ᠪᠠᠶᠠᠷ ᠤᠨ ᠮᠡᠳᠡᠭᠡ︕ ᠲᠦᠴᠢᠦᠸᠠᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠯᠤᠰ  ᠤᠨ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/7/10
   2024 ᠣᠨ ᠤ 6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ 2024 ᠣᠨ ᠤ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠰ ᠢ ᠨᠡᠶᠢᠲᠡᠯᠡᠪᠡ᠂ ᠮᠠᠨ ᠤ ᠰᠢᠶᠠᠨ ᠤ ᠲᠦᠴᠢᠦᠸᠠᠨ ᠤ ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠨᠢ ᠤᠯᠤᠰ ᠤᠨ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ ᠪᠠᠷ ᠦᠨᠡᠯᠡᠨ ᠲᠣᠭᠲᠠᠭᠠᠪᠠ᠃
   ᠲᠦᠴᠢᠦᠸᠠᠨ‌ᠨᠠᠨ ᠰᠢᠶᠠᠩ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠲᠣᠪᠴᠢ ᠲᠠᠨᠢᠯᠴᠠᠭᠤᠯᠭ᠎ᠠ    ᠲᠦᠴᠢᠦᠸᠠᠨ ᠤ ᠨᠠᠨ ᠰᠢᠶᠠᠩ ᠬᠤᠳᠠ ᠶᠢᠨ ᠨᠣᠭᠤᠭ᠎ᠠ ᠶᠢᠨ ᠬᠦᠷᠢᠶᠡᠯᠡᠩ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠳᠤ ᠪᠠᠶᠢᠷᠢᠯᠠᠵᠤ᠂ ᠦᠵᠡᠮᠵᠢ ᠶᠢᠨ ᠣᠷᠣᠨ ᠤ ᠵᠤᠭᠠᠴᠠᠯ ᠤᠨ ᠠᠭᠤᠯᠭ᠎ᠠ ᠡᠯᠪᠡᠭ ᠪᠠᠶᠠᠯᠢᠭ᠂ ᠲᠥᠬᠦᠭᠡᠷᠦᠮᠵᠢ ᠪᠦᠷᠢᠨ ᠭᠦᠢᠴᠡᠳ ᠪᠠᠶᠢᠳᠠᠭ᠃ ︽ᠨᠢᠭᠡ ᠬᠤᠩᠭᠢᠯ ᠲᠠᠪᠤᠨ ᠬᠦᠷᠢᠶᠡᠯᠡᠩ︾᠂ ᠲᠤᠬᠠᠶᠢᠯᠠᠪᠠᠯ ᠬᠤᠪᠢᠰᠬᠠᠯ ᠤᠨ ᠬᠥᠮᠦᠵᠢᠯ ᠤᠨ ᠣᠷᠳᠣ ᠬᠤᠩᠭᠢᠯ᠂ ᠲᠠᠩᠰᠤᠭ ᠰᠠᠶᠢᠬᠠᠨ ᠬᠥᠳᠡᠭᠡ ᠲᠣᠰᠬᠤᠨ᠂ ᠲᠦᠳᠡᠭ ᠭᠠᠯ ᠢᠶᠠᠷ ᠵᠤᠭᠠᠴᠠᠬᠤ ᠬᠦᠷᠢᠶᠡᠯᠡᠩ᠂ ᠡᠩᠬᠦᠷᠡᠶ ᠠᠮᠢᠳᠡᠠ ᠤ ᠬᠡᠷ ᠣᠷᠣᠨ᠂ ᠬᠤᠲᠠ ᠶᠢᠨ ᠨᠣᠭᠤᠭ᠎ᠠ ᠶᠢᠨ ᠬᠦᠷᠢᠶᠡᠯᠡᠩ ᠪᠠ ᠬᠡᠦᠬᠡᠳ ᠤᠨ ᠴᠡᠩᠭᠡᠯ ᠤᠨ ᠬᠦᠷᠢᠶᠡᠯᠡᠩ ᠲᠠᠢ ᠪᠠᠶᠢᠵᠤ᠂ ᠦᠵᠡᠮᠵᠢ ᠶᠢᠨ ᠤᠰᠤᠨ ᠰᠢᠰᠲ᠋ᠧᠮ᠂ ᠣᠶ  ᠶᠢᠨ ᠬᠤᠷᠮᠣᠶ ᠶᠢᠨ ᠰᠢᠷᠠᠯᠠᠭ᠎ᠠ᠂ ᠵᠠᠳᠠᠭᠠᠶ ᠭᠤᠸᠠᠨᠰᠠ᠂ ᠨᠠᠨ ᠰᠢᠶᠠᠩ ᠤᠨ ᠲᠣᠮᠣ ᠬᠤᠭᠤᠯᠠᠨ ᠬᠡᠷ ᠵᠡᠷᠭᠡ ᠡᠵᠡᠩᠨᠡᠯᠲᠡ ᠶᠢᠨ ᠠᠭᠤᠯᠭ᠎ᠠ ᠲᠠᠢ ᠪᠠᠶᠢᠵᠤ᠂ VR ᠣᠶᠢᠯᠠᠭᠠᠯᠲᠠ᠂ ᠴᠠᠬᠢᠯᠭᠠᠨ ᠲᠣᠭᠯᠠᠭᠠᠮ ᠵᠤᠭ᠎ᠠ ᠴᠡᠩᠭᠡᠯ᠂ ᠲᠦᠷᠭᠡᠨ ᠬᠤᠭᠤᠯᠠ ᠧᠦ᠋ᠷᠣᠫᠠ ᠬᠤᠭᠤᠯᠠ ᠵᠡᠷᠭᠡ ᠰᠢᠨ᠎ᠡ ᠰᠣᠷᠭᠤᠭ ᠡᠵᠡᠩᠨᠡᠯᠲᠡ ᠶᠢᠨ ᠪᠠᠶᠢᠳᠠᠯ ᠢ ᠣᠷᠣᠭᠤᠯᠤᠨ ᠠᠪᠴᠢᠷᠠᠵᠤ᠂ ︽ᠭᠠᠯᠲᠤ ᠲᠡᠷᠭᠡ︾ ᠶᠢᠨ ᠰᠢᠷᠢᠰ ᠦᠶᠯᠡᠳᠦᠯᠴᠡᠬᠦ ᠡᠯᠧᠮᠧᠨ᠋ᠲ ᠢ ᠪᠠᠶᠠᠯᠢᠭᠵᠢᠭᠤᠯᠵᠤ᠂ ᠬᠦᠷᠢᠶᠡᠯᠡᠩ ᠲᠣᠭᠤᠷᠢᠭ ᠤᠨ ᠲᠠᠲᠠᠬᠤ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号