7 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠷᠠᠰᠢᠶᠠᠨ ᠬᠤᠳᠠ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠯᠡᠨ ᠵᠢᠱᠢᠵᠦ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠡᠪᠡᠰᠦᠨ ᠤ ᠦᠢᠯᠡᠰ ᠤᠨ ᠬᠥᠭᠵᠢᠯᠲᠡ᠂ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ᠂ ᠤᠮᠠᠷᠠᠰᠢ ᠨᠡᠬᠡᠬᠡᠯᠳᠡ ᠬᠢᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ | | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠬᠢᠩᠭᠠᠨ ᠲᠣᠰᠬᠤᠨ ᠳᠤ᠂ | ᠢᠦᠢ ᠵᠢᠢ ᠱᠦᠨ ᠶᠠᠳᠠᠭᠤ ᠠᠴᠠ ᠠᠩᠭᠢᠵᠢᠷᠠᠭᠤᠯᠬᠤ ᠡᠷᠦᠬᠡ ᠪᠢ ᠵᠢᠩ ᠹᠧᠩ ᠤᠨ ᠭᠡᠷ ᠲᠤ ᠬᠦᠷᠴᠦ᠂ ᠪᠡᠶ᠎ᠡ ᠶᠢᠨ | ᠪᠠᠶᠢᠳᠠᠯ᠂ ᠣᠷᠣᠯᠭ᠎ᠠ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠤᠯᠠᠨ ᠠᠷᠭ᠎ᠠ ᠵᠠᠮ ᠢᠶᠠᠷ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ | ᠠᠰᠠᠭᠤᠳᠠᠯ ᠢ ᠨᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠨᠠᠷᠢᠯᠢᠭ ᠣᠨᠣᠪᠴᠢᠲᠤ ᠴᠢᠨᠠᠷ | ᠪᠠ ᠦᠷᠭᠦᠯᠵᠢᠯᠡᠬᠦ ᠴᠢᠨᠠᠷ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠤᠨ ᠤᠳᠤ ᠦᠶ᠎ᠡ ᠶᠢᠨ ᠡᠪᠡᠰᠦᠨ ᠤ ᠠᠵᠤ | ᠦᠢᠯᠡᠰ ᠤᠨ ᠡᠳ᠋ᠰᠢᠭᠦᠯᠵᠦ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ | ᠲᠣᠭᠤᠷᠢᠭ᠂ ᠷᠠᠰᠢᠶᠠᠨ ᠤ ᠢᠯᠢ ᠪᠠᠶᠢᠭᠠᠯᠢ ᠶᠢᠨ ᠷᠠᠰᠢᠶᠠᠨ ᠤᠮᠳᠠᠭᠠᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ | ᠷᠠᠰᠢᠶᠠᠨ ᠤ ᠬᠤᠸᠠ ᠷᠦᠨ ᠬᠦᠰᠡᠯ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ | ᠷᠠᠰᠢᠶᠠᠨ ᠪᠣᠭᠤᠮᠲᠠ ᠵᠡᠷᠭᠡ ᠭᠠᠵᠠᠷ ᠲᠤ᠂ ᠢᠦᠢ ᠵᠢᠢ ᠱᠦᠨ ᠡᠯ᠎ᠡ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠪᠠᠷᠢᠮᠲᠠᠯᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠠᠵᠤ | ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ᠃ ᠲᠤᠬᠠᠶ ᠶᠢᠨ ᠭᠠᠵᠠᠷ ᠤᠨ ᠰᠢᠯᠢᠳᠡᠭ | ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠨᠡᠭᠡᠭᠡᠨ ᠬᠥᠭᠵᠢᠭᠦᠯᠵᠦ᠂ ᠦᠵᠡᠮᠵᠢ ᠶᠢᠨ ᠣᠷᠣᠨ ᠤ ᠬᠥᠮᠦᠨ | ᠨᠡᠶᠢᠭᠡᠮ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠢᠵᠢ ᠪᠥᠷᠢᠳᠦᠭᠦᠯᠬᠦ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ | ᠬᠤᠯᠪᠣᠭᠠᠯᠠᠬᠤ᠂ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠠᠶᠢᠨ | ᠰᠠᠶᠢᠬᠠᠨ ᠪᠠᠶᠢᠷᠢᠰᠢᠯ ᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ ᠬᠢᠯᠢ ᠠᠯᠤᠰᠯᠠᠭᠰᠠᠨ ᠵᠤᠭᠠᠴᠠᠯ᠂ ᠪᠣᠳᠠᠲᠠᠢ ᠳᠤ | ᠨᠠᠶᠢᠳᠠᠪᠤᠷᠢᠵᠢᠭᠤᠯᠤᠨ ᠡᠳ᠋ᠰᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠲᠦᠷᠦᠯ ᠵᠦᠢᠯ ᠢ ᠰᠦᠪᠡᠭᠴᠢᠯᠡᠨ | ᠠᠬᠢᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠳᠠᠰᠤᠷᠠᠯᠳᠠ ᠦᠬᠡᠢ | ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠲᠦᠪᠰᠢᠨ ᠢ ᠳᠡᠭᠡᠭᠰᠢᠯᠡᠭᠦᠯᠵᠦ᠂ ᠨᠠᠷᠮᠠᠶ | ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ | ᠪᠠᠶᠢᠭᠤᠯᠤᠮᠵᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃ |