ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠤᠰᠤᠯᠠᠯᠲᠠ ᠶᠢ ᠪᠠᠲᠤᠯᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/10
   ᠮᠠᠰᠢᠨ ᠴᠠᠬᠢᠯᠭᠠᠨ ᠬᠤᠳᠳᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠠᠷᠢᠶᠠᠨ ᠭᠠᠵᠠᠷ ᠤᠨ ᠥᠨᠳᠥᠷ ᠪᠦᠲᠦᠮᠵᠢᠲᠡᠶ ᠤᠰᠤᠯᠠᠯᠲᠠ ᠢ ᠪᠠᠲᠤᠯᠠᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠪᠤᠤ ᠱᠢ ᠪᠠᠯᠭᠠᠰᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠠᠶᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠪᠠᠯᠭᠠᠰᠤᠨ ᠤ ᠮᠠᠰᠢᠨ ᠴᠠᠬᠢᠯᠭᠠᠨ ᠬᠤᠳᠳᠤᠭ ᠨᠢ ᠲᠠᠷᠢᠶᠠᠯᠠᠩ ᠤᠨ ᠦᠶᠯᠡᠳᠪᠦᠷᠢᠯᠡᠯ ᠳᠤ ᠥᠨᠳᠥᠷ ᠪᠦᠲᠦᠮᠵᠢᠲᠡᠶ ᠦᠶᠯᠡᠴᠢᠯᠡᠬᠦ ᠶᠢ ᠦᠨᠡᠨ ᠬᠦ ᠪᠠᠲᠤᠯᠠᠪᠠ᠃
   ᠮᠠᠰᠢᠨ ᠴᠠᠬᠢᠯᠭᠠᠨ ᠬᠤᠳᠳᠤᠭ ᠢ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ  ᠶᠢᠨ ᠲᠥᠯᠥᠭᠡ᠂ ᠪᠠᠯᠭᠠᠰᠤᠨ ᠤ ᠵᠠᠰᠠᠭ ᠤᠨ ᠣᠷᠳᠣᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠰᠡᠯᠪᠢᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠥᠰᠦᠯ ᠲᠣᠭᠲᠠᠭᠠᠬᠤ᠂ ᠰᠡᠯᠪᠢᠨ ᠵᠠᠰᠠᠬᠤ ᠪᠠ ᠰᠡᠯᠪᠢᠨ ᠵᠠᠰᠠᠭᠰᠠᠨ ᠤ ᠳᠠᠷᠠᠭᠠᠬᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠵᠦ᠂ ᠡᠯ᠎ᠡ ᠲᠣᠰᠬᠤᠨ ᠢ ᠬᠢᠨᠠᠨ ᠵᠢᠯᠣᠭᠤᠳᠴᠤ ᠪᠠᠶᠢᠭᠠᠳ ᠵᠣᠬᠢᠴᠠᠩᠭᠤᠶ ᠰᠡᠯᠪᠢᠨ ᠵᠠᠰᠠᠬᠤ ᠳᠤᠭᠤᠶᠢᠯᠠᠩ ᠪᠠᠶᠢᠭᠤᠯᠵᠤ᠂ ᠰᠡᠯᠪᠢᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠲᠣᠰᠬᠤᠨ ᠤ ᠪᠠᠶᠢᠳᠠᠯ ᠳᠤᠨᠢ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠡᠷᠡᠭᠯᠡᠬᠦ ᠳᠤ ᠲᠥᠬᠦᠮ ᠪᠠᠶᠢᠯᠭᠠᠬᠤ᠂ ᠲᠥᠷᠥᠯ ᠬᠤᠪᠢᠶᠠᠨ ᠬᠡᠷᠡᠭᠵᠢᠭᠦᠯᠬᠦ ᠵᠠᠷᠴᠢᠮ ᠶᠣᠰᠣᠭᠠᠷ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠪᠣᠯᠬᠤ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠤ ᠤᠰᠤᠯᠠᠬᠤ ᠬᠡᠷᠡᠭᠯᠡᠬᠦ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠠᠳᠬᠤᠨ ᠨᠠᠷᠢᠯᠢᠭ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃    ᠪᠤᠤ ᠱᠢ ᠪᠠᠯᠭᠠᠰᠤ ᠮᠠᠰᠢᠨ ᠴᠠᠬᠢᠯᠭᠠᠨ ᠬᠤᠳᠳᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠵᠤ ᠶᠡᠭᠡ ᠪᠠᠷ ᠳᠡᠭᠡᠭᠰᠢᠯᠡᠭᠦᠯᠬᠦ ᠬᠤᠷᠠᠯ ᠬᠤᠷᠠᠯᠳᠤᠭᠤᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶᠯ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠪᠠ᠂ ᠵᠢᠭᠰᠠᠭᠠᠨ ᠪᠠᠶᠢᠴᠠᠭᠠᠬᠤ ᠱᠠᠭᠠᠷᠳᠠᠯᠭ᠎ᠠ ᠶᠢ ᠲᠤᠳᠤᠷᠬᠠᠶᠢᠯᠠᠵᠦ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ᠂ ᠪᠠᠯᠭᠠᠰᠤᠨ ᠤ ᠱᠠᠲᠤᠨ ᠤ ᠤᠳᠤᠷᠢᠳᠬᠤ ᠳᠤᠭᠤᠶᠢᠯᠠᠩ ᠲᠠᠷᠢᠶᠠᠨ ᠦᠵᠦᠭᠦᠷ ᠲᠤ ᠭᠦᠨᠵᠡᠭᠡᠶᠢᠷᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠂ ᠪᠦᠬᠦ ᠪᠠᠯᠭᠠᠰᠤᠨ ᠤ ᠲᠠᠷᠢᠶᠠᠯᠠᠩ  ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠪᠠᠶᠢᠴᠠᠭᠠᠵᠤ ᠰᠢᠯᠭᠠᠨ ᠠᠪᠤᠨ᠎ᠠ᠂ ᠮᠠᠰᠢᠨ ᠬᠤᠳᠳᠤᠭ ᠨᠢ ᠪᠦᠷᠢᠨ ᠭᠦᠶᠴᠡᠳ ᠡᠰᠡᠬᠦ ᠶᠢ ᠪᠠᠢᠴᠠᠭᠠᠵᠤ ᠦᠵᠡᠵᠦ᠂ ᠬᠤᠭᠤᠯᠠᠶ ᠶᠢ ᠬᠡᠪ ᠢᠶᠠᠷ ᠬᠡᠷᠡᠭᠯᠡᠵᠦ ᠪᠣᠯᠬᠤ ᠡᠰᠡᠬᠦ᠂ ᠬᠤᠳᠳᠤᠭ ᠳᠣᠲᠣᠷ᠎ᠠ ᠡᠯᠳᠡᠪ ᠶᠠᠭᠤᠮ᠎ᠠ ᠪᠠᠶᠢᠬᠤ ᠡᠰᠡᠬᠦ᠂ ᠤᠰᠤ ᠭᠠᠷᠬᠤ ᠪᠦᠯᠦᠩ ᠪᠦᠬᠦᠨ ᠢᠶᠠᠷ ᠢᠶᠠᠨ ᠤᠰᠤ ᠭᠠᠷᠤᠭᠰᠠᠨ ᠡᠰᠡᠬᠦ ᠵᠡᠷᠭᠡ ᠪᠠᠶᠢᠳᠠᠯ᠂ ᠲᠣᠰᠬᠤᠨ ᠳᠠᠷᠠᠭᠠᠯᠠᠨ ᠪᠠᠶᠢᠴᠠᠭᠠᠬᠤ᠂ ᠪᠥᠬᠦ ᠪᠠᠯᠭᠠᠰᠤᠨ ᠤ ᠡᠯ᠎ᠡ ᠲᠣᠰᠬᠤᠨ  ᠤ ᠮᠠᠰᠢᠨ ᠴᠠᠬᠢᠯᠭᠠᠨ ᠤ ᠬᠤᠳᠳᠤᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠂ ᠵᠢᠭᠰᠠᠭᠠᠨ ᠪᠠᠶᠢᠴᠠᠭᠠᠬᠤ ᠡᠬᠡ ᠳᠠᠩᠰᠠ ᠪᠠ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠦ᠂ ᠲᠤᠤᠱᠲᠠᠢ ᠬᠢᠬᠦ ᠶᠢ ᠪᠠᠷᠢᠮᠲᠠᠯᠠᠨ᠎ᠠ᠂ ᠪᠠᠶᠢᠳᠠᠯ ᠲᠣᠳᠣᠷᠬᠠᠶ᠂ ᠪᠠᠶᠢᠷᠢᠰᠢᠯ ᠣᠨᠣᠪᠴᠢᠲᠠᠶ ᠬᠡᠷᠡᠭᠳᠡᠢ᠃
   ᠲᠠᠷᠠᠭᠠᠴᠢ ᠶᠢᠨ ᠠᠯᠬᠤᠮ ᠳᠤ ᠪᠤᠤ ᠱᠢ ᠪᠠᠯᠭᠠᠰᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠤᠰᠤᠯᠠᠯᠲᠠ ᠶᠢᠨ ᠬᠡᠷᠡᠭᠴᠡᠭᠡ ᠶᠢ ᠬᠠᠩᠭᠠᠵᠤ᠂ ᠤᠰᠤ ᠲᠠᠲᠠᠵᠤ ᠬᠡᠷᠡᠭᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠰᠢᠨ ᠴᠠᠬᠢᠯᠭᠠᠨ ᠬᠤᠳᠳᠤᠭ ᠢ ᠣᠷᠳᠣ ᠬᠤᠭᠤᠴᠠᠭ᠎ᠠ ᠪᠠᠷ ᠬᠠᠮᠠᠭᠠᠯᠠᠬᠤ ᠬᠠᠲᠠᠭᠤ ᠬᠢᠵᠠᠭᠠᠷᠯᠠᠯ ᠤᠨ ᠲᠣᠭᠲᠠᠴᠠ ᠶᠢ ᠴᠢᠩᠭᠠᠳᠬᠠᠵᠤ᠂ ᠮᠠᠰᠢᠨ ᠴᠠᠬᠢᠯᠭᠠᠨ ᠬᠤᠳᠳᠤᠭ ᠢ ᠪᠦᠲᠦᠮᠵᠢᠲᠡᠶ ᠠᠰᠢᠭᠯᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ ᠪᠣᠳᠠᠲᠠᠶ  ᠶᠢ ᠡᠷᠬᠢᠮᠯᠡᠬᠦ ᠰᠤᠷᠲᠠᠯ ᠢᠶᠠᠷ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ  ᠶᠢᠨ ᠠᠵᠢᠯ ᠢ ᠰᠠᠶᠢᠲᠤᠷ ᠬᠢᠵᠦ᠂ ᠪᠥᠬᠦ ᠪᠠᠯᠭᠠᠰᠤᠨ ᠤ ᠠᠷᠠᠳ ᠣᠯᠠᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠬᠡᠷᠡᠭᠴᠡᠭᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号