2024 ᠣᠨ ᠤ 6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ 2024 ᠣᠨ ᠤ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠰ ᠢ | ᠨᠡᠶᠢᠲᠡᠯᠡᠪᠡ᠂ ᠮᠠᠨ ᠤ ᠰᠢᠶᠠᠨ ᠤ ᠲᠦᠴᠢᠦᠸᠠᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠨᠢ | ᠤᠯᠤᠰ ᠤᠨ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ ᠪᠠᠷ ᠦᠨᠡᠯᠡᠨ | ᠲᠣᠭᠲᠠᠭᠠᠪᠠ᠃ | | ᠲᠦᠴᠢᠦᠸᠠᠨᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠲᠣᠪᠴᠢ ᠲᠠᠨᠢᠯᠴᠠᠭᠤᠯᠭ᠎ᠠ | ᠲᠦᠴᠢᠦᠸᠠᠨ ᠤ ᠨᠠᠨ ᠰᠢᠶᠠᠩ ᠬᠤᠳᠠ ᠶᠢᠨ ᠨᠣᠭᠤᠭ᠎ᠠ ᠶᠢᠨ ᠬᠦᠷᠢᠶᠡᠯᠡᠩ ᠬᠢᠩᠭᠠᠨ ᠠᠶᠢᠮᠠᠭ ᠤᠨ ᠲᠦᠴᠢᠦᠸᠠᠨ | ᠰᠢᠶᠠᠨ ᠤ ᠲᠦᠴᠢᠦᠸᠠᠨ ᠪᠠᠯᠭᠠᠰᠤᠨ ᠳᠤ ᠪᠠᠶᠢᠷᠢᠯᠠᠵᠤ᠂ ᠦᠵᠡᠮᠵᠢ ᠶᠢᠨ ᠣᠷᠣᠨ ᠤ ᠵᠤᠭᠠᠴᠠᠯ ᠤᠨ ᠠᠭᠤᠯᠭ᠎ᠠ ᠡᠯᠪᠡᠭ | ᠪᠠᠶᠠᠯᠢᠭ᠂ ᠲᠥᠬᠦᠭᠡᠷᠦᠮᠵᠢ ᠪᠦᠷᠢᠨ ᠭᠦᠢᠴᠡᠳ ᠪᠠᠶᠢᠳᠠᠭ᠃ ︽ᠨᠢᠭᠡ ᠬᠤᠩᠭᠢᠯ ᠲᠠᠪᠤᠨ ᠬᠦᠷᠢᠶᠡᠯᠡᠩ︾᠂ | ᠲᠤᠬᠠᠶᠢᠯᠠᠪᠠᠯ ᠬᠤᠪᠢᠰᠬᠠᠯ ᠤᠨ ᠬᠥᠮᠦᠵᠢᠯ ᠤᠨ ᠣᠷᠳᠣ ᠬᠤᠩᠭᠢᠯ᠂ ᠲᠠᠩᠰᠤᠭ ᠰᠠᠶᠢᠬᠠᠨ ᠬᠥᠳᠡᠭᠡ ᠲᠣᠰᠬᠤᠨ᠂ | ᠲᠦᠳᠡᠭ ᠭᠠᠯ ᠢᠶᠠᠷ ᠵᠤᠭᠠᠴᠠᠬᠤ ᠬᠦᠷᠢᠶᠡᠯᠡᠩ᠂ ᠡᠩᠬᠦᠷᠡᠶ ᠠᠮᠢᠳᠡᠠ ᠤ ᠬᠡᠷ ᠣᠷᠣᠨ᠂ ᠬᠤᠲᠠ ᠶᠢᠨ ᠨᠣᠭᠤᠭ᠎ᠠ ᠶᠢᠨ | ᠬᠦᠷᠢᠶᠡᠯᠡᠩ ᠪᠠ ᠬᠡᠦᠬᠡᠳ ᠤᠨ ᠴᠡᠩᠭᠡᠯ ᠤᠨ ᠬᠦᠷᠢᠶᠡᠯᠡᠩ ᠲᠠᠢ ᠪᠠᠶᠢᠵᠤ᠂ ᠦᠵᠡᠮᠵᠢ ᠶᠢᠨ ᠤᠰᠤᠨ ᠰᠢᠰᠲ᠋ᠧᠮ᠂ ᠣᠶ | ᠶᠢᠨ ᠬᠤᠷᠮᠣᠶ ᠶᠢᠨ ᠰᠢᠷᠠᠯᠠᠭ᠎ᠠ᠂ ᠵᠠᠳᠠᠭᠠᠶ ᠭᠤᠸᠠᠨᠰᠠ᠂ ᠨᠠᠨ ᠰᠢᠶᠠᠩ ᠤᠨ ᠲᠣᠮᠣ ᠬᠤᠭᠤᠯᠠᠨ ᠬᠡᠷ ᠵᠡᠷᠭᠡ | ᠡᠵᠡᠩᠨᠡᠯᠲᠡ ᠶᠢᠨ ᠠᠭᠤᠯᠭ᠎ᠠ ᠲᠠᠢ ᠪᠠᠶᠢᠵᠤ᠂ VR ᠣᠶᠢᠯᠠᠭᠠᠯᠲᠠ᠂ ᠴᠠᠬᠢᠯᠭᠠᠨ ᠲᠣᠭᠯᠠᠭᠠᠮ ᠵᠤᠭ᠎ᠠ ᠴᠡᠩᠭᠡᠯ᠂ | ᠲᠦᠷᠭᠡᠨ ᠬᠤᠭᠤᠯᠠ ᠧᠦ᠋ᠷᠣᠫᠠ ᠬᠤᠭᠤᠯᠠ ᠵᠡᠷᠭᠡ ᠰᠢᠨ᠎ᠡ ᠰᠣᠷᠭᠤᠭ ᠡᠵᠡᠩᠨᠡᠯᠲᠡ ᠶᠢᠨ ᠪᠠᠶᠢᠳᠠᠯ ᠢ ᠣᠷᠣᠭᠤᠯᠤᠨ | ᠠᠪᠴᠢᠷᠠᠵᠤ᠂ ︽ᠭᠠᠯᠲᠤ ᠲᠡᠷᠭᠡ︾ ᠶᠢᠨ ᠰᠢᠷᠢᠰ ᠦᠶᠯᠡᠳᠦᠯᠴᠡᠬᠦ ᠡᠯᠧᠮᠧᠨ᠋ᠲ ᠢ ᠪᠠᠶᠠᠯᠢᠭᠵᠢᠭᠤᠯᠵᠤ᠂ ᠬᠦᠷᠢᠶᠡᠯᠡᠩ | ᠲᠣᠭᠤᠷᠢᠭ ᠤᠨ ᠲᠠᠲᠠᠬᠤ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ | ᠰᠢᠨ᠎ᠡ ᠬᠢᠯᠠᠰ ᠴᠡᠭ ᠢ ᠪᠣᠶ ᠪᠣᠯᠭᠠᠨ᠎ᠠ᠃ | | | | | | | | |