ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 《 ᠲᠦᠴᠢᠦᠸᠠᠨ ᠰᠢᠶᠠᠨ ᠤ ᠡᠳ᠋ ᠤᠨ ᠵᠠᠰᠠᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 》 ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/11
ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄   ᠣᠲᠣ 《 ᠲᠦᠴᠢᠦᠸᠠᠨ ᠰᠢᠶᠠᠨ ᠤ ᠡᠳ᠋ ᠤᠨ ᠵᠠᠰᠠᠭ ᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠠᠯᠠ ᠮᠥᠩᠭᠦ ᠶᠢ ᠠᠬᠢᠭᠤᠯᠬᠤ ᠬᠠᠮᠢᠶᠠᠷᠤᠯᠲᠠ ᠶᠢᠨ ᠠᠷᠭ᠎ᠠ 》 ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠶ  ᠃                                           2024 ᠣᠨ ᠤ 7 ᠰᠠᠷ᠎ᠠ ᠶᠢᠨ 2 ᠤᠨ ᠡᠳᠦᠷ    ᠲᠦᠴᠢᠦᠸᠠᠨ ᠰᠢᠶᠠᠨ ᠤ ᠡᠳ᠋ ᠤᠨ ᠵᠠᠰᠠᠭ ᠢ ᠵᠣᠯᠭᠠᠭᠤᠯᠬᠤ  ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ  ᠶᠢ ᠠᠬᠢᠭᠤᠯᠤᠨ᠎ᠠ  ᠃ᠨᠢᠭᠡᠳᠦᠭᠡᠷ ᠪᠦᠯᠦᠭ    ᠶᠡᠷᠦᠩᠬᠡᠢ ᠳᠦᠷᠢᠮ   ᠨᠢᠭᠡᠳᠦᠭᠡᠷ ᠵᠦᠶᠯ 《 ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》 ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠵᠢᠯᠲᠡ ᠶᠢᠨ ᠬᠤᠭᠤᠴᠠᠭᠠᠨ ᠳᠠᠬᠢ ᠲᠦᠴᠢᠦᠸᠠᠨ ᠰᠢᠶᠠᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠠᠯᠠ ᠮᠥᠩᠭᠦ ( ᠳᠣᠷᠣᠭᠰᠢ ᠵᠣᠯᠭᠠᠭᠤᠯᠬᠤ ᠪᠠᠯᠠ ᠮᠥᠩᠭᠦ ᠭᠡᠵᠦ ᠲᠣᠪᠴᠢᠯᠠᠨ᠎ᠠ ) ᠶᠢᠨ ᠬᠠᠮᠢᠶᠠᠷᠤᠯᠲᠠ ᠶᠢ ᠴᠢᠩᠭᠠᠳᠬᠠᠨ᠎ᠠ᠂ 《 ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ  ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ 《 〈 ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 〉 ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 》 ( ᠡᠳ᠋ ᠲᠠᠷᠢᠶᠠᠯᠠᠩ 202119 ᠳ᠋ᠦ᠋ᠭᠡᠷ ᠲᠣᠭᠠᠲᠤ )᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 》 ( ᠥᠪᠥᠷ ᠡᠳ᠋ ᠲᠠᠷᠢᠶᠠᠯᠠᠩ ᠲᠣᠭᠲᠠᠭᠠᠯ 20224 ᠳ᠋ᠦ᠋ᠭᠡᠷ ᠲᠣᠭᠠᠲᠤ )᠂ 《 ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 》 ( ᠡᠳ᠋ ᠲᠠᠷᠢᠶᠠᠯᠠᠩ ᠢ ᠬᠥᠭᠵᠢᠭᠦᠯᠬᠦ 2022100 ᠳ᠋ᠤᠭᠠᠷ ᠲᠣᠭᠠᠲᠤ ) ᠪᠠ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ᠂ ᠲᠤᠰ ᠠᠷᠭ᠎ᠠ ᠶᠢ ᠲᠣᠭᠲᠠᠭᠠᠪᠠ  ᠃   ᠬᠤᠶᠠᠳᠤᠭᠠᠷ ᠵᠦᠶᠯ   ᠲᠦᠴᠢᠦᠸᠠᠨ ᠰᠢᠶᠠᠨ ᠤ ᠵᠣᠯᠭᠠᠭᠤᠯᠬᠤ ᠪᠡᠯᠡ ᠮᠥᠩᠭᠦ ᠭᠡᠳᠡᠭ ᠨᠢ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠮᠠᠨ ᠤ ᠰᠢᠶᠠᠨ ᠳᠤ ᠪᠠᠭᠤᠯᠭᠠᠭᠰᠠᠨ ᠵᠣᠯᠭᠠᠭᠤᠯᠬᠤ ᠪᠡᠯᠡ ᠮᠥᠩᠭᠦ ᠪᠣᠯᠤᠨ ᠲᠦᠴᠢᠦᠸᠠᠨ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠵᠣᠯᠭᠠᠭᠤᠯᠬᠤ ᠪᠡᠯᠡ ᠮᠥᠩᠭᠦ  ᠶᠢ ᠵᠢᠭᠠᠵᠤ ᠪᠤᠶ  ᠃ᠬᠤᠶᠠᠳᠤᠭᠠᠷ ᠪᠦᠯᠦᠭ    ᠪᠡᠯᠡ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ   ᠭᠤᠷᠪᠠᠳᠤᠭᠠᠷ ᠵᠦᠶᠯ   ᠵᠣᠯᠭᠠᠭᠤᠯᠬᠤ ᠪᠡᠯᠡ ᠮᠥᠩᠭᠦ ᠶᠢ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠳᠡᠮᠵᠢᠬᠦ ᠳᠤ ᠬᠡᠷᠡᠭᠯᠡᠨ᠎ᠡ᠂ ᠪᠣᠳᠠᠲᠠᠶ ᠪᠠᠷ ᠳᠣᠤᠷᠠᠬᠢ ᠬᠤᠶᠠᠷ ᠲᠠᠯ᠎ᠠ ᠶᠢ ᠪᠠᠭᠲᠠᠭᠠᠨ᠎ᠠ᠄    ( ᠨᠢᠭᠡ ) ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠳᠠᠮᠵᠢᠨ᠎ᠠ  ᠃   1 . ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠴᠠᠭ ᠲᠤᠬᠠᠶ ᠳᠤᠨᠢ ᠬᠠᠪᠰᠤᠷᠤᠨ ᠲᠡᠳᠬᠦᠬᠦ ᠶᠢ ᠴᠢᠩᠭᠠᠷᠠᠭᠤᠯᠤᠨ᠎ᠠ  ᠃ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ᠂ ᠵᠢᠴᠢ ᠡᠪᠡᠳᠴᠢᠨ ᠪᠠ ᠭᠠᠮᠰᠢᠭ ᠠᠴᠠ ᠪᠣᠯᠵᠣ ᠰᠠᠨᠠᠭᠠᠨ ᠳᠤ ᠥᠬᠡᠶ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠡᠷᠦᠬᠡ ᠶᠢ ᠬᠥᠳᠡᠯᠦᠩᠭᠦᠶ ᠪᠠᠷ ᠬᠢᠨᠠᠨ ᠰᠢᠨᠵᠢᠬᠦ ᠶᠢ ᠴᠢᠩᠭᠠᠳᠬᠠᠵᠤ᠂ ᠬᠢᠨᠠᠨ ᠰᠢᠨᠵᠢᠵᠦ ᠬᠠᠪᠰᠤᠷᠤᠨ ᠲᠡᠳᠬᠦᠬᠦ ᠡᠲᠡᠭᠡᠳ ᠲᠤ ᠴᠢᠭᠯᠡᠭᠦᠯᠬᠦ ᠴᠢᠨᠠᠷᠲᠠᠶ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠭ᠎ᠠ ᠬᠡᠮᠵᠢᠶ᠎ᠡ ᠪᠠ ᠬᠡᠷᠡᠭ ᠤᠨ ᠳᠠᠷᠠᠭᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ  ᠃ ᠠᠵᠤ ᠦᠢᠯᠡᠰ ᠤᠨ ᠬᠥᠭᠵᠢᠯᠲᠡ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠳᠠᠮ ᠬᠦᠦ᠂ ᠦᠢᠯᠡᠳᠪᠦᠷᠢᠯᠡᠯ ᠡᠵᠡᠩᠨᠡᠯᠲᠡ ᠪᠣᠯᠤᠨ ᠬᠥᠳᠡᠯᠮᠦᠷᠢ  ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠨᠥᠬᠦᠪᠥᠷᠢ᠂ ᠠᠶᠤᠯ ᠦᠭᠡᠶ ᠤᠤᠭᠤᠬᠤ ᠤᠰᠤ ᠵᠡᠷᠭᠡ ᠵᠠᠷᠤᠯᠭ᠎ᠠ ᠶᠢ ᠲᠣᠬᠢᠷᠠᠭᠤᠯᠵᠤ ᠪᠣᠯᠤᠨ᠎ᠠ︔ ᠡᠮᠬᠢᠯᠡᠨ ᠨᠡᠶᠢᠯᠡᠭᠦᠯᠬᠦ ᠳᠤ ᠣᠷᠣᠭᠤᠯᠤᠭᠠᠳᠤᠶ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠤᠨ ᠱᠠᠲᠤ ᠪᠣᠯᠤᠨ ᠰᠢᠶᠠᠨ  ᠤ ᠱᠠᠲᠤᠨ ᠤ ᠵᠣᠯᠭᠠᠯᠳᠤᠭᠤᠯᠬᠤ ᠪᠡᠯᠡ ᠮᠥᠩᠭᠦ ᠶᠢ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠲᠤᠰᠠᠯᠠᠮᠵᠢ ᠶᠢᠨ ᠵᠠᠷᠤᠯᠭ᠎ᠠ ᠳᠤ ᠬᠡᠷᠡᠭᠯᠡᠵᠦ ᠪᠣᠯᠤᠨ᠎ᠠ  ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ᠂ ᠲᠦᠷ ᠴᠠᠭ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠤᠤᠯ ᠤᠨ ᠪᠠᠯᠠ ᠮᠥᠩᠭᠦ ᠶᠢᠨ ᠠᠷᠭ᠎ᠠ ᠵᠠᠮ ᠢᠶᠠᠷ ᠳᠡᠮᠵᠢᠨ᠎ᠡ  ᠃ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠣᠨ ᠵᠠᠷᠤᠳᠠᠯ ᠢ ᠡᠯ᠎ᠡ ᠰᠠᠯᠠᠭ᠎ᠠ ᠮᠥᠴᠢᠷ ᠣᠨ ᠲᠥᠰᠦᠪ ᠢᠢᠡᠷ ᠳᠠᠮᠵᠢᠭᠤᠯᠤᠨ ᠲᠤᠬᠢᠷᠠᠭᠤᠯᠬᠤ ᠬᠡᠷᠡᠭᠲᠡᠢ  ᠃    2 .《 135 》 ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭ᠎ᠠ ᠦᠷᠭᠦᠯᠵᠢᠯᠡᠨ ᠲᠡᠳᠬᠦᠨ᠎ᠡ  ᠃ ᠨᠡᠭᠦᠯᠭᠡᠬᠦ ᠣᠯᠠᠨ ᠲᠦᠮᠡᠨ ᠤ ᠬᠥᠭᠵᠢᠯᠲᠡ ᠶᠢ ᠳᠠᠶᠢᠴᠢᠯᠠᠬᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠠᠵᠢᠯ ᠣᠯᠭᠤᠬᠤ ᠬᠡᠷᠡᠭᠴᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠠᠴᠠ ᠲᠡᠳᠬᠦᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ  ᠃ ᠲᠥᠪᠬᠢᠨᠡᠭᠦᠯᠬᠦ ᠣᠷᠣᠨ ᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠣᠯᠠᠨ ᠲᠦᠮᠡᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠠᠵᠢᠯ ᠤᠨ ᠪᠠᠶᠢᠷᠢ ᠪᠠ 《 ᠨᠢᠭᠡ ᠥᠷᠲᠡᠭᠡ ᠮᠠᠶ᠋ᠢᠭ 》 ᠤᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠶᠢᠨ ᠵᠠᠷᠤᠳᠠᠯ ᠳᠤ ᠵᠣᠬᠢᠬᠤ ᠨᠥᠬᠦᠪᠥᠷᠢ ᠣᠯᠭᠤᠨ᠎ᠠ  ᠃ 《 135 》 ᠶᠢᠨ ᠲᠥᠯᠥᠪᠵᠢᠭᠦᠯᠭᠡ ᠶᠢᠨ ᠳᠣᠲᠣᠷᠠᠬᠢ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠢᠭᠡᠯᠡᠯᠭᠡ ᠪᠠ ᠳᠣᠭᠢᠷᠠᠭᠤᠯᠤᠨ ᠵᠢᠷᠤᠮᠵᠢᠭᠤᠯᠤᠭᠰᠠᠨ ᠤ ᠳᠠᠷᠠᠭᠠᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠤ ᠲᠣᠭᠲᠠᠭᠠᠯ ᠶᠣᠰᠣᠭᠠᠷ ᠳᠠᠮ ᠬᠦᠦ ᠶᠢᠨ ᠨᠥᠬᠦᠪᠥᠷᠢ ᠣᠯᠭᠤᠨ᠎ᠠ  ᠃    3 . ᠭᠠᠳᠠᠭᠰᠢ ᠭᠠᠷᠴᠤ ᠬᠦᠴᠦ ᠶᠠᠪᠤᠵᠤ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ( ᠬᠢᠨᠠᠨ ᠰᠢᠨᠵᠢᠵᠦ ᠬᠠᠪᠰᠤᠷᠤᠨ ᠲᠡᠳᠬᠦᠬᠦ ᠡᠲᠡᠭᠡᠳ ᠪᠠᠭᠲᠠᠨ᠎ᠠ ) ᠳᠤ ᠲᠣᠭᠲᠠᠭᠤᠨ ᠢᠶᠠᠷ ᠠᠵᠢᠯ ᠣᠯᠭᠤᠪᠠᠯ᠂ ᠥᠪᠡᠷᠲᠡᠭᠡᠨ ᠵᠠᠰᠠᠬᠤ ᠣᠷᠣᠨ ᠠᠯᠤᠰᠯᠠᠨ ᠠᠵᠢᠯ ᠣᠯᠤᠭᠰᠠᠨ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠳᠤ ᠨᠢᠭᠡ ᠤᠳᠠᠭ᠎ᠠ ᠶᠢᠨ ᠴᠢᠨᠠᠷᠲᠠᠶ ᠵᠠᠮ ᠬᠠᠷᠢᠯᠴᠠᠭᠠᠨ ᠤ ᠨᠥᠬᠦᠪᠥᠷᠢ ᠲᠣᠬᠢᠷᠠᠭᠤᠯᠵᠤ ᠪᠣᠯᠤᠨ᠎ᠠ᠂ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠳᠤ ᠬᠥᠮᠦᠨ ᠪᠦᠷᠢ ᠳᠤ ᠵᠢᠯ ᠪᠦᠷᠢ 300 ᠲᠥᠭᠦᠷᠢᠭ ᠤᠨ ᠨᠥᠬᠦᠪᠥᠷᠢ ᠣᠯᠭᠤᠨ᠎ᠠ  ᠃ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠦᠶᠯᠡᠳᠪᠦᠷᠢᠯᠡᠯ ᠤᠨ ᠱᠠᠩᠨᠠᠵᠤ ᠨᠥᠬᠦᠪᠥᠷᠢ ᠥᠭᠬᠦ᠂ ᠬᠥᠳᠡᠯᠮᠦᠷᠢ ᠦᠶᠯᠡᠴᠢᠯᠡᠭᠡᠨ  ᠤ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠠᠪᠴᠤ᠂ ᠨᠤᠲᠤᠭ ᠲᠠᠭᠠᠨ ᠪᠤᠴᠠᠵᠤ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠬᠦᠴᠦᠨ ᠤ ᠠᠵᠤ ᠦᠶᠯᠡᠰ ᠢ ᠬᠥᠭᠵᠢᠭᠦᠯᠬᠦ ᠪᠠ ᠠᠵᠢᠯ ᠣᠯᠭᠤᠵᠤ ᠣᠷᠣᠯᠭ᠎ᠠ ᠶᠢ  ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ  ᠃ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ( ᠬᠢᠨᠠᠨ ᠰᠢᠨᠵᠢᠵᠦ ᠬᠠᠪᠰᠤᠷᠤᠨ ᠲᠡᠳᠬᠦᠬᠦ ᠡᠲᠡᠭᠡᠳ ᠤᠨ ᠬᠡᠷ ᠪᠦᠯᠢ ᠪᠠᠭᠲᠠᠨ᠎ᠠ ) ᠳᠤ ᠦᠷᠭᠦᠯᠵᠢᠯᠡᠨ 《 ᠬᠤᠷ᠎ᠠ ᠪᠣᠷᠣᠭᠠᠨ ᠲᠥᠯᠥᠪᠯᠡᠭᠡ 》 ᠶᠢᠨ ᠨᠥᠬᠦᠪᠥᠷᠢ ᠳᠣᠭᠢᠷᠠᠭᠤᠯᠤᠨ᠎ᠠ  ᠃    ( ᠬᠤᠶᠠᠷ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠶᠢ ᠳᠡᠮᠵᠢᠨ᠎ᠡ  ᠃1 . ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠬᠠᠮᠲᠤ ᠪᠡᠯᠡ ᠮᠥᠩᠭᠦ ᠶᠢᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠬᠦ ᠬᠡᠷᠡᠭᠲᠡᠶ  ᠃ 20222025 ᠣᠨ ᠳᠤ ᠂ ᠭᠥᠯᠢᠶᠡᠨ ᠠᠪᠤᠭᠰᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠠᠯᠠ ᠮᠥᠩᠭᠦ ᠶᠢ ᠠᠵᠤ ᠦᠶᠯᠡᠰ ᠤᠨ ᠬᠥᠭᠵᠢᠯᠲᠡ ᠳᠤ ᠬᠡᠷᠡᠭᠯᠡᠬᠦ ᠬᠠᠷᠢᠴᠠᠯ ᠨᠢ ᠲᠣᠰ ᠲᠣᠰ 55 %᠂ 60 %᠂ 65 %᠂ 70 % ᠪᠠᠶᠢᠬᠤ ᠬᠡᠷᠡᠭᠲᠡᠶ ᠮᠥᠷᠲᠡᠭᠡᠨ ᠲᠥᠪ ᠤᠨ ᠵᠣᠯᠭᠠᠭᠤᠯᠬᠤ ᠪᠠᠯᠠ ᠮᠥᠩᠭᠦ ᠶᠢ ᠳᠡᠭᠡᠷ᠎ᠡ ᠵᠢᠯ ᠤᠨ ᠠᠵᠤ ᠦᠶᠯᠡᠰ ᠤᠨ ᠬᠥᠭᠵᠢᠯᠲᠡ ᠳᠤ ᠬᠡᠷᠡᠭᠯᠡᠬᠦ ᠪᠠᠯᠠ ᠮᠥᠩᠭᠦ ᠶᠢᠨ ᠡᠵᠡᠯᠡᠬᠦ ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ ᠥᠬᠡᠶ  ᠃ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠶᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠥᠷᠥᠯ ᠲᠡᠮᠳᠡᠭᠲᠦ ᠶᠢ ᠡᠭᠦᠳᠬᠦ ᠶᠢ ᠳᠠᠮᠵᠢᠨ᠎ᠠ  ᠃ ᠪᠡᠯᠡ ᠮᠥᠩᠭᠦ ᠶᠢ ᠲᠥᠪᠯᠡᠷᠡᠭᠦᠯᠦᠨ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠢᠮᠠᠭᠠᠨ ᠨᠣᠯᠤᠤᠷ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠤᠷᠲᠤ ᠬᠤᠭᠤᠴᠠᠭ᠎ᠠ ᠪᠠᠷ ᠪᠣᠶᠢᠵᠢᠭᠤᠯᠬᠤ ᠶᠢ ᠳᠡᠮᠵᠢᠵᠦ᠂ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳᠰᠢᠭᠦᠯᠬᠦ ᠦᠢᠯᠡᠰ᠂ ᠬᠥᠳᠡᠭᠡ ᠲᠣᠰᠬᠤᠨ ᠤ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ᠂ ᠠᠮᠢ ᠠᠬᠤᠶ ᠶᠢᠨ ᠠᠵᠤ ᠦᠢᠯᠡᠰ ᠵᠡᠷᠭᠡ ( ᠴᠢᠬᠤᠯᠠ ᠪᠦᠬᠦᠢ ᠠᠵᠤ ᠦᠢᠯᠡᠰ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠪᠠᠭᠲᠠᠨ᠎ᠠ ) ᠶᠢ ᠳᠡᠮᠵᠢᠨ ᠬᠥᠭᠵᠢᠭᠦᠯᠦᠨ ᠪᠤᠵᠠᠭᠠᠶᠢᠷᠠᠭᠤᠯᠤᠨ᠎ᠠ  ᠃ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠬᠡᠷᠡᠭᠯᠡᠭᠡ  ᠶᠢ ᠬᠠᠪᠰᠤᠷᠤᠨ ᠲᠡᠳᠬᠦᠬᠦ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠭᠡᠨ ᠤ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠦᠶᠯᠭᠡᠭᠡᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭ᠎ᠠ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠬᠢᠭᠡᠳ ᠣᠷᠣᠨ ᠪᠦᠰᠡ ᠶᠢᠨ ᠣᠨᠴᠠᠯᠢᠭᠲᠤ ᠠᠵᠤ ᠦᠶᠯᠡᠰ ᠢ ᠲᠤᠶᠢᠯ ᠤᠨ ᠣᠨᠣᠪᠴᠢᠲᠠᠶ ᠪᠠᠷ ᠵᠣᠯᠭᠠᠭᠤᠯᠬᠤ ᠶᠢ ᠳᠡᠮᠵᠢᠨ᠎ᠡ︔ ᠮᠤᠵᠢ ᠬᠤᠲᠠ ᠶᠢ ᠬᠠᠪᠰᠤᠷᠤᠨ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠶᠠᠨ ᠤ ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠢ ᠳᠡᠰ ᠬᠤᠪᠢᠶᠠᠬᠤ᠂ ᠪᠣᠭᠤᠳᠠᠯᠯᠠᠬᠤ᠂ ᠮᠥᠷᠳᠡᠨ ᠤᠬᠤᠴᠢᠯᠠᠬᠤ ᠪᠠᠷᠢᠮᠵᠢᠶᠠᠵᠢᠭᠤᠯᠤᠯᠲᠠ ᠶᠢ ᠳᠡᠮᠵᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ 《 ᠬᠤᠳᠠᠯᠳᠤᠬᠤ ᠳᠤ ᠬᠦᠴᠢᠷ 》 ᠪᠠᠶᠢᠬᠤ ᠠᠰᠠᠭᠤᠳᠠᠯ ᠢ ᠰᠢᠶᠳᠪᠦᠷᠢᠯᠡᠨ᠎ᠡ  ᠃ ᠶᠠᠳᠠᠭᠤ ᠠᠴᠠ ᠠᠩᠭᠢᠵᠢᠷᠠᠭᠤᠯᠬᠤ ᠲᠣᠰᠬᠤᠨ ᠤ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠳᠠᠮᠵᠢᠨ᠎ᠠ  ᠃   2 . ᠴᠢᠬᠤᠯᠠ ᠪᠦᠬᠦᠢ ᠠᠶᠢᠯ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠠ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠎ᠡ  ᠃ ᠭᠤᠣᠯᠳᠠᠭᠤ ᠤᠰᠤ᠂ ᠴᠠᠬᠢᠯᠭᠠᠨ᠂ ᠵᠠᠮ᠂ ᠲᠣᠣᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠢᠵᠢ ᠪᠦᠷᠢᠳᠦᠭᠦᠯᠬᠦ ᠪᠡᠯᠡᠳᠬᠡᠮᠵᠢ ᠵᠢᠴᠢ ᠬᠤᠭ ᠨᠣᠪᠰᠢ  ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠮᠢᠳᠤᠷᠠᠯ ᠤᠨ ᠪᠡᠯᠡᠳᠬᠡᠮᠵᠢ ᠪᠠᠭᠲᠠᠨ᠎ᠠ  ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠠᠰᠤᠵᠢᠯ ᠤᠨ ᠦᠶᠯᠡᠴᠢᠯᠡᠭᠡ᠂ ᠰᠣᠶᠣᠯ ᠵᠡᠷᠭᠡ ᠠᠶᠢᠯ ᠲᠣᠰᠬᠤᠨ ᠤ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠤᠤᠯ ᠤᠨ ᠪᠠᠯᠠ ᠮᠥᠩᠭᠦ ᠶᠢᠨ ᠠᠷᠭ᠎ᠠ ᠵᠠᠮ ᠢᠶᠠᠷ ᠳᠡᠮᠵᠢᠨ᠎ᠡ  ᠃   3 . ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠥᠮᠦᠨ ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠵᠤ ᠦᠶᠯᠡᠰ ᠪᠣᠯᠤᠨ ᠦᠨᠳᠦᠰᠦᠲᠡᠨ ᠤ ᠠᠶᠢᠯ ᠲᠣᠰᠬᠤᠨ ᠤ ᠬᠥᠭᠵᠢᠯᠲᠡ᠂ ᠬᠦᠴᠢᠷᠳᠡᠯᠲᠡᠶ ᠣᠯᠠᠨ ᠲᠦᠮᠡᠨ ᠳᠣᠤᠷ᠎ᠠ ᠹᠯᠣᠷ ᠤᠨ ᠳᠠᠭᠠᠤ ᠳᠤ ᠴᠠᠶ ᠪᠣᠷᠣᠯᠠᠭᠤᠯᠬᠤ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠪᠣᠯᠤᠨ ᠬᠥᠭᠵᠢᠭᠡᠳᠦᠶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢ ᠪᠠᠬᠢᠵᠢᠭᠦᠯᠦᠨ ᠬᠥᠭᠵᠢᠭᠦᠯᠦᠨ᠎ᠡ  ᠃   4 . ᠰᠢᠶᠠᠨ ᠤ ᠱᠠᠲᠤᠨ ᠤ ᠬᠢᠨ ᠪᠡᠯᠡ ᠮᠥᠩᠭᠦ ᠪᠠᠨ ᠵᠣᠯᠭᠠᠭᠤᠯᠬᠤ ᠳᠤ ᠪᠠᠭᠰᠢ᠂ ᠡᠮᠴᠢ ᠵᠡᠷᠭᠡ ᠠᠵᠢᠯ ᠲᠥᠷᠥᠯ ᠤᠨ ᠬᠥᠮᠦᠰ ᠤᠨ ᠲᠡᠷᠢᠭᠦᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ ᠪᠣᠯᠤᠨ᠎ᠠ  ᠃   ᠳᠥᠷᠪᠡᠳᠦᠭᠡᠷ ᠵᠦᠶᠯ ᠵᠣᠯᠭᠠᠭᠤᠯᠬᠤ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠬᠤᠯᠪᠣᠭᠳᠠᠯ ᠦᠭᠡᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠂ ᠡᠭᠦᠨ ᠳᠤ᠄ ᠨᠢᠭᠡᠴᠢ ᠶᠢᠨ ᠦᠨᠳᠦᠰᠦᠨ ᠵᠠᠷᠤᠯᠭ᠎ᠠ᠂ ᠵᠠᠮ ᠬᠠᠷᠢᠯᠴᠠᠭᠠᠨ ᠤ ᠪᠠᠭᠠᠵᠢ ᠵᠢᠴᠢ ᠴᠢᠮᠡᠭᠡ ᠬᠤᠯᠪᠣᠭ᠎ᠠ ᠶᠢᠨ ᠲᠥᠬᠦᠭᠡᠷᠦᠮᠵᠢ᠂ ᠠᠰᠠᠷ ᠲᠠᠩᠬᠢᠮ ᠣᠷᠳᠣᠨ ᠪᠠᠭᠤᠳᠠᠯ ᠢ ᠪᠠᠶᠢᠭᠤᠯᠬᠤ᠂ ᠡᠯ᠎ᠡ ᠵᠦᠶᠯ ᠤᠨ ᠱᠠᠩᠨᠠᠯ ᠤᠨ ᠮᠥᠩᠭᠦ ᠨᠡᠮᠡᠭᠦᠷᠢ ᠮᠥᠩᠭᠦ ᠪᠠ ᠠᠰᠠᠷᠠᠮᠵᠢ ᠶᠢᠨ ᠨᠥᠬᠦᠪᠥᠷᠢ᠂ ᠥᠷᠢ ᠲᠥᠯᠥᠬᠦ᠂ ᠰᠠᠭᠤᠷᠢ ᠮᠥᠩᠭᠦ ᠪᠠᠶᠢᠭᠤᠯᠬᠤ ᠪᠠ ᠪᠡᠯᠡ ᠮᠥᠩᠭᠦ ᠣᠷᠣᠯᠠᠨ ᠥᠭᠬᠦ ᠵᠡᠷᠭᠡ ᠪᠠᠭᠲᠠᠨ᠎ᠠ  ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠥᠷᠢ ᠥᠭᠴᠡᠭᠡ ᠶᠢ ᠲᠥᠯᠥᠬᠦ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ  ᠃ᠭᠤᠷᠪᠠᠳᠤᠭᠠᠷ ᠪᠦᠯᠦᠭ   ᠪᠡᠯᠡ ᠮᠥᠩᠭᠦ ᠶᠢ ᠬᠤᠪᠢᠶᠠᠷᠢᠯᠠᠬᠤ ᠪᠠ ᠪᠠᠭᠤᠯᠭᠠᠬᠤ      ᠲᠠᠪᠤᠳᠤᠭᠠᠷ ᠵᠦᠶᠯ    ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠵᠣᠯᠭᠠᠭᠤᠯᠬᠤ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠪᠠ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠪᠠᠬᠢᠵᠢᠭᠦᠯᠦᠨ ᠥᠷᠭᠡᠳᠬᠡᠬᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ᠂ ᠴᠥᠭᠡᠨ ᠲᠣᠭᠠᠲᠤ ᠦᠨᠳᠦᠰᠦᠲᠡᠨ  ᠤ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠢᠨᠵᠧᠨᠧᠷᠢᠩ᠂ ᠬᠥᠭᠵᠢᠭᠡᠳᠦᠶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ ᠶᠢᠨ ᠶᠣᠰᠣᠭᠠᠷ ᠬᠤᠪᠢᠶᠠᠷᠢᠯᠠᠨ᠎ᠠ  ᠃ ᠰᠢᠶᠠᠨ ᠤ ᠲᠣᠰ ᠱᠠᠲᠤᠨ ᠤ ᠵᠣᠯᠭᠠᠯᠳᠤᠭᠤᠯᠬᠤ ᠪᠠᠯᠠ ᠮᠥᠩᠭᠦ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠪᠠ ᠳᠡᠮᠵᠢᠬᠦ ᠴᠢᠭᠯᠡᠯ ᠢ ᠦᠨᠳᠦᠰᠦᠯᠡᠨ ᠳᠡᠮᠵᠢᠬᠦ ᠠᠭᠤᠯᠭ᠎ᠠ ᠪᠠᠨ ᠲᠣᠭᠲᠠᠭᠠᠵᠤ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ( ᠳᠣᠷᠣᠭᠰᠢ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ ) ᠤᠨ ᠬᠤᠪᠢᠶᠠᠷᠢᠯᠠᠬᠤ ᠲᠥᠰᠦᠯ ᠢ ᠦᠨᠳᠦᠰᠦᠯᠡᠨ ᠪᠠᠯᠠ ᠮᠥᠩᠭᠦ ᠪᠠᠭᠤᠯᠭᠠᠨ᠎ᠠ  ᠃    ᠵᠢᠷᠭᠤᠳᠤᠭᠠᠷ ᠵᠦᠶᠯ    ᠵᠣᠯᠭᠠᠭᠤᠯᠬᠤ ᠪᠡᠯᠡ ᠮᠥᠩᠭᠦ ᠶᠢ ᠨᠢᠭᠡᠳᠦᠯᠲᠡᠶ ᠲᠣᠬᠢᠷᠠᠭᠤᠯᠤᠨ ᠬᠡᠷᠡᠭᠯᠡᠵᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ  ᠃ ᠰᠢᠶᠠᠩ ᠪᠠᠯᠭᠠᠰᠤ᠂ ᠲᠣᠰᠬᠤᠨ ᠤ ᠬᠡᠪᠴᠢᠶ᠎ᠡ ᠪᠣᠯᠤᠨ ᠲᠠᠷᠬᠠᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠲᠥᠷᠥᠯ ᠳᠡᠰ ᠬᠤᠪᠢᠶᠠᠨ ᠳᠡᠮᠵᠢᠬᠦ ᠶᠢ ᠬᠡᠷᠡᠭᠵᠢᠭᠦᠯᠦᠨ᠎ᠡ  ᠃ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠴᠢᠬᠤᠯᠠᠲᠠᠶ ᠰᠢᠶᠠᠩ ᠪᠠᠯᠭᠠᠰᠤ᠂ ᠲᠣᠰᠬᠤᠨ ᠳᠤ ᠢᠯᠡᠭᠦᠬᠡᠨ ᠳᠡᠮᠵᠢᠯᠭᠡ ᠦᠵᠡᠭᠦᠯᠬᠦ ᠬᠡᠷᠡᠭᠲᠡᠶ  ᠃ ᠡᠳ᠋ ᠤᠨ ᠵᠠᠰᠠᠭ ᠤᠨ ᠮᠠᠯ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ ᠬᠡᠷᠡᠭᠯᠡᠬᠦ ᠲᠤᠷᠰᠢᠯᠲᠠ ᠶᠢᠨ ᠠᠵᠢᠯ ᠢ ᠦᠷᠭᠦᠯᠵᠢᠯᠡᠨ ᠲᠣᠭᠲᠠᠭᠠᠯ ᠶᠣᠰᠣᠭᠠᠷ ᠥᠷᠨᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ  ᠃   ᠳᠣᠯᠣᠳᠤᠭᠠᠷ ᠵᠦᠶᠯ    ᠵᠣᠯᠭᠠᠭᠤᠯᠬᠤ ᠪᠡᠯᠡ ᠮᠥᠩᠭᠦ ᠶᠢ ᠬᠤᠪᠢᠶᠠᠷᠢᠯᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠲᠣᠰᠬᠤᠨ ᠪᠠ ᠶᠠᠳᠠᠭᠤ ᠬᠦᠴᠢᠷᠳᠡᠯᠲᠡᠶ ᠪᠤᠰᠤ ᠲᠣᠰᠬᠤᠨ ᠤ ᠪᠣᠳᠠᠲᠤ ᠪᠠᠶᠢᠳᠠᠯ ᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠬᠤ ᠬᠡᠷᠡᠭᠲᠡᠶ  ᠃ ᠵᠣᠯᠭᠠᠯᠳᠤᠭᠤᠯᠬᠤ ᠪᠠᠯᠠ ᠮᠥᠩᠭᠦ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠯ ᠢ ᠰᠢᠶᠠᠨ ᠤ ᠵᠠᠰᠠᠭ ᠤᠨ ᠣᠷᠳᠣᠨ ᠪᠤᠶᠤ ᠬᠤᠯᠪᠣᠭᠳᠠᠯ ᠪᠥᠬᠦᠶ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠰᠢᠶᠡᠷᠡᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ 30 % ᠠᠴᠠ ᠥᠯᠥ ᠬᠡᠲᠦᠷᠡᠬᠦ ᠵᠣᠯᠭᠠᠯᠳᠤᠭᠤᠯᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠪᠤᠰᠤ ᠲᠣᠰᠬᠤᠨ ᠤ ᠠᠵᠤ ᠦᠶᠯᠡᠰ ᠬᠥᠭᠵᠢᠭᠦᠯᠬᠦ ᠶᠢ ᠳᠡᠮᠵᠢᠵᠦ᠂ ᠴᠢᠬᠤᠯᠠ ᠪᠥᠬᠦᠶ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠵᠢᠴᠢ ᠪᠥᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢᠨ ᠬᠤᠯᠪᠣᠭᠳᠠᠯ ᠪᠥᠬᠦᠶ ᠲᠥᠷᠥᠯ ᠵᠦᠶᠯ ᠢ ᠨᠥᠬᠦᠪᠥᠷᠢᠯᠡᠵᠦ ᠪᠣᠯᠤᠨ᠎ᠠ  ᠃   ᠨᠠᠶᠮᠠᠳᠤᠭᠠᠷ ᠵᠦᠶᠯ    ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠰᠦᠪ ᠤᠨ ᠲᠣᠬᠢᠷᠠᠭᠤᠯᠤᠯᠲᠠ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠭᠤᠯᠭ᠎ᠠ ᠶᠢᠨ ᠲᠥᠰᠦᠯ ᠪᠣᠯᠤᠨ ᠪᠠᠭᠤᠯᠭᠠᠭᠰᠠᠨ ᠪᠡᠯᠡ ᠮᠥᠩᠭᠦ ᠶᠢ ᠬᠢᠨᠠᠬᠤ  ᠶᠢ ᠬᠠᠷᠢᠭᠤᠴᠠᠵᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢ ᠵᠢᠯᠣᠭᠤᠳᠴᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ  ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠠᠯᠠ ᠮᠥᠩᠭᠦ ᠬᠤᠪᠢᠶᠠᠷᠢᠯᠠᠬᠤ ᠰᠠᠨᠠᠭᠤᠯᠭ᠎ᠠ ᠶᠢᠨ ᠲᠥᠰᠦᠯ᠂ ᠪᠠᠯᠠ ᠮᠥᠩᠭᠦ ᠪᠠ ᠲᠥᠷᠥᠯ ᠵᠦᠶᠯ ᠢ ᠬᠡᠷᠡᠭᠯᠡᠵᠦ ᠬᠠᠮᠢᠶᠠᠷᠬᠤ ᠵᠡᠷᠭᠡ ᠠᠵᠢᠯ ᠢ ᠬᠠᠷᠢᠭᠤᠴᠠᠨ ᠳᠤᠷᠠᠳᠴᠤ᠂ ᠡᠷᠬᠡ ᠬᠠᠷᠢᠭᠤᠴᠠᠯᠭ᠎ᠠ ᠶᠢ ᠠᠳᠠᠯᠢ ᠪᠠᠶᠢᠯᠭᠠᠬᠤ ᠵᠠᠷᠴᠢᠮ ᠶᠣᠰᠣᠭᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ  ᠃    ᠶᠢᠰᠦᠳᠦᠭᠡᠷ ᠵᠦᠶᠯ    ᠲᠦᠴᠢᠦᠸᠠᠨ ᠰᠢᠶᠠᠨ ᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠵᠣᠯᠭᠠᠭᠤᠯᠬᠤ ᠪᠡᠯᠡ ᠮᠥᠩᠭᠦ ᠶᠢᠨ ᠭᠦᠶᠴᠡᠳᠬᠡᠬᠦ ᠲᠤᠭ᠎ᠠ ᠶᠢ ᠭᠠᠷᠳᠠᠭᠰᠠᠨ ᠤ ᠳᠠᠷᠠᠭ᠎ᠠ ᠬᠤᠪᠢᠶᠠᠷᠢᠯᠠᠬᠤ ᠲᠥᠰᠦᠯ ᠢᠶᠠᠨ ᠴᠠᠭ ᠲᠤᠬᠠᠶ ᠳᠤᠨᠢ ᠬᠠᠩᠭᠠᠬᠤ ᠬᠡᠷᠡᠭᠲᠡᠶ  ᠃ ᠰᠢᠶᠠᠨ ᠤ ᠱᠠᠲᠤ ᠨᠢ ᠳᠡᠭᠡᠳᠦ ᠱᠠᠲᠤᠨ ᠤ ᠵᠣᠯᠭᠠᠯᠳᠤᠭᠤᠯᠬᠤ ᠪᠡᠯᠡ ᠮᠥᠩᠭᠦ ᠶᠢ ᠬᠦᠯᠢᠶᠡᠨ ᠠᠪᠤᠭᠰᠠᠨ 30 ᠡᠳᠦᠷ ᠤᠨ ᠳᠣᠲᠣᠷ᠎ᠠ ᠰᠠᠯᠠᠭ᠎ᠠ ᠮᠥᠴᠢᠷ ᠤᠨ ᠳᠤᠷᠠᠳᠤᠭᠰᠠᠨ ᠬᠤᠪᠢᠶᠠᠷᠢᠯᠠᠬᠤ ᠰᠠᠨᠠᠯ ᠢ ᠦᠨᠳᠦᠰᠦᠯᠡᠨ ᠪᠡᠯᠡ ᠮᠥᠩᠭᠦ ᠶᠢ ᠲᠥᠷᠥᠯ ᠵᠦᠢᠯ ᠢ ᠪᠣᠳᠠᠲᠠᠶ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠳᠤ ᠵᠠᠳᠠᠯᠤᠨ ᠪᠠᠭᠤᠯᠭᠠᠬᠤ ᠬᠡᠷᠡᠭᠲᠡᠶ  ᠃   ᠠᠷᠪᠠᠳᠤᠭᠠᠷ ᠵᠦᠶᠯ     ᠪᠡᠯᠡ ᠮᠥᠩᠭᠦ ᠶᠢ ᠥᠭᠬᠦ ᠯᠦᠭᠡ ᠵᠣᠯᠭᠠᠯᠳᠤᠭᠤᠯᠬᠤ ᠬᠠᠮᠢᠶᠠᠷᠤᠯᠲᠠ ᠶᠢ ᠡᠳ᠋ ᠤᠨ ᠵᠠᠰᠠᠭ  ᠤᠨ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ  ᠃ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠᠯᠠ ᠮᠥᠩᠭᠦ ᠶᠢ ᠪᠣᠯ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ  ᠃    ᠳᠥᠷᠪᠡᠳᠦᠭᠡᠷ ᠪᠦᠯᠦᠭ   ᠲᠥᠷᠥᠯ ᠵᠦᠶᠯ ᠤᠨ ᠬᠠᠮᠢᠶᠠᠷᠤᠯᠲᠠ   ᠠᠷᠪᠠᠨ ᠨᠢᠭᠡᠳᠦᠭᠡᠷ ᠵᠦᠶᠯ ᠲᠦᠴᠢᠦᠸᠠᠨ ᠰᠢᠶᠠᠨ ᠤ ᠡᠯ᠎ᠡ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠠᠵᠢᠯ ᠲᠥᠷᠥᠯ ᠤᠨ ᠢᠶᠠᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠲᠥᠷᠥᠯ ᠵᠦᠶᠯ ᠢ ᠬᠥᠮᠥᠷᠭᠡ ᠳᠤ ᠣᠷᠣᠭᠤᠯᠬᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠲᠥᠷᠥᠯ ᠵᠦᠶᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠥᠷᠥᠯ ᠵᠦᠶᠯ ᠤᠨ ᠬᠥᠮᠥᠷᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ  ᠃ ᠡᠯ᠎ᠡ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠳ ᠲᠥᠷᠥᠯ ᠵᠦᠶᠯ ᠤᠨ ᠨᠥᠭᠡᠴᠡ ᠪᠠᠨ ᠤᠷᠢᠳᠴᠢᠯᠠᠨ ᠰᠠᠶᠢᠲᠤᠷ ᠬᠢᠵᠦ᠂ ᠲᠥᠷᠥᠯ ᠵᠦᠶᠯ ᠤᠨ ᠨᠤᠲᠠᠯᠠᠯᠲᠠ ᠶᠢ ᠬᠥᠮᠥᠷᠭᠡ ᠳᠤ ᠣᠷᠣᠭᠤᠯᠬᠤ ᠶᠢ ᠴᠢᠩᠳᠠᠯᠠᠵᠤ᠂ ᠬᠥᠮᠥᠷᠭᠡ ᠳᠤ ᠣᠷᠣᠭᠤᠯᠬᠤ ᠠᠴᠠ ᠡᠮᠦᠨ᠎ᠡ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ( ᠲᠥᠷᠥᠯ ᠵᠦᠶᠯ ᠤᠨ ᠰᠠᠨᠠᠭᠤᠯᠭ᠎ᠠ ᠶᠢᠨ ᠪᠢᠴᠢᠭ ᠪᠤᠶᠤ ᠬᠡᠷᠡᠭᠵᠢᠭᠦᠯᠬᠦ ᠲᠥᠰᠦᠯ ) ᠶᠢ ᠨᠠᠶᠢᠷᠠᠭᠤᠯᠤᠨ ᠵᠣᠬᠢᠶᠠᠵᠤ᠂ ᠲᠥᠷᠥᠯ ᠵᠦᠶᠯ ᠪᠠᠶᠢᠭᠤᠯᠬᠤ ᠶᠢ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠬᠦ ᠬᠡᠷᠡᠭᠲᠡᠶ︔ ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠤᠭᠰᠠᠨ ᠲᠥᠷᠥᠯ ᠵᠦᠶᠯ ᠳᠤ ᠪᠦᠲᠦᠭᠡᠨ ᠪᠠᠶᠢᠭᠤᠯᠬᠤ ᠠᠭᠤᠯᠭ᠎ᠠ᠂ ᠪᠡᠯᠡ ᠣᠷᠣᠭᠤᠯᠤᠯᠲᠠ ᠶᠢᠨ ᠲᠣᠶᠢᠮᠣ ᠲᠥᠰᠦᠪ᠂ ᠵᠢᠱᠢᠭᠰᠡᠨ ᠠᠮᠵᠢᠯᠲᠠ ᠪᠦᠲᠦᠮᠵᠢ ᠶᠢᠨ ᠬᠠᠷᠠᠯᠲᠠ᠂ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ᠂ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠵᠡᠷᠭᠡ ᠶᠢ ᠲᠣᠳᠣᠷᠬᠠᠶᠢᠯᠠᠵᠤ᠂ ᠡᠨᠧᠷᠭᠢ  ᠶᠢᠨ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠭᠠᠵᠠᠷ ᠬᠡᠷᠡᠭᠯᠡᠬᠦ ᠵᠡᠷᠭᠡ ᠶᠢᠨ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠬᠦ ᠬᠡᠷᠡᠭᠲᠡᠶ  ᠃ ᠰᠢᠶᠠᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠵᠢᠯ ᠪᠦᠷᠢ ᠶᠢᠨ 11ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠢ ᠬᠢᠨᠠᠨ ᠬᠠᠷᠭᠤᠭᠤᠯᠵᠤ ᠬᠥᠮᠥᠷᠭᠡ ᠳᠤ ᠣᠷᠣᠭᠤᠯᠬᠤ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠲᠥᠷᠥᠯ ᠵᠦᠢᠯ ᠢ ᠬᠥᠮᠥᠷᠭᠡ ᠳᠤ ᠣᠷᠣᠭᠤᠯᠤᠭᠰᠠᠨ ᠪᠠᠶᠢᠳᠠᠯ ᠢ ᠳᠠᠷᠠᠭ᠎ᠠ ᠨᠢᠭᠡ ᠵᠢᠯ ᠤᠨ ᠪᠡᠯᠡ ᠮᠥᠩᠭᠦ ᠬᠤᠪᠢᠶᠠᠷᠢᠯᠠᠬᠤ ᠬᠦᠴᠦᠨ ᠵᠦᠢᠯ ᠪᠣᠯᠭᠠᠨ᠎ᠠ  ᠃   ᠠᠷᠪᠠᠨ ᠬᠤᠶᠠᠳᠤᠭᠠᠷ ᠵᠦᠶᠯ ᠪᠠᠯᠠ ᠮᠥᠩᠭᠦ ᠶᠢᠨ ᠳᠡᠮᠵᠢᠯᠭᠡ ᠶᠢ ᠵᠣᠯᠭᠠᠭᠤᠯᠬᠤ ᠲᠥᠷᠥᠯ ᠵᠦᠶᠯ ᠢ ᠵᠠᠷᠴᠢᠮ ᠳᠡᠭᠡᠷ᠎ᠡ ᠪᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠤᠨ ᠬᠥᠮᠥᠷᠭᠡ ᠠᠴᠠ ᠰᠣᠩᠭᠤᠬᠤ ᠶᠢᠨ ᠬᠠᠮᠲᠤ᠂ ᠲᠣᠰ ᠠᠷᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ  ᠃ ᠡᠯ᠎ᠡ ᠰᠠᠯᠠᠭ᠎ᠠ ᠮᠥᠴᠢᠷ ᠤᠳ 1 % ᠠᠴᠠ ᠦᠯᠦ ᠬᠡᠲᠦᠷᠡᠬᠦ ᠬᠠᠷᠢᠴᠠᠯ ᠶᠣᠰᠣᠭᠠᠷ ᠲᠥᠪ᠂ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢᠨ ᠳᠣᠲᠣᠷ᠎ᠠ ᠠᠴᠠ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ ᠢ ᠭᠤᠣᠯᠳᠠᠭᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ᠂ ᠬᠢᠨᠠᠨ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ᠂ ᠬᠢᠨᠠᠨ ᠬᠠᠮᠢᠶᠠᠷᠬᠤ ᠵᠢᠴᠢ ᠰᠢᠯᠭᠠᠨ ᠠᠪᠬᠤ ᠵᠡᠷᠭᠡ ᠲᠥᠷᠥᠯ ᠵᠦᠢᠯ ᠤᠨ ᠬᠠᠮᠢᠶᠠᠷᠤᠯᠲᠠ ᠯᠤᠭ᠎ᠠ ᠬᠤᠯᠪᠣᠭᠳᠠᠬᠤ ᠵᠠᠷᠤᠯᠭ᠎ᠠ ᠳᠤ ᠬᠡᠷᠡᠭᠯᠡᠬᠦ ᠬᠡᠷᠡᠭᠲᠡᠶ  ᠃   ᠠᠷᠪᠠᠨ ᠭᠤᠷᠪᠠᠳᠤᠭᠠᠷ ᠵᠦᠶᠯ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠬᠡᠪᠴᠢᠶᠡᠨ ᠳᠤ ᠬᠠᠷᠢᠶᠠᠯᠠᠭᠳᠠᠬᠤ ᠵᠦᠶᠯᠡᠰ ᠲᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠂ ᠭᠠᠴᠠᠭᠠᠨ ᠤ ᠱᠠᠲᠤᠨ ᠤ ᠵᠢᠵᠢᠭ ᠬᠡᠯᠪᠡᠷᠢ ᠶᠢᠨ ᠵᠦᠶᠯᠡᠰ ᠨᠢ ᠭᠠᠴᠠᠭᠠᠨ ᠤ ᠠᠷᠠᠳ ᠤᠨ ᠠᠷᠠᠳᠴᠢᠯᠠᠯ ᠢᠶᠠᠷ ᠬᠡᠷᠡᠭ ᠵᠥᠪᠯᠡᠬᠦ ᠬᠡᠯᠪᠡᠷᠢ ᠪᠠᠷ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ  ᠳᠤ ᠰᠢᠭᠤᠳ ᠨᠠᠶᠢᠳᠠᠵᠤ ᠥᠪᠡᠰᠦᠪᠡᠨ ᠪᠠᠶᠢᠭᠤᠯᠵᠤ ᠥᠪᠡᠰᠦᠪᠡᠨ ᠡᠵᠡᠩᠨᠡᠭᠦᠯᠵᠦ ᠪᠣᠯᠤᠨ᠎ᠠ  ᠃ ᠲᠠᠪᠤᠳᠤᠭᠠᠷ ᠪᠦᠯᠦᠭ    ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠵᠤ ᠦᠨᠡᠯᠡᠬᠦ     ᠠᠷᠪᠠᠨ ᠳᠥᠷᠪᠡᠳᠦᠭᠡᠷ ᠵᠦᠢᠯ   ᠡᠯ᠎ᠡ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠥᠰᠦᠪ ᠤᠨ ᠬᠡᠷᠡᠭᠵᠢᠭᠦᠯᠦᠯᠲᠡ  ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠠᠴᠠ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢᠨ ᠲᠣᠭᠲᠠᠭᠠᠯ ᠳᠤ ᠱᠠᠭᠠᠷᠳᠠᠭᠰᠠᠨ ᠠᠴᠠ ᠳᠣᠣᠷ᠎ᠠ ᠪᠠᠶᠢᠭ᠎ᠠ ᠭᠠᠵᠠᠷ ᠣᠷᠣᠨ ᠳᠤ ᠪᠣᠯ ᠡᠭᠡᠭᠦᠯᠦᠨ ᠬᠤᠷᠢᠶᠠᠬᠤ᠂ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ ᠢᠭ ᠢ ᠠᠪᠴᠤ ᠪᠡᠯᠡ ᠮᠥᠩᠭᠦ ᠶᠢᠨ ᠬᠡᠷᠡᠭᠵᠢᠭᠦᠯᠦᠯᠲᠡ ᠶᠢᠨ ᠠᠬᠢᠴᠠ ᠪᠠᠷ ᠲᠦᠷᠭᠡᠨ ᠭᠠᠵᠠᠷ ᠣᠷᠣᠨ ᠢ ᠳᠡᠮᠵᠢᠬᠦ ᠳᠤ ᠬᠡᠷᠡᠭᠯᠡᠬᠦ ᠶᠢᠨ ᠬᠠᠮᠲᠤ ᠪᠣᠯᠵᠣᠨ ᠶᠠᠷᠢᠯᠴᠠᠵᠤ᠂ ᠨᠡᠪᠲᠡᠷᠡᠭᠦᠯᠬᠦ ᠬᠡᠷᠡᠭᠲᠡᠶ  ᠃    ᠠᠷᠪᠠᠨ ᠲᠠᠪᠤᠳᠤᠭᠠᠷ ᠵᠦᠶᠯ    ᠲᠥᠷᠥᠯ ᠵᠦᠶᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠴᠢᠩᠭᠠᠷᠠᠭᠤᠯᠵᠤ᠂ ᠪᠠᠯᠠ ᠮᠥᠩᠭᠦ ᠶᠢᠨ ᠣᠷᠣᠭᠤᠯᠤᠯᠲᠠ ᠪᠠᠷ ᠪᠣᠶ ᠪᠣᠯᠤᠭᠰᠠᠨ ᠲᠥᠷᠥᠯ ᠵᠦᠶᠯ ᠤᠨ ᠡᠳ᠋ ᠬᠥᠷᠥᠩᠭᠡ  ᠶᠢ ᠶᠠᠳᠠᠭᠤ ᠶᠢ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠣᠲᠣ ᠶᠢᠨ ᠪᠠᠶᠢᠭ᠎ᠠ ᠲᠦᠷᠢᠮ ᠤᠨ ᠪᠦᠳᠦᠭᠦᠪᠴᠢ ᠬᠠᠮᠢᠶᠠᠷᠤᠯᠲᠠ ᠳᠤ ᠣᠷᠣᠭᠤᠯᠤᠨ᠎ᠠ  ᠃    ᠠᠷᠪᠠᠨ ᠵᠢᠷᠭᠤᠳᠤᠭᠠᠷ ᠵᠦᠶᠯ    ᠢᠯᠡ ᠨᠡᠶᠢᠲᠡᠯᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠬᠠᠮᠢᠶᠠᠷᠤᠯᠲᠠ ᠶᠢᠨ ᠲᠦᠷᠢᠮ᠂ ᠪᠠᠯᠠ ᠮᠥᠩᠭᠦ  ᠶᠢᠨ ᠬᠤᠪᠢᠶᠠᠷᠢᠯᠠᠯᠲᠠ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ  ᠃    ᠠᠷᠪᠠᠨ ᠳᠣᠯᠣᠳᠤᠭᠠᠷ ᠵᠦᠶᠯ    ᠡᠯ᠎ᠡ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠳ ᠵᠣᠯᠭᠠᠭᠤᠯᠬᠤ ᠪᠡᠯᠡ ᠮᠥᠩᠭᠦ ᠪᠠ ᠲᠦᠷᠦᠯ ᠵᠦᠶᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠠᠮᠵᠢᠯᠲᠠ ᠪᠦᠲᠦᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ  ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠭᠲᠠᠭᠠᠯ ᠶᠣᠰᠣᠭᠠᠷ ᠲᠦᠷᠦᠯ ᠵᠦᠶᠯ  ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠭᠲᠠᠭᠠᠨ᠂ ᠠᠮᠵᠢᠯᠲᠠ ᠪᠦᠲᠦᠮᠵᠢ ᠶᠢᠨ ᠬᠢᠨᠠᠨ ᠡᠵᠡᠮᠳᠡᠬᠦ ᠪᠠ ᠦᠨᠡᠯᠡᠬᠦ ᠶᠢ ᠴᠢᠩᠭᠠᠷᠠᠭᠤᠯᠵᠤ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ  ᠶᠢ ᠴᠢᠩᠭᠠᠳᠬᠠᠨ᠂ ᠪᠡᠯᠡ ᠮᠥᠩᠭᠦ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ  ᠃   ᠠᠷᠪᠠᠨ ᠨᠠᠢᠮᠠᠳᠤᠭᠠᠷ ᠵᠦᠢᠯ    ᠰᠢᠶᠠᠨ ᠤ ᠡᠳ᠋ ᠤᠨ ᠵᠠᠰᠠᠭ ᠪᠠ ᠡᠯ᠎ᠡ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠱᠠᠭᠠᠷᠳᠠᠯᠭ᠎ᠠ ᠶᠣᠰᠣᠭᠠᠷ ᠬᠢᠨᠠᠨ ᠪᠤᠳᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠪᠠᠶᠢᠴᠠᠭᠠᠬᠤ ᠪᠠᠶᠢᠭᠤᠯᠭ᠎ᠠ ᠲᠠᠢ ᠬᠠᠮᠵᠢᠯᠴᠠᠨ ᠪᠡᠯᠡ ᠮᠥᠩᠭᠦ ᠪᠠ ᠵᠦᠢᠯᠡᠰ ᠢ ᠵᠣᠯᠭᠠᠯᠳᠤᠭᠤᠯᠬᠤ ᠬᠢᠨᠠᠨ ᠪᠤᠳᠤᠬᠤ᠂ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠨ᠎ᠠ  ᠃ ᠰᠢᠶᠠᠨ ᠤ ᠡᠳ ᠤᠨ ᠵᠠᠰᠠᠭ ᠪᠣᠯᠤᠨ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯᠲᠠᠨ ᠪᠡᠯᠡ ᠮᠥᠩᠭᠦ ᠶᠢᠨ ᠬᠤᠪᠢᠶᠠᠷᠢᠯᠠᠯᠲᠠ᠂ ᠬᠡᠷᠡᠭᠯᠡᠯᠲᠡ ᠬᠠᠮᠢᠶᠠᠷᠤᠯᠲᠠ ᠵᠡᠷᠭᠡ ᠶᠢ ᠵᠣᠯᠭᠠᠭᠤᠯᠬᠤ ᠠᠵᠢᠯ ᠤᠨ ᠳᠤᠮᠳᠠ᠂ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠵᠢᠴᠢ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠣᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ  ᠃ ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ   ᠠᠷᠪᠠ ᠶᠢᠰᠦᠳᠦᠭᠡᠷ ᠵᠦᠶᠯ   ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠰᠢᠶᠠᠨ  ᠤ ᠡᠳ᠋ ᠤᠨ ᠵᠠᠰᠠᠭ ᠤᠨ ᠲᠣᠪᠴᠢᠶ᠎ᠠ ᠠᠴᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ  ᠃   ᠬᠤᠷᠢᠳᠤᠭᠠᠷ ᠵᠦᠢᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ  ᠃ 《 ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ 〈 ᠡᠳ᠋ ᠤᠨ ᠵᠠᠰᠠᠭ ᠢ ᠵᠣᠯᠭᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠠᠯᠠ ᠮᠥᠩᠭᠦ ᠶᠢ ᠬᠠᠮᠢᠶᠠᠷᠬᠤ ᠠᠷᠭ᠎ᠠ 〉 ᠶᠢᠨ ᠮᠡᠳᠡᠭᠳᠡᠯ 》 ( ᠭᠡᠨᠡᠳᠲᠡ ᠶᠢᠨ ᠵᠠᠰᠠᠭ ᠠᠯᠪᠠᠨ ᠲᠠᠷᠬᠠᠭᠠᠭᠰᠠᠨ 202184 ᠳ᠋ᠦ᠋ᠭᠡᠷ ᠲᠣᠭᠠᠲᠤ ) ᠢ ᠬᠠᠮᠲᠤ ᠳᠤᠨᠢ ᠬᠦᠴᠦᠨ ᠥᠬᠡᠶ ᠪᠣᠯᠭᠠᠨ᠎ᠠ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号