᠬᠥᠳᠡᠭᠡ ᠪᠠᠭᠤᠯᠭᠠᠬᠤ﹀ ᠠᠵᠢᠯᠯᠠᠭ᠎ᠠ ᠪᠣᠯ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠭᠤᠤᠯ ᠰᠡᠳᠦᠪᠲᠦ ᠠᠵᠢᠯᠯᠠᠭ᠎ᠠ ᠮᠥᠨ᠂ ᠭᠤᠤᠯᠳᠠᠭᠤ ᠡᠷᠡᠭᠦᠯ ᠰᠠᠷᠠᠭᠤᠯ ᠠᠯᠪᠠᠨ ᠵᠢᠷᠤᠮ ᠤᠨ ᠡᠮᠴᠢᠯᠡᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠨᠣᠯ ᠤᠨ ᠤᠬᠠᠭᠤᠯᠭ᠎ᠠ ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠡᠯᠪᠡᠷᠢ ᠪᠠᠷ ᠠᠷᠠᠳ ᠣᠯᠠᠨ ᠳᠤ ᠦᠶᠯᠡᠴᠢᠯᠡᠭᠡ ᠬᠠᠩᠭᠠᠨ᠎ᠠ᠃ ᠲᠠᠷᠠᠭᠠᠴᠢ  ᠶᠢᠨ ᠠᠯᠬᠤᠮ ᠳᠤ᠂ ᠪᠢᠳᠡ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠦᠶᠯᠡᠴᠢᠯᠡᠭᠡᠨ ᠤ ᠲᠥᠷᠥᠯ ᠵᠦᠶᠯ ᠢᠶᠠᠨ ᠪᠠᠶᠠᠯᠢᠭᠵᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠬᠠᠩᠭᠠᠬᠤ  ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃︾ ᠭᠡᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠭ᠎ᠠ ᠬᠥᠮᠦᠵᠢᠯ ᠤᠨ ᠲᠠᠰᠤᠭ ᠤᠨ ᠳᠠᠷᠤᠭ᠎ᠠ ᠦ᠋ ᠽᠧ ᠪᠢᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号